ᠬᠠᠮᠢᠶᠠᠷᠣᠯᠳᠠ ᠶᠢᠨ ᠣᠷᠣᠨ ᠠᠴᠠ ᠵᠢᠭᠤᠯᠴᠢᠯᠠᠯ ᠤᠨ ᠣᠷᠣᠨ ᠳᠤ ᠬᠦᠨᠵᠡᠬᠡᠶᠢᠷᠡᠨ ᠵᠢᠭᠤᠯᠴᠢᠯᠠᠯ ᠤᠨ ᠦᠢᠯᠡᠰ ᠲᠤ ᠰᠣᠳᠣᠯᠣᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2017-08-18
        ᠪᠦᠬᠦ ᠠᠶᠢᠮᠠᠭ ᠤᠨ ᠵᠢᠭᠤᠯᠴᠢᠯᠠᠯ ᠢ ᠬᠦᠭᠵᠢᠬᠦᠯᠬᠦ ᠶᠡᠭᠡ ᠬᠤᠷᠠᠯ ᠤᠨ ᠲᠠᠷᠠᠭ᠎ᠠ᠂ ᠬᠠᠮᠢᠶᠠᠷᠣᠯᠳᠠ ᠶᠢᠨ ᠣᠷᠣᠨ  ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠣᠯᠳᠠ ᠶᠢᠨ ᠵᠦᠪᠯᠡᠯ ᠠᠴᠠ ᠵᠢᠭᠤᠯᠴᠢᠯᠠᠯ ᠤᠨ ᠠᠰᠠᠭᠤᠳᠠᠯ ᠢ ᠣᠯᠠᠮ ᠨᠢᠬᠡ ᠠᠯᠬᠤᠮ ᠴᠢᠬᠤᠯᠴᠢᠯᠠᠨ ᠶᠡᠭᠡ ᠬᠤᠷᠠᠯ ᠤᠨ ᠵᠣᠷᠢᠭ ᠰᠠᠨᠠᠭᠠᠨ ᠤ ᠪᠣᠳᠠᠳᠠᠢ ᠠᠷᠭ᠎ᠠ ᠬᠡᠮᠵᠢᠶ᠎ᠡ ᠶᠢ ᠬᠦᠨᠵᠡᠬᠡᠢ ᠰᠣᠳᠣᠯᠣᠨ ᠲᠣᠣᠱᠯᠠᠭᠤᠯᠣᠨ ᠬᠡᠷᠡᠭᠵᠢᠬᠦᠯᠵᠦ᠂ ᠢᠳᠡᠪᠬᠢᠳᠡᠢ ᠵᠣᠬᠢᠶᠠᠨ ᠪᠠᠶᠢᠭᠤᠯᠣᠨ᠂ 8 ᠰᠠᠷ᠎ᠠ ᠶᠢᠨ 4 ᠤ ᠡᠳᠣᠷ  ᠤᠨ ᠦᠳᠡ ᠶᠢᠨ ᠬᠤᠶᠢᠨ᠎ᠠ ᠬᠠᠮᠢᠶᠠᠷᠣᠯᠳᠠ ᠶᠢᠨ ᠣᠷᠣᠨ ᠤ ᠵᠢᠭᠤᠯᠴᠢᠯᠠᠯ ᠤᠨ ᠲᠣᠪᠴᠢᠶ᠎ᠠ 3 ᠪᠠᠭ ᠬᠤᠪᠢᠶᠠᠨ ᠪᠦᠯᠢᠶᠠᠨ ᠪᠣᠯᠠᠭ᠂ ᠣᠯᠠᠨ ᠲᠣᠬᠤᠢ ᠵᠢᠴᠢ ᠴᠢᠨ᠋ᠸ᠎ᠠ ᠶᠢᠨ ᠬᠦᠷᠢᠶᠡᠯᠡᠩ ᠳᠤ ᠲᠣᠬᠠᠢ ᠶᠢᠨ ᠭᠠᠵᠠᠷ ᠤᠨ ᠰᠣᠳᠣᠯᠣᠯ ᠬᠢᠪᠠ᠃       ᠲᠣᠰ ᠣᠳᠠᠭᠠᠨ ᠤ ᠰᠣᠳᠣᠯᠣᠯ ᠨᠢ ᠠᠰᠠᠭᠤᠯᠳᠠ ᠶᠢᠨ ᠬᠠᠭᠤᠳᠠᠰᠣᠨ ᠤ ᠬᠡᠯᠪᠡᠷᠢ ᠪᠠᠷ ᠵᠢᠭᠤᠯᠴᠢᠯᠠᠭᠴᠢᠳ  ᠤᠨ ᠣᠨᠴᠠᠯᠢᠭ᠂ ᠠᠶᠠᠯᠠᠯ ᠤᠨ ᠬᠡᠯᠪᠡᠷᠢ᠂ ᠬᠡᠷᠡᠭᠯᠡᠬᠡᠨ ᠤ ᠪᠠᠶᠢᠳᠠᠯ᠂ ᠣᠯᠠᠭᠠᠢ ᠳᠤ ᠵᠢᠭᠤᠯᠴᠢᠯᠠᠭᠰᠠᠨ ᠶᠡᠷᠦᠩᠬᠡᠢ ᠰᠠᠭᠤᠭᠳᠠᠯ᠂ ᠬᠤᠶᠢᠰᠢᠳᠡ ᠶᠢᠨ ᠵᠢᠭᠤᠯᠴᠢᠯᠠᠯ ᠢ ᠬᠦᠭᠵᠢᠬᠦᠯᠬᠦ ᠰᠠᠨᠠᠯ ᠵᠦᠪᠯᠡᠯᠬᠡ ᠵᠡᠷᠬᠡ ᠲᠠᠯ᠎ᠠ ᠪᠠᠷ 100 ᠵᠢᠭᠤᠯᠴᠢᠯᠠᠭᠴᠢᠳ ᠤᠨ ᠵᠢᠭᠤᠯᠴᠢᠯᠠᠯ ᠤᠨ ᠮᠡᠳᠡᠷᠡᠮᠵᠢ ᠳᠤ ᠲᠣᠬᠠᠢ ᠶᠢᠨ ᠭᠠᠵᠠᠷ ᠤᠨ ᠰᠣᠳᠣᠯᠣᠯ ᠬᠢᠪᠡ᠂ ᠪᠦᠳᠦᠮᠵᠢᠳᠡᠢ ᠠᠰᠠᠭᠤᠯᠳᠠ ᠶᠢᠨ ᠬᠠᠭᠤᠳᠠᠰᠣ 100% ᠳᠤ ᠬᠦᠷᠪᠡ᠃       ᠰᠣᠳᠣᠯᠣᠯ ᠤᠨ ᠳ᠋ᠥᠩ ᠠᠴᠠ᠂ ᠵᠢᠭᠤᠯᠴᠢᠯᠠᠭᠴᠢᠳ ᠣᠯᠠᠭᠠᠢ ᠶᠢᠨ ᠵᠢᠭᠤᠯᠴᠢᠯᠠᠯ ᠳᠠᠬᠢ ᠶᠡᠷᠦᠩᠬᠡᠢ ᠰᠠᠭᠤᠭᠳᠠᠯ ᠨᠡᠯᠢᠶᠡᠳ ᠰᠠᠶᠢᠨ᠂ ᠬᠡᠳᠡᠯ᠎ᠡ ᠪᠠᠰᠠ ᠬᠡᠰᠡᠭ ᠪᠦᠯᠦᠭ ᠣᠷᠣᠨ ᠳᠤ ᠮᠡᠳᠡᠬᠡᠨ ᠲᠣᠯᠬᠢᠶᠠᠨ ᠠᠨᠠᠢ᠂ ᠶᠠᠪᠠᠭᠠᠨ ᠶᠠᠪᠣᠬᠤ ᠵᠠᠮ ᠣᠷᠳᠣ᠂ ᠵᠠᠮ ᠱᠣᠭᠤᠮ ᠤᠨ ᠬᠠᠵᠠᠭᠤ ᠳᠠᠬᠢ ᠪᠠ ᠵᠢᠭᠤᠯᠴᠢᠯᠠᠯ ᠤᠨ ᠣᠷᠣᠨ ᠲᠣᠳᠣᠷᠠᠬᠢ ᠲᠡᠮᠳᠡᠭ ᠪᠢᠴᠢᠬᠡᠰᠣ ᠲᠣᠳᠣ ᠪᠣᠰᠣ᠂ ᠲᠤᠭ᠎ᠠ ᠨᠢ ᠴᠦᠬᠡᠨ᠂ ᠨᠠᠭᠠᠳᠣᠨ ᠴᠡᠩᠬᠡᠬᠦ ᠵᠦᠢᠯ ᠲᠣᠳᠠᠭᠤ᠂ ᠲᠡᠷᠬᠡᠨ ᠵᠣᠭᠰᠣᠭᠠᠯ ᠲᠣᠳᠠᠭᠤ ᠵᠡᠷᠬᠡ ᠠᠰᠠᠭᠤᠳᠠᠯ ᠣᠷᠣᠰᠢᠵᠦ ᠪᠠᠶᠢᠬᠤ ᠶᠢ ᠢᠯᠡᠷᠡᠬᠦᠯᠪᠡ᠃       ᠡᠳᠡᠬᠡᠷ ᠠᠰᠠᠭᠤᠳᠠᠯ ᠳᠤ ᠴᠢᠭᠯᠡᠬᠦᠯᠦᠨ᠂ ᠲᠠᠷᠠᠭᠠᠴᠢ ᠶᠢᠨ ᠠᠯᠬᠤᠮ ᠳᠤ ᠵᠢᠭᠤᠯᠴᠢᠯᠠᠯ ᠤᠨ ᠰᠠᠭᠤᠷᠢ ᠪᠠᠶᠢᠭᠤᠯᠣᠮᠵᠢ ᠶᠢᠨ ᠪᠦᠳᠦᠬᠡᠨ ᠪᠠᠶᠢᠭᠤᠯᠣᠯᠳᠠ  ᠂ ᠰᠦᠯᠵᠢᠶ᠎ᠡ ᠮᠡᠳᠡᠬᠡᠨ ᠲᠣᠯᠬᠢᠶᠠᠨ ᠤ ᠪᠦᠷᠬᠦᠴᠡ ᠶᠢ ᠶᠡᠬᠡᠳᠬᠡᠵᠦ᠂ ᠵᠢᠭᠤᠯᠴᠢᠯᠠᠯ ᠤᠨ ᠱᠣᠭᠤᠮ ᠨᠡᠯᠢᠶᠡᠳ ᠣᠷᠳᠣ ᠬᠡᠰᠡᠭ ᠲᠤ ᠵᠢᠭᠤᠯᠴᠢᠯᠠᠭᠴᠢᠳ ᠤᠨ ᠠᠮᠠᠷᠠᠬᠤ ᠴᠡᠭ ᠲᠣᠬᠢᠷᠠᠭᠤᠯᠵᠦ᠂ ᠵᠢᠭᠤᠯᠴᠢᠯᠠᠯ ᠤᠨ ᠲᠡᠮᠳᠡᠭ ᠪᠢᠴᠢᠭᠡᠰᠣ ᠪᠣᠰᠬᠠᠬᠤ ᠲᠠᠯᠠᠪᠠᠢ ᠶᠢ ᠶᠡᠭᠡᠳᠬᠡᠵᠦ᠂ ᠣᠨᠴᠢᠯᠢᠭ ᠲᠠᠢ ᠵᠢᠭᠤᠯᠴᠢᠯᠠᠯ ᠴᠡᠩᠬᠡᠯ  ᠤᠨ ᠵᠦᠢᠯ ᠢ ᠨᠡᠮᠡᠵᠦ᠂ ᠦᠢᠯᠡᠴᠢᠯᠡᠭᠴᠢ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠲᠡᠭᠡᠭᠰᠢᠯᠡᠬᠦᠯᠬᠦ ᠲᠠᠯ᠎ᠠ ᠪᠠᠷ ᠬᠦᠴᠦ ᠭᠠᠷᠭᠠᠵᠦ᠂ ᠰᠣᠳᠣᠯᠣᠯ ᠤᠨ ᠪᠠᠶᠢᠳᠠᠯ ᠢ ᠦᠨᠳᠦᠰᠦᠯᠡᠨ ᠪᠦᠳᠦᠮᠵᠢᠳᠡᠢ ᠠᠵᠢᠯ ᠤᠨ ᠲᠦᠰᠦᠪ ᠨᠠᠶᠢᠷᠠᠭᠤᠯᠣᠨ᠎ᠠ᠃       ᠲᠣᠰ ᠣᠳᠠᠭᠠᠨ ᠤ ᠰᠣᠳᠣᠯᠣᠯ ᠢᠶᠠᠷ ᠲᠠᠮᠵᠢᠵᠦ᠂ ᠦᠨᠡᠨ ᠪᠣᠳᠠᠳᠠᠢ ᠪᠦᠳᠦᠮᠵᠢᠳᠡᠢ ᠠᠩᠬᠠᠨ ᠤ ᠮᠠᠲ᠋ᠧᠷᠢᠶᠠᠯ ᠢ ᠡᠵᠡᠮᠳᠡᠵᠦ᠂ ᠵᠢᠭᠤᠯᠴᠢᠠᠯᠭᠴᠢᠳ ᠤᠨ ᠲᠣᠰᠬᠠᠭᠰᠠᠨ ᠠᠰᠠᠭᠤᠳᠠᠯ ᠢᠶᠠᠷ ᠲᠠᠮᠵᠢᠵᠦ᠂ ᠬᠠᠮᠢᠶᠠᠷᠣᠯᠳᠠ ᠶᠢᠨ ᠣᠷᠣᠨ ᠤ ᠵᠢᠭᠤᠯᠴᠢᠯᠠᠯ ᠤᠨ ᠠᠵᠢᠯ ᠤᠨ ᠴᠢᠭᠯᠡᠯ ᠪᠣᠯᠣᠨ ᠭᠤᠣᠯᠳᠠᠯᠭ᠎ᠠ ᠶᠢ ᠲᠣᠳᠣᠳᠬᠠᠵᠦ᠂ ᠲᠠᠷᠠᠭᠠᠴᠢ ᠶᠢᠨ ᠠᠯᠬᠤᠮ ᠤᠨ ᠵᠢᠭᠤᠯᠴᠢᠯᠠᠯ ᠤᠨ ᠠᠵᠢᠯ ᠢ ᠦᠷᠨᠢᠬᠦᠯᠬᠦ ᠳᠤ ᠬᠦᠨᠳᠣ ᠴᠢᠬᠤᠯᠠ ᠣᠳᠬ᠎ᠠ ᠠᠭᠤᠯᠭ᠎ᠠ ᠲᠠᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号