ᠣᠯᠠᠭᠠᠢ ᠶᠢᠨ ᠭᠤᠷᠪᠠᠳᠣᠭᠠᠷ ᠬᠤᠭᠤᠴᠠᠭᠠᠨ ᠤ ᠠᠷᠮᠠᠢ ᠶᠢᠨ ᠰᠡᠬᠡᠬᠡᠳᠡᠨ ᠤ ᠰᠣᠶᠣᠯ ᠤᠨ ᠪᠠᠶᠠᠷ
ᠨᠡᠶᠢᠲᠡᠯᠡᠭᠰᠡᠨ ᠴᠠᠭ᠄
2017/7/20
     ᠠᠷᠮᠠᠢ ᠶᠢᠨ ᠰᠡᠬᠡᠬᠡᠳᠡᠨ ᠵᠠᠯᠠᠭᠤᠰ ᠤᠨ ᠰᠣᠶᠣᠯ ᠢ ᠣᠯᠠᠮ ᠨᠢᠬᠡ ᠠᠯᠬᠤᠮ ᠪᠠᠳᠠᠷᠠᠭᠤᠯᠬᠤ᠂ ᠰᠡᠬᠡᠬᠡᠳᠡᠨ ᠵᠠᠯᠠᠭᠤᠰ ᠤᠨ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠢ ᠨᠡᠬᠡᠬᠡᠬᠦ᠂ ᠣᠯᠠᠭᠠᠢ ᠶᠢᠨ ᠠᠷᠮᠠᠢ ᠶᠢᠨ ᠣᠨᠴᠠᠯᠢᠭ ᠢ ᠴᠣᠭᠴᠠᠯᠠᠬᠤ ᠶᠢᠨ ᠲᠦᠯᠦᠬᠡ᠂ 7 ᠰᠠᠷ᠎ᠠ ᠶᠢᠨ 18 ᠤ ᠡᠳᠣᠷ᠂ ᠣᠯᠠᠭᠠᠢ ᠶᠢᠨ ᠭᠤᠷᠪᠠᠳᠣᠭᠠᠷ ᠬᠤᠭᠤᠴᠠᠭᠠᠨ ᠤ ᠠᠷᠮᠠᠢ ᠶᠢᠨ ᠰᠡᠬᠡᠬᠡᠳᠡᠨ ᠤ ᠰᠣᠶᠣᠯ ᠤᠨ ᠪᠠᠶᠠᠷ ᠣᠯᠠᠨ ᠲᠣᠬᠤᠢ ᠦᠵᠡᠮᠵᠢ ᠶᠢᠨ ᠣᠷᠣᠨ ᠤ ᠰᠡᠬᠡᠬᠡᠳᠡᠨ ᠤ ᠵᠢᠵᠢᠭ ᠪᠠᠯᠭᠠᠰᠣᠨ ᠳᠤ ᠬᠦᠰᠢᠬᠡ ᠰᠡᠬᠦᠪᠡ᠃ ᠬᠠᠮᠢᠶᠠᠷᠣᠯᠳᠠ ᠶᠢᠨ ᠣᠷᠣᠨ ᠤ ᠰᠣᠶᠣᠯ ᠲᠠᠮᠢᠷ ᠷᠠᠳᠢᠤ᠋ ᠲᠧᠯᠸᠢᠰ ᠵᠢᠭᠤᠯᠴᠢᠯᠠᠯ  ᠤᠨ ᠲᠣᠪᠴᠢᠶ᠎ᠠ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ᠂ ᠣᠯᠠᠨ ᠲᠣᠬᠤᠢ ᠦᠵᠡᠮᠵᠢ ᠶᠢᠨ ᠣᠷᠣᠨ ᠵᠢᠴᠢ 30 ᠭᠠᠷᠣᠢ ᠪᠦᠬᠦ ᠣᠯᠣᠰ ᠤᠨ ᠡᠯ᠎ᠡ ᠭᠠᠵᠠᠷ ᠣᠷᠣᠨ ᠤ ᠨᠠᠰᠣᠳᠠᠢ ᠰᠡᠬᠡᠬᠡᠳᠡᠨ᠂ ᠠᠬᠠᠮᠠᠳ ᠪᠠᠶᠢᠯᠳᠣᠭᠴᠢ ᠨᠡᠷ  ᠠᠴᠠ ᠬᠦᠰᠢᠬᠡ ᠰᠡᠬᠦᠬᠦ ᠶᠣᠰᠣᠯᠠᠯ ᠳᠤ ᠣᠷᠣᠯᠴᠠᠪᠠ᠃       ᠡᠬᠢᠯᠡᠯᠳᠡ ᠶᠢᠨ ᠶᠣᠰᠣᠯᠠᠯ ᠲᠡᠭᠡᠷ᠎ᠡ ᠰᠣᠶᠣᠯ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠣᠪᠴᠢᠶᠠᠨ ᠲᠠᠷᠤᠭ᠎ᠠ ᠠᠴᠠ ᠮᠣᠷᠢᠯᠠᠨ ᠰᠠᠭᠠᠳᠠᠭᠰᠠᠨ ᠠᠷᠮᠠᠢ ᠶᠢᠨ ᠰᠡᠬᠡᠬᠡᠳᠡᠨ ᠪᠠᠶᠢᠯᠳᠣᠭᠴᠢ ᠨᠠᠷ ᠢ ᠣᠭᠳᠣᠬᠤ ᠶᠠᠷᠢᠶ᠎ᠠ ᠲᠠᠯᠪᠢᠵᠦ ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ ᠠᠵᠢᠯᠴᠢᠨ ᠤ ᠡᠪᠯᠡᠯ ᠤᠨ ᠲᠡᠷᠢᠬᠦᠯᠡᠭᠴᠢ ᠵᠠᠩ ᠹᠦ᠋ ᠲᠠᠯᠠᠪᠠᠢ  ᠶᠢᠨ ᠪᠠᠶᠢᠳᠠᠯ ᠳᠤ ᠲᠦᠬᠦᠮ ᠲᠠᠨᠢᠯᠴᠠᠭᠤᠯᠭ᠎ᠠ ᠬᠢᠵᠦ᠂ ᠰᠡᠬᠡᠬᠡᠳᠡᠨ ᠤ ᠲᠦᠯᠦᠬᠡᠯᠡᠭᠴᠢ ᠠᠴᠠ ᠶᠠᠷᠢᠶ᠎ᠠ ᠬᠢᠪᠠ᠃ ᠡᠬᠢᠯᠡᠯᠳᠡ ᠶᠢᠨ ᠶᠣᠰᠣᠯᠠᠯ ᠤᠨ ᠲᠠᠷᠠᠭ᠎ᠠ᠂ ᠡᠯ᠎ᠡ ᠣᠳᠣᠷᠢᠳᠣᠯᠭ᠎ᠠ᠂ ᠪᠠᠶᠢᠯᠳᠣᠭᠴᠢ᠂ ᠰᠡᠬᠡᠬᠡᠳᠡᠨ ᠨᠦᠬᠦᠳ ᠨᠠᠷ ︽ᠲᠣᠮᠳᠠᠳᠣ ᠶᠢᠨ ᠬᠦᠰᠡᠯᠡᠩ ᠢ ᠬᠠᠮᠳᠣ ᠪᠠᠷ ᠴᠣᠭᠴᠠᠯᠠᠬᠤ᠂ ᠰᠡᠬᠡᠬᠡᠳᠡᠨ ᠤ ᠠᠮᠢᠳᠣᠷᠠᠯ ᠳᠤ ᠲᠠᠬᠢᠨ ᠪᠣᠴᠠᠬᠤ︾ ᠭᠤᠣᠯ ᠰᠡᠳᠣᠪᠳᠣ ᠦᠳᠡᠰᠢᠯᠡᠭᠡ ᠶᠢ ᠬᠠᠮᠳᠣ ᠪᠠᠷ ᠰᠣᠨᠢᠷᠬᠠᠪᠠ᠃ ᠦᠳᠡᠰᠢᠯᠡᠭᠡ 90 ᠮᠢᠨᠦ᠋ᠲ ᠦᠷᠬᠦᠯᠵᠢᠯᠡᠵᠦ ᠲᠣᠭᠯᠠᠭᠴᠢᠳ ᠣᠷᠬᠢᠯᠣᠮ᠎ᠠ ᠰᠡᠳᠬᠢᠯᠬᠡ ᠪᠠᠨ ᠠᠰᠬᠠᠷᠠᠭᠤᠯᠵᠦ᠂ ᠪᠦᠵᠢᠭ᠂ ᠲᠠᠭᠤᠣ᠂ ᠬᠠᠮᠳᠣ ᠶᠢᠨ ᠲᠠᠭᠤᠣ ᠵᠡᠷᠬᠡ ᠲᠣᠭᠯᠠᠯᠳᠠ ᠭᠠᠷᠭᠠᠨ᠂ ᠲᠣᠭᠯᠠᠯᠳᠠ ᠪᠦᠷᠢ ᠨᠢ ᠲᠠᠯᠠᠪᠠᠢ ᠳᠠᠬᠢ ᠦᠵᠡᠭᠴᠢᠳ ᠤᠨ ᠰᠠᠶᠢᠰᠢᠶᠠᠯ ᠢ ᠣᠯᠪᠠ᠃       ᠠᠷᠮᠠᠢ ᠶᠢᠨ ᠰᠡᠬᠡᠬᠡᠳᠡᠨ ᠤ ᠰᠣᠶᠣᠯ ᠤᠨ ᠪᠠᠶᠠᠷ ᠢᠶᠠᠷ ᠪᠠᠰᠠ ᠣᠯᠠᠭᠠᠢ ᠭᠤᠣᠯ ᠤᠨ ᠡᠬᠢ ᠶᠢ ᠬᠠᠶᠢᠬᠤ ᠵᠢᠭᠤᠯᠴᠢᠯᠠᠯ᠂ ᠠᠷᠮᠠᠢ ᠶᠢᠨ ᠦᠵᠡᠰᠬᠦᠯᠡᠩ ᠤᠨ ᠭᠤᠳᠣᠮᠵᠢ᠂ ᠲᠦᠳᠡᠭ ᠤᠨ ᠦᠳᠡᠰᠢᠯᠡᠭᠡ᠂ ᠣᠯᠠᠭᠠᠢ ᠶᠢᠨ ᠦᠵᠡᠮᠵᠢ ᠶᠢᠨ ᠣᠷᠣᠨ ᠢ ᠰᠣᠨᠢᠷᠬᠠᠬᠤ᠂ ᠨᠢᠬᠡᠨ ᠬᠠᠭᠤᠳᠠᠰᠣ ᠬᠡᠷ ᠲᠡᠭᠡᠨ ᠪᠢᠴᠢᠭᠰᠡᠨ ᠵᠠᠬᠢᠳᠠᠯ ᠨᠠᠶᠢᠷᠠᠭᠤᠯᠬᠤ᠂ ᠠᠬᠠᠮᠠᠳ ᠰᠡᠬᠡᠬᠡᠳᠡᠨ ᠠᠴᠠ ᠪᠢᠴᠢᠬᠡᠰᠦᠯᠡᠬᠦ ᠵᠡᠷᠬᠡ ᠬᠦᠳᠡᠯᠬᠡᠬᠡᠨ ᠢ ᠲᠣᠬᠢᠷᠠᠭᠤᠯᠪᠠ᠃       ᠲᠣᠰ ᠬᠤᠭᠤᠴᠠᠭᠠᠨ ᠤ ᠠᠷᠮᠠᠢ ᠶᠢᠨ ᠰᠡᠬᠡᠬᠡᠳᠡᠨ ᠤ ᠰᠣᠶᠣᠯ ᠤᠨ ᠪᠠᠶᠠᠷ ᠢ ᠡᠷᠬᠢᠯᠡᠭᠰᠡᠨ ᠨᠢ ᠦᠷᠬᠡᠨ ᠣᠯᠠᠨ ᠰᠡᠬᠡᠬᠡᠳᠡᠳ ᠤᠨ ᠲᠡᠮᠵᠢᠯᠳᠡ ᠪᠣᠯᠣᠨ ᠬᠠᠯᠠᠭᠤᠨ ᠬᠦᠷᠢᠶᠡᠯᠡᠯ ᠢ ᠣᠯᠵᠦ᠂ ᠬᠠᠮᠢᠶᠠᠷᠣᠯᠳᠠ ᠶᠢᠨ ᠣᠷᠣᠨ ᠠᠴᠠ ᠠᠷᠮᠠᠢ  ᠶᠢᠨ ᠪᠠᠶᠢᠯᠳᠣᠭᠴᠢ᠂ ᠰᠡᠬᠡᠬᠡᠳᠡᠨ ᠨᠦᠬᠦᠳ ᠤᠨ ᠡᠬᠢ ᠪᠠᠶᠠᠯᠢᠭ ᠤᠨ ᠲᠠᠪᠠᠭᠤᠯᠢᠭ ᠢ ᠪᠠᠳᠠᠷᠠᠭᠤᠯᠵᠦ᠂ ᠭᠠᠭᠴᠠ ᠣᠯᠠᠭᠠᠢ ᠳᠤ ᠪᠠᠶᠢᠬᠤ ᠠᠷᠮᠠᠢ ᠶᠢᠨ ᠰᠣᠶᠣᠯ ᠤᠨ ᠭᠤᠸ᠎ᠠ ᠰᠠᠶᠢᠬᠠᠨ ᠢ ᠢᠯᠡᠷᠡᠬᠦᠯᠦᠨ᠂ ︽ᠠᠷᠮᠠᠢ ᠶᠢᠨ ᠰᠣᠶᠣᠯ︾ ᠢ ᠣᠯᠠᠭᠠᠢ ᠶᠢᠨ ᠦᠩᠬᠡ ᠲᠠᠭᠤ ᠲᠠᠢ ᠵᠢᠭᠤᠯᠴᠢᠯᠠᠯ ᠤᠨ ᠨᠡᠷ᠎ᠡ ᠶᠢᠨ ᠬᠠᠭᠤᠳᠠᠰᠣ   ᠪᠣᠯᠭᠠᠬᠤ ᠳᠤ ᠠᠰᠢᠭᠳᠠᠢ ᠪᠠᠶᠢᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号