ᠷ᠊ · ᠫᠦᠷᠪᠦᠳᠠᠭᠪᠠ ᠳᠠᠩᠰᠢᠭ ᠤᠨ ᠳᠠᠶᠠᠩ ᠠᠪᠤᠷᠭᠤ ᠪᠣᠯᠣᠯ᠎ᠠ
ᠨᠡᠶᠢᠲᠡᠯᠡᠭᠰᠡᠨ ᠴᠠᠭ᠄
2017/8/24
     ᠨᠡᠶᠢᠰᠯᠡᠯ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠭᠠᠨᠳᠠᠩᠲᠡᠭᠴᠡᠩᠯᠢᠩ ᠬᠡᠶᠢᠳ ᠲᠠᠢ ᠬᠠᠮᠲᠤᠷᠠᠨ ᠵᠣᠬᠢᠶᠠᠨ ᠪᠠᠶᠢᠭᠤᠯᠤᠭᠰᠠᠨ ︽ᠳᠠᠩᠰᠢᠭ ᠨᠠᠭᠠᠳᠤᠮ — ᠬᠦᠷᠢᠶ᠎ᠡ ᠴᠠᠮ 2017︾ ᠱᠠᠰᠢᠨ ᠰᠣᠶᠣᠯ ᠤᠨ ᠨᠠᠭᠠᠳᠤᠮ ᠥᠩᠭᠡᠷᠡᠭᠰᠡᠨ ᠠᠮᠠᠷᠠᠯᠲᠠ ᠶᠢᠨ ᠬᠤᠶᠠᠷ ᠡᠳᠦᠷ ᠤᠨ ᠲᠤᠷᠰᠢ ᠠᠮᠵᠢᠯᠲᠠᠲᠠᠢ ᠵᠣᠬᠢᠶᠠᠨ ᠪᠠᠶᠢᠭᠤᠯᠤᠭᠳᠠᠵᠤ ᠥᠨᠳᠦᠷᠯᠡᠯ᠎ᠡ᠃ ᠨᠠᠭᠠᠳᠤᠮ ᠳᠤ ᠬᠦᠴᠦᠲᠦ 256 ᠪᠥᠬᠡ ᠪᠠᠷᠢᠯᠳᠤᠵᠤ᠂ ᠠᠷᠤᠬᠠᠩᠭᠠᠢ ᠠᠶᠢᠮᠠᠭ ᠤᠨ ᠪᠤᠯᠠᠭᠠᠨ ᠰᠤᠮᠤ ᠶᠢᠨ ᠬᠠᠷᠢᠶᠠᠲᠤ᠂ ᠳᠠᠩᠰᠢᠭ ᠤᠨ ᠠᠪᠤᠷᠭᠤ ᠷ᠊ · ᠫᠦᠷᠪᠦᠳᠠᠭᠪᠠ ᠭᠤᠷᠪᠠᠳᠡᠬᠢ ᠤᠳᠠᠭ᠎ᠠ ᠪᠠᠨ ᠲᠦᠷᠦᠭᠦᠯᠡᠨ ᠳᠠᠩᠰᠢᠭ ᠤᠨ ᠳᠠᠶᠠᠩ ᠠᠪᠤᠷᠭᠤ ᠴᠣᠯᠠ ᠬᠦᠷᠲᠡᠯ᠎ᠡ᠃ ᠬᠠᠷᠢᠨ ᠭᠤᠪᠢ — ᠠᠯᠲᠠᠢ ᠠᠶᠢᠮᠠᠭ ᠤᠨ ᠡᠷᠳᠡᠨᠢ ᠰᠤᠮᠤ ᠶᠢᠨ ᠬᠠᠷᠢᠶᠠᠲᠤ ᠪᠥᠬᠡ ᠪ᠊ · ᠰᠤᠷᠢᠨᠵᠢᠨᠪᠤᠯᠤᠳ ᠳᠣᠯᠤᠭ᠎ᠠ ᠳᠠᠪᠠᠨ ᠦᠵᠦᠭᠦᠷᠯᠡᠵᠦ ᠳᠠᠩᠰᠢᠭ ᠤᠨ ᠵᠠᠭᠠᠨ ᠴᠤᠯᠡ ᠶᠢᠨ ᠡᠵᠡᠨ ᠪᠣᠯᠤᠯ᠎ᠠ᠃            ᠮᠥᠨ ᠤᠪᠰᠤ ᠠᠶᠢᠮᠠᠭ ᠤᠨ ᠥᠨᠳᠥᠷᠬᠠᠨ ᠰᠤᠮᠤ ᠶᠢᠨ ᠬᠠᠷᠢᠶᠠᠲᠤ ᠪᠥᠬᠡ ᠭ᠊ · ᠭᠠᠩᠨᠢᠮ᠎ᠠ᠂ ᠪᠤᠯᠠᠭᠠᠨ ᠠᠶᠢᠮᠠᠭ ᠤᠨ ᠰᠠᠶᠢᠬᠠᠨ ᠰᠤᠮᠤ ᠶᠢᠨ ᠬᠠᠷᠢᠶᠠᠲᠤ ᠪᠥᠬᠡ ᠨ᠊ · ᠲᠦᠪᠰᠢᠨᠪᠠᠶᠠᠷ᠂ ᠪᠤᠯᠠᠭᠠᠨ ᠠᠶᠢᠮᠠᠭ ᠤᠨ ᠰᠠᠶᠢᠬᠠᠨ ᠰᠤᠮᠤ ᠶᠢᠨ ᠬᠠᠷᠢᠶᠠᠲᠤ ᠪᠥᠬᠡ ᠳ᠋᠊ · ᠫᠦᠷᠪᠦᠳᠣᠷᠵᠢ ᠨᠠᠷ ᠲᠤᠰ ᠲᠤᠰ ᠲᠠᠪᠤ ᠳᠠᠪᠠᠵᠤ ᠳᠠᠩᠰᠢᠭ ᠤᠨ ᠨᠠᠴᠢᠨ ᠴᠤᠯᠡ ᠶᠢᠨ ᠪᠣᠯᠵᠣᠯ ᠬᠠᠩᠭᠠᠯ᠎ᠠ᠃    
 
ᠢᠷᠡᠯᠲᠡ᠄ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号