ᠬᠠᠮᠢᠶᠠᠷᠣᠯᠳᠠ ᠶᠢᠨ ᠣᠷᠣᠨ ᠠᠴᠠ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠯᠡᠬᠦ ᠨᠠᠶᠢᠷᠠᠯ ᠲᠠᠭᠤᠣ ᠶᠢᠨ ᠪᠦᠯᠬᠦᠮ ᠤᠨ ᠲᠣᠰᠬᠠᠢ ᠲᠠᠯᠠᠪᠣᠷᠳᠣ ᠣᠳᠬ᠎ᠠ ᠣᠷᠠᠯᠢᠭ ᠤᠨ ᠦᠳᠡᠰᠢᠯᠡᠯᠬᠡ ᠡᠷᠬᠢᠯᠡᠪᠡ
ᠨᠡᠶᠢᠲᠡᠯᠡᠭᠰᠡᠨ ᠴᠠᠭ᠄
2017/6/22
 ᠬᠠᠮᠢᠶᠠᠷᠣᠯᠳᠠ ᠶᠢᠨ ᠣᠷᠣᠨ ᠠᠴᠠ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠯᠡᠬᠦ ᠨᠠᠶᠢᠷᠠᠯ ᠲᠠᠭᠤᠣ ᠶᠢᠨ ᠪᠦᠯᠬᠦᠮ ᠤᠨ ᠲᠣᠰᠬᠠᠢ ᠲᠠᠯᠠᠪᠣᠷᠳᠣ ᠣᠳᠬ᠎ᠠ ᠣᠷᠠᠯᠢᠭ ᠤᠨ ᠦᠳᠡᠰᠢᠯᠡᠯᠬᠡ ᠡᠷᠬᠢᠯᠡᠪᠡ      6 ᠰᠠᠷ᠎ᠠ ᠶᠢᠨ 16᠎ ᠤ ᠣᠷᠣᠢ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠯᠡᠬᠦ ᠣᠯᠠᠭᠠᠢ ᠶᠢᠨ ᠨᠠᠶᠢᠷᠠᠯ ᠲᠠᠭᠤᠣ ᠶᠢᠨ ᠪᠦᠯᠬᠦᠮ ᠤᠨ ᠲᠣᠰᠬᠠᠢ ᠲᠠᠯᠠᠪᠣᠷᠳᠣ ᠣᠳᠬ᠎ᠠ ᠣᠷᠠᠯᠢᠭ ᠤᠨ ᠦᠳᠡᠰᠢᠯᠡᠯᠬᠡ ᠬᠠᠮᠢᠶᠠᠷᠣᠯᠳᠠ ᠶᠢᠨ ᠣᠷᠣᠨ ᠤ ᠰᠣᠶᠣᠯ ᠤᠨ ᠬᠦᠳᠡᠯᠬᠡᠬᠡᠨ ᠤ ᠲᠦᠪ ᠲᠤ ᠰᠦᠷ ᠲᠠᠯᠠᠶᠢᠴᠠ ᠲᠠᠢ ᠶᠠᠪᠣᠭᠳᠠᠪᠠ᠃ ᠬᠠᠮᠢᠶᠠᠷᠣᠯᠳᠠ ᠶᠢᠨ ᠣᠷᠣᠨ ᠤ ᠲᠠᠷᠤᠭ᠎ᠠ ᠣᠳᠣᠷᠢᠳᠣᠯᠭ᠎ᠠ ᠨᠠᠷ ᠪᠣᠯᠣᠨ ᠨᠡᠶᠢᠬᠡᠮ ᠎ ᠤᠨ ᠡᠯ᠎ᠡ ᠪᠠᠶᠢᠷᠢᠨ ᠲᠡᠭᠡᠷᠡᠬᠢ ᠠᠷᠠᠳ ᠲᠦᠮᠡᠨ ᠬᠠᠮᠳᠣ ᠪᠠᠷ ᠲᠣᠭᠯᠠᠯᠳᠠ ᠶᠢ ᠰᠣᠨᠢᠷᠬᠠᠪᠠ᠃ ᠦᠳᠡᠰᠢᠯᠡᠯᠬᠡ ᠲᠡᠭᠡᠷ᠎ᠡ ︽ᠰᠢᠯᠢ ᠶᠢᠨ ᠭᠤᠣᠯ ᠤᠨ ᠲᠠᠯ᠎ᠠ ᠨᠣᠳᠤᠭ︾ ︽ᠮᠡᠣ ᠲᠡᠷᠢᠬᠦᠯᠡᠭᠴᠢ ᠤᠨ ᠲᠦᠮᠡᠨ ᠨᠠᠰᠣᠯᠠᠬᠤ ᠶᠢ ᠬᠦᠨᠳᠦᠯᠡᠨ ᠢᠷᠦᠬᠡᠶ᠎ᠡ︾ ︽ᠵᠡᠬᠦᠳᠣᠨ ᠳᠤ ᠡᠷᠬᠢᠴᠡᠭᠰᠡᠨ ᠲᠠᠯ᠎ᠠ ᠨᠣᠳᠤᠭ︾ ︽ᠺᠧ ᠴᠢᠦ ᠱᠠ︾ ︽ᠦᠵᠡᠰᠬᠦᠯᠡᠩ ᠰᠠᠶᠢᠬᠠᠨ ᠬᠦᠬᠡ ᠮᠣᠷᠢ︾ ︽ ᠬᠢᠯᠪᠠᠭᠠᠳᠣ ᠰᠢᠯᠢ ᠶᠢᠨ ᠭᠤᠣᠯ︾ ᠵᠡᠷᠬᠡ 15 ᠰᠢᠯᠢᠳᠡᠭ ᠲᠠᠭᠤᠣ ᠪᠠᠷ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠳᠤ ᠣᠯᠣᠭᠰᠠᠨ ᠠᠭᠤᠣ ᠶᠡᠭᠡ ᠠᠮᠵᠢᠯᠳᠠ ᠶᠢ ᠮᠠᠭᠳᠠᠨ ᠲᠠᠭᠤᠯᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号