ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ︵ᠦᠷᠭᠡᠳᠭᠡᠭᠰᠡᠨ ᠬᠤᠷᠠᠯ︶ ᠬᠤᠷᠠᠯ ᠵᠢᠴᠢ ᠠᠵᠦ ᠠᠬᠤᠢ ᠶᠢᠨ ᠠᠵᠢᠯ ᠤᠨ ᠬᠤᠷᠠᠯ ᠲᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2017/9/13
ᠰᠦᠨ ᠵᠧᠨ ᠵᠢᠶᠠᠩ ︵2017 ᠣᠨ ᠤ ᠴᠠᠭᠠᠨ ᠰᠠᠷ᠎ᠠ ᠶᠢᠨ 17᠎ ᠤ ᠡᠳᠣᠷ︶ᠨᠦᠬᠦᠳ ᠡ᠄ ᠰᠠᠶ᠋ᠢ ᠪᠠᠢ ᠱᠦᠵᠢ ᠠᠴᠠ ᠴᠢᠬᠤᠯᠠ ᠶᠠᠷᠢᠶ᠎ᠠ ᠲᠠᠯᠪᠢᠵᠦ᠂ ᠣᠳᠣᠬᠠᠨ ᠤ ᠬᠦᠭᠵᠢᠯᠳᠡ ᠶᠢᠨ ᠪᠠᠶᠢᠳᠠᠯ ᠎ ᠳᠤ ᠬᠦᠨᠵᠡᠬᠡᠢ ᠵᠠᠳᠠᠯᠣᠯᠳᠠ ᠬᠢᠵᠦ᠂ ᠡᠨᠡ ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠭᠤᠣᠯᠳᠠᠯᠭ᠎ᠠ ᠲᠠᠢ ᠡᠬᠦᠷᠬᠡ ᠶᠢ ᠲᠣᠷᠠᠳᠪᠠ᠃  ᠡᠬᠦᠨ ᠢ ᠨᠠᠷᠢᠨ ᠬᠢᠨᠠᠮᠠᠭᠠᠢ ᠰᠣᠷᠣᠯᠴᠠᠨ ᠣᠬᠠᠭᠠᠵᠦ᠂ ᠪᠦᠬᠦ ᠲᠠᠯ᠎ᠠ ᠪᠠᠷ ᠰᠠᠶᠢᠳᠣᠷ ᠠᠳᠬᠤᠵᠦ ᠲᠣᠣᠱᠯᠠᠭᠤᠯᠣᠨ ᠨᠠᠶᠢᠳᠠᠪᠣᠷᠢᠵᠢᠭᠤᠯᠣᠨ᠎ᠠ᠃ ᠲᠣᠣᠷ᠎ᠠ ᠪᠢ ᠦᠩᠬᠡᠷᠡᠭᠰᠡᠨ ᠨᠢᠭᠡ ᠵᠢᠯ ᠤᠨ ᠠᠵᠢᠯ ᠪᠣᠯᠣᠨ ᠡᠨᠡ ᠵᠢᠯ ᠤᠨ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠤᠨ ᠲᠣᠬᠢᠷᠠᠭᠤᠯᠣᠯᠳᠠ ᠳᠤ ᠬᠡᠳᠣᠨ ᠲᠠᠯ᠎ᠠ ᠶᠢᠨ ᠰᠠᠨᠠᠯ ᠲᠠᠯᠪᠢᠶ᠎ᠠ᠃      ᠨᠢᠬᠡ᠄ 2016 ᠣᠨ ᠤ ᠠᠵᠢᠯ ᠤᠨ ᠡᠷᠬᠢᠴᠡᠬᠦᠯᠦᠯᠳᠡ      ᠬᠠᠮᠢᠶᠠᠷᠣᠯᠳᠠ ᠶᠢᠨ ᠣᠷᠣᠨ ᠤ ᠲᠡᠭᠡᠳᠣ ᠲᠣᠣᠷᠠᠳᠣ ᠱᠠᠳᠣᠨ ᠠᠴᠠ ᠠᠵᠦ ᠠᠬᠤᠢ ᠶᠢᠨ ᠪᠠᠭᠤᠷᠠᠯᠳᠠ ᠶᠢᠨ ᠲᠠᠷᠣᠯᠳᠠ ᠳᠤ ᠢᠳᠡᠪᠬᠢᠳᠡᠢ ᠬᠠᠨᠳᠣᠵᠦ᠂ ᠠᠶᠢᠮᠠᠭ ᠤᠨ ᠬᠤᠷᠢᠶ᠎ᠠ᠂ ᠵᠠᠬᠢᠷᠭ᠎ᠠ ᠶᠢᠨ ᠡᠯ᠎ᠡ ᠵᠦᠢᠯ ᠤᠨ ᠰᠢᠢᠳᠪᠦᠷᠢ ᠪᠠᠶᠢᠷᠢᠯᠠᠭᠤᠯᠣᠯᠳᠠ ᠶᠢ ᠬᠢᠨᠠᠮᠠᠭᠠᠢ ᠲᠣᠣᠱᠯᠠᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠭ᠎ᠠ ᠲᠠᠢ ᠲᠣᠬᠢᠷᠠᠯᠴᠠᠵᠦ᠂ ᠦᠬᠡᠷᠡᠴᠢᠯᠡᠯᠳᠡ ᠬᠦᠭᠵᠢᠯᠳᠡ᠂ ᠲᠣᠭᠳᠠᠭᠤᠨ ᠢ ᠬᠠᠮᠠᠭᠠᠯᠠᠬᠤ ᠡᠯ᠎ᠡ ᠲᠦᠷᠦᠯ ᠎ ᠤᠨ ᠠᠵᠢᠯ ᠢ ᠯᠠᠪᠳᠠᠭᠤᠨ ᠲᠦᠯᠬᠢᠨ ᠠᠬᠢᠭᠤᠯᠵᠦ᠂ ᠠᠵᠦ ᠠᠬᠤᠢ ᠨᠡᠶᠢᠬᠡᠮ ᠤᠨ ᠦᠷᠬᠦᠯᠵᠢᠬᠦᠶᠢᠴᠡ ᠡᠷᠡᠬᠦᠯ ᠲᠣᠭᠳᠠᠭᠤᠨ ᠬᠦᠭᠵᠢᠯᠳᠡ ᠶᠢ ᠪᠡᠶᠡᠯᠡᠬᠦᠯᠪᠡ᠃ ᠣᠯᠣᠰ ᠤᠨ ᠲᠣᠳᠣᠭᠠᠳᠣ ᠶᠢᠨ ᠠᠵᠦ ᠠᠬᠤᠢ ᠲᠣᠷᠣᠭᠰᠢᠯᠠᠬᠤ᠂ ᠠᠵᠦ ᠠᠬᠤᠶᠢᠯᠠᠯ ᠤᠨ ᠡᠵᠡᠩᠨᠡᠯᠳᠡ ᠶᠢᠨ ᠦᠷ᠎ᠡ ᠪᠦᠳᠦᠮᠵᠢ ᠲᠣᠷᠣᠭᠰᠢ ᠭᠤᠯᠭᠤᠬᠤ ᠪᠣᠯᠣᠨ ᠬᠡᠰᠡᠭ ᠠᠭᠤᠯᠠ ᠶᠢᠨ ᠵᠠᠳᠠᠭᠠᠢ ᠨᠡᠬᠦᠷᠡᠰᠣᠨ ᠠᠭᠤᠷᠬᠠᠢ ᠦᠢᠯᠡᠳᠪᠦᠷᠢᠯᠡᠯ ᠢᠶᠠᠨ ᠵᠣᠭᠰᠣᠭᠠᠵᠦ ᠴᠡᠭᠴᠡᠯᠡᠯᠳᠡ ᠬᠢᠵᠦ ᠪᠠᠶᠢᠭ᠎ᠠ ᠪᠠᠶᠢᠳᠠᠯ ᠲᠣᠣᠷ᠎ᠠ᠂ ᠪᠦᠬᠦ ᠵᠢᠯ ᠤᠨ 25.7 ᠳ᠋ᠦᠩᠰᠢᠭᠤᠷ ᠲᠦᠬᠦᠷᠢᠭ ᠤᠨ ᠣᠷᠢᠳᠴᠢᠯᠠᠨ ᠲᠦᠯᠦᠪᠯᠡᠭᠰᠡᠨ ᠭᠠᠵᠠᠷ ᠣᠷᠣᠨ ᠤ ᠶᠡᠷᠦᠩᠬᠡᠢ ᠦᠢᠯᠡᠳᠪᠦᠷᠢᠯᠡᠯ ᠤᠨ ᠦᠷᠳᠡᠭ᠂ 8.4%᠎ ᠪᠠᠷ ᠲᠣᠷᠣᠭᠰᠢᠯᠠᠪᠠ᠂ ᠡᠬᠦᠨ ᠳᠤ ᠨᠢᠬᠡᠳᠣᠭᠡᠷ ᠠᠵᠦ ᠦᠢᠯᠡᠰ ᠎ ᠤᠨ ᠣᠷᠢᠳᠴᠢᠯᠠᠭᠰᠠᠨ ᠪᠣᠳᠣᠯᠳᠠ ᠢᠶᠠᠷ ᠪᠡᠶᠡᠯᠡᠬᠦᠯᠬᠦ ᠨᠡᠮᠡᠯᠳᠡ ᠦᠷᠳᠡᠭ 5.3 ᠳ᠋ᠦᠩᠰᠢᠭᠤᠷ ᠲᠦᠬᠦᠷᠢᠭ ᠪᠠᠶᠢᠵᠦ᠂ 5.6%᠎ ᠪᠠᠷ ᠨᠡᠮᠡᠭᠳᠡᠪᠡ᠃  ᠭᠤᠷᠪᠠᠳᠣᠭᠠᠷ ᠠᠵᠦ ᠦᠢᠯᠡᠰ ᠤᠨ ᠣᠷᠢᠳᠴᠢᠯᠠᠭᠰᠠᠨ ᠪᠣᠳᠣᠯᠳᠠ ᠢᠶᠠᠷ ᠪᠡᠶᠡᠯᠡᠬᠦᠯᠬᠦ ᠨᠡᠮᠡᠯᠳᠡ ᠦᠷᠳᠡᠭ 10.2 ᠳ᠋ᠦᠩᠰᠢᠭᠤᠷ ᠲᠦᠬᠦᠷᠢᠭ ᠪᠠᠶᠢᠵᠦ᠂ 12%᠎ ᠪᠠᠷ ᠨᠡᠮᠡᠭᠳᠡᠪᠡ᠃ ᠨᠢᠬᠡᠳᠣᠭᠡᠷ ᠭᠤᠷᠪᠠᠳᠣᠭᠠᠷ ᠠᠵᠦ ᠦᠢᠯᠡᠰ ᠤᠨ ᠨᠡᠮᠡᠭᠳᠡᠯ ᠤᠨ ᠬᠤᠷᠳᠣᠴᠠ ᠨᠢ ᠪᠦᠷ ᠠᠶᠢᠮᠠᠭ ᠤᠨ ᠲᠡᠭᠰᠢᠳᠭᠡᠭᠰᠡᠨ ᠲᠦᠪᠰᠢᠨ ᠎ ᠠᠴᠠ ᠦᠨᠳᠣᠷ᠃ ᠨᠡᠬᠦᠷᠡᠰᠣᠨ ᠤ ᠦᠢᠯᠡᠳᠪᠦᠷᠢᠯᠡᠯ ᠤᠨ ᠬᠡᠮᠵᠢᠶ᠎ᠡ ᠶᠢᠨ ᠲᠣᠷᠣᠭᠰᠢᠯᠠᠬᠤ ᠨᠦᠯᠦᠬᠡᠯᠡᠯ ᠲᠣᠣᠷ᠎ᠠ᠂ ᠬᠤᠶᠠᠳᠣᠭᠠᠷ ᠠᠵᠦ ᠦᠢᠯᠡᠰ ᠤᠨ ᠣᠷᠢᠳᠴᠢᠯᠠᠭᠰᠠᠨ ᠪᠣᠳᠣᠯᠳᠠ ᠶᠢᠨ ᠪᠡᠶᠡᠯᠡᠬᠦᠯᠬᠦ ᠨᠡᠮᠡᠯᠳᠡ ᠦᠷᠳᠡᠭ 10.2 ᠳ᠋ᠦᠩᠰᠢᠭᠤᠷ ᠲᠦᠬᠦᠷᠢᠭ᠂ 26.8%᠎ ᠪᠠᠷ ᠲᠣᠷᠣᠭᠰᠢᠯᠠᠪᠠ᠃ ᠡᠬᠦᠨ ᠳᠤ ᠠᠵᠦ ᠦᠢᠯᠡᠳᠪᠦᠷᠢ ᠶᠢᠨ ᠨᠡᠮᠡᠯᠳᠡ ᠦᠷᠳᠡᠭ 9 ᠳ᠋ᠦᠩᠰᠢᠭᠤᠷ ᠲᠦᠬᠦᠷᠢᠭ ᠪᠠᠶᠢᠵᠦ᠂ 25.3%᠎ ᠪᠠᠷ ᠲᠣᠷᠣᠭᠰᠢᠯᠠᠪᠠ᠃ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ 1.6 ᠳ᠋ᠦᠩᠰᠢᠭᠤᠷ ᠲᠦᠬᠦᠷᠢᠭ᠂ ᠵᠠᠷᠣᠯᠭ᠎ᠠ 9.3 ᠳ᠋ᠦᠩᠰᠢᠭᠤᠷ ᠲᠦᠬᠦᠷᠢᠭ᠂ ᠣᠷᠣᠯᠭ᠎ᠠ ᠲᠣᠷᠣᠭᠰᠢᠯᠠᠭᠰᠠᠨ ᠪᠠᠶᠢᠳᠠᠯ ᠲᠣᠣᠷ᠎ᠠ᠂ ᠠᠷᠠᠳ ᠤᠨ ᠠᠮᠢᠳᠣᠷᠠᠯ ᠳᠤ ᠬᠡᠷᠡᠭᠯᠡᠭᠰᠡᠨ ᠵᠠᠷᠣᠯᠭ᠎ᠠ ᠶᠢᠨ ᠬᠠᠷᠢᠴᠠᠯ 80% ᠎ ᠳᠤ ᠬᠦᠷᠪᠡ᠃ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠰᠢᠵᠦ ᠪᠣᠯᠬᠤᠶᠢᠴᠠ ᠣᠷᠣᠯᠭ᠎ᠠ ᠲᠣᠰ ᠲᠣᠰ 35380 ᠲᠦᠬᠦᠷᠢᠭ ᠪᠣᠯᠣᠨ 23050 ᠲᠦᠬᠦᠷᠢᠭ ᠲᠤ ᠬᠦᠷᠴᠦ᠂ ᠦᠰᠦᠯᠳᠡ ᠨᠢ 9.2% ᠪᠣᠯᠣᠨ 10.5% ᠪᠠᠶᠢᠵᠦ᠂ ᠬᠤᠶᠠᠷ ᠲᠦᠷᠦᠯ ᠤᠨ ᠣᠷᠣᠯᠭ᠎ᠠ ᠶᠢᠨ ᠶᠡᠷᠦᠩᠬᠡᠢ ᠬᠡᠮᠵᠢᠶ᠎ᠡ ᠪᠣᠯᠣᠨ ᠦᠰᠦᠯᠳᠡ ᠶᠢᠨ ᠬᠤᠷᠳᠣᠴᠠ ᠨᠢ ᠦᠷᠬᠦᠯᠵᠢᠯᠡᠨ ᠪᠦᠬᠦ ᠠᠶᠢᠮᠠᠭ ᠤᠨ ᠡᠮᠦᠨᠡᠬᠦᠷ ᠣᠷᠣᠭᠰᠠᠨ ᠪᠠᠶᠢᠨ᠎ᠠ᠃       ᠭᠤᠣᠯᠳᠠᠭᠤ ᠲᠣᠣᠷᠠᠬᠢ ᠠᠵᠢᠯ ᠤᠳ ᠢ ᠬᠢᠪᠡ᠄      ︵ᠨᠢᠬᠡ︶ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠬᠡᠨ ᠪᠠᠶᠢᠭᠤᠯᠣᠯᠳᠠ ᠶᠢᠨ ᠦᠷ᠎ᠡ ᠪᠦᠳᠦᠬᠡᠯ ᠲᠠᠰᠣᠷᠠᠯᠳᠠ ᠦᠬᠡᠢ ᠪᠠᠬᠢᠵᠢᠪᠡ᠃ ᠲᠠᠯ᠎ᠠ ᠨᠣᠳᠤᠭ ᠤᠨ ᠡᠬᠢ ᠪᠠᠶᠠᠯᠢᠭ ᠬᠦᠷᠦᠩᠬᠡ ᠶᠢᠨ ᠲᠠᠷᠬᠠᠯᠳᠠ ᠶᠢᠨ ᠪᠠᠶᠢᠳᠠᠯ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠣᠨ ᠦᠷᠨᠢᠬᠦᠯᠵᠦ᠂ ᠪᠡᠯᠴᠢᠭᠡᠷ ᠮᠠᠯ ᠤᠨ ᠲᠡᠩᠴᠡᠬᠦᠷᠢ᠂ ᠪᠠᠶᠢᠭᠠᠯᠢ ᠶᠢᠨ ᠬᠠᠳᠣᠯᠠᠩ ᠤᠨ ᠬᠢᠨᠠᠯᠳᠠ ᠬᠠᠮᠢᠶᠠᠷᠣᠯᠳᠠ᠂ ᠠᠮᠢ ᠠᠬᠤᠢ ᠣᠷᠴᠢᠨ ᠲᠣᠭᠤᠷᠢᠨ ᠪᠣᠯᠣᠨ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠰᠢᠯᠭᠠᠯᠳᠠ ᠵᠢᠴᠢ ᠬᠠᠷᠢᠭᠤᠴᠠᠯᠭ᠎ᠠ ᠶᠢ ᠨᠡᠬᠡᠮᠵᠢᠯᠡᠬᠦ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠲᠦᠷᠢᠮ ᠢ ᠰᠣᠳᠣᠯᠣᠨ ᠲᠣᠭᠳᠠᠭᠠᠭᠰᠠᠨ ᠢᠶᠠᠷ᠂ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠰᠢᠰᠲ᠋ᠧᠮ ᠲᠠᠰᠣᠷᠠᠯᠳᠠ ᠦᠬᠡᠢ ᠡᠷᠡᠬᠦᠯ ᠪᠦᠳᠦᠨ ᠪᠣᠯᠵᠦ ᠪᠣᠢ᠃ ᠬᠤᠶᠠᠳᠣᠭᠠᠷ ᠬᠤᠭᠤᠴᠠᠭᠠᠨ ᠤ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠣᠭᠳᠠᠯᠴᠠᠭ᠎ᠠ ᠶᠢ ᠬᠡᠷᠡᠭᠵᠢᠬᠦᠯᠬᠦ ᠲᠦᠯᠦᠪᠯᠡᠭᠡ ᠶᠢ ᠰᠣᠳᠣᠯᠣᠨ ᠵᠣᠬᠢᠶᠠᠵᠦ᠂ ᠬᠠᠣᠯᠢ ᠬᠡᠷᠡᠭᠵᠢᠬᠦᠯᠦᠨ ᠴᠠᠭᠳᠠᠨ ᠪᠠᠶᠢᠴᠠᠭᠠᠬᠤ ᠬᠦᠴᠦᠯᠡᠴᠡ ᠶᠢᠨ ᠬᠡᠪ ᠤᠨ ᠪᠠᠶᠢᠳᠠᠯᠵᠢᠬᠤ ᠶᠢ ᠶᠡᠬᠡᠳᠬᠡᠵᠦ᠂ ᠪᠡᠯᠴᠢᠭᠡᠷ ᠮᠠᠯ ᠤᠨ ᠲᠡᠩᠴᠡᠬᠦᠷᠢ ᠶᠢ ᠣᠯᠣᠭᠰᠠᠨ ᠮᠠᠯᠵᠢᠬᠤ ᠡᠷᠦᠬᠡ 81%᠎ ᠳᠤ ᠬᠦᠷᠴᠦ᠂ 2016 ᠣᠨ ᠤ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠎ ᠳᠤ ᠨᠦᠬᠦᠵᠦ ᠱᠠᠩᠨᠠᠭᠰᠠᠨ ᠮᠦᠩᠬᠦ 3018 ᠲᠦᠮᠡᠨ ᠲᠦᠬᠦᠷᠢᠭ ᠲᠤ ᠬᠦᠷᠪᠡ᠃ ᠭᠤᠣᠯᠳᠠᠯᠭ᠎ᠠ ᠲᠠᠢ ᠠᠮᠢ ᠠᠬᠤᠢ ᠎ ᠶᠢᠨ ᠢᠨᠵᠧᠨᠧᠷᠢᠩ ᠢ ᠰᠠᠶᠢᠳᠣᠷ ᠪᠣᠳᠠᠳᠠᠶᠢᠵᠢᠭᠤᠯᠵᠦ᠂ ᠣᠢ ᠰᠢᠭᠤᠢ ᠶᠢᠨ ᠲᠦᠰᠦᠪ ᠤᠨ ᠪᠦᠳᠦᠬᠡᠨ ᠪᠠᠶᠢᠭᠤᠯᠣᠯᠣᠳᠠ ᠶᠢᠨ ᠡᠬᠦᠷᠬᠡ 1700 ᠮᠦ᠂ ᠭᠤᠣᠯᠳᠠᠯᠭ᠎ᠠ ᠲᠠᠢ ᠣᠷᠣᠨ ᠬᠡᠪᠴᠢᠶ᠎ᠡ ᠶᠢᠨ ᠨᠣᠭᠤᠭᠠᠷᠠᠭᠤᠯᠣᠯᠳᠠ 1100 ᠮᠦ ᠳᠤ ᠬᠦᠷᠪᠡ᠃ ᠮᠧᠩ ᠼᠣᠣ ᠺᠣᠮᠫᠠᠨᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠰᠢᠰᠲ᠋ᠧᠮ ᠤᠨ ᠰᠣᠳᠣᠯᠬᠤ ᠬᠦᠷᠢᠶᠡᠯᠡᠩ ᠤᠨ ᠣᠯᠠᠭᠠᠢ ᠬᠤᠪᠢᠶᠠᠷᠢ ᠬᠦᠷᠢᠶᠡᠯᠡᠩ ᠤᠨ ᠦᠢᠯᠡᠳᠦᠯ ᠢ ᠪᠠᠳᠠᠷᠠᠭᠤᠯᠵᠦ᠂ ᠮᠠᠭᠤᠳᠠᠭᠰᠠᠨ ᠪᠡᠯᠴᠢᠭᠡᠷ ᠤᠨ ᠠᠮᠢ ᠠᠬᠤᠢ ᠶᠢ ᠰᠡᠷᠬᠦᠬᠡᠨ ᠵᠠᠰᠠᠬᠤ ᠮᠡᠷᠬᠡᠵᠢᠯ ᠤᠨ ᠨᠢᠬᠡᠳᠦᠮᠡᠯ ᠪᠣᠯᠣᠨ ᠲᠠᠭᠤᠷᠢᠶᠠᠯ ᠵᠡᠷᠬᠡ 8 ᠲᠦᠷᠦᠯ ᠤᠨ ᠰᠣᠳᠣᠯᠭᠠᠨ ᠤ ᠰᠡᠳᠣᠪ ᠤᠨ ᠰᠣᠳᠣᠯᠣᠯ ᠵᠢᠴᠢ ᠦᠷ᠎ᠡ ᠪᠦᠳᠦᠬᠡᠯ ᠤᠨ ᠲᠡᠯᠬᠡᠷᠡᠭᠦᠯᠦᠯᠳᠡ ᠶᠢ ᠢᠳᠡᠪᠬᠢᠳᠡᠢ ᠦᠷᠨᠢᠬᠦᠯᠦᠨ᠂ ᠡᠯᠡᠰᠦᠷᠬᠡᠭᠵᠢᠰᠡᠨ᠂ ᠮᠠᠭᠤᠳᠠᠭᠰᠠᠨ᠂ ᠬᠤᠵᠢᠷᠰᠢᠭᠰᠠᠨ ᠪᠡᠯᠴᠢᠭᠡᠷ ᠢ 5900 ᠮᠦ ᠵᠠᠰᠠᠨ ᠰᠡᠷᠬᠦᠬᠡᠪᠡ᠃ ᠪᠦᠳᠦᠬᠡᠨ ᠪᠠᠶᠢᠭᠤᠯᠬᠤ ᠲᠦᠰᠦᠯ ᠤᠨ ᠡᠮᠦᠨᠡᠬᠢ ᠲᠣᠬᠢᠷᠠᠭᠤᠯᠣᠯᠳᠠ ᠶᠢ ᠣᠷᠢᠳᠴᠢᠯᠠᠨ ᠰᠢᠬᠦᠬᠦ ᠲᠦᠷᠢᠮ ᠢ ᠴᠢᠩᠭ᠎ᠠ ᠨᠢᠮᠪᠡᠢ ᠬᠡᠷᠡᠭᠵᠢᠬᠦᠯᠵᠦ᠂ ᠪᠦᠬᠦ ᠵᠢᠯ ᠳᠤ 9 ᠠᠮᠢ ᠠᠬᠤᠢ ᠶᠢᠨ ᠡᠬᠢ ᠪᠠᠶᠠᠯᠢᠭ ᠢ ᠲᠠᠳᠠᠪᠣᠷᠢᠯᠠᠨ ᠡᠵᠡᠯᠡᠬᠦ ᠲᠦᠰᠦᠪ ᠤᠨ 8᠎ ᠶᠢ ᠵᠦᠪᠰᠢᠶᠡᠷᠡᠵᠦ᠂ ᠬᠠᠮᠢᠶᠠᠳᠣᠭᠰᠠᠨ ᠪᠡᠯᠴᠢᠬᠡᠷ ᠤᠨ ᠲᠠᠯᠠᠪᠠᠢ 1496 ᠮᠦ᠃ ᠣᠷᠴᠢᠨ ᠲᠣᠭᠤᠷᠢᠨ ᠤ ᠬᠠᠣᠯᠢ ᠬᠡᠷᠡᠭᠵᠢᠬᠦᠯᠦᠯᠳᠡ ᠶᠢᠨ ᠬᠤᠯᠪᠣᠭᠠᠨ ᠤ ᠬᠦᠮᠦᠨ ᠪᠣᠯᠣᠨ ᠬᠠᠮᠳᠣᠷᠠᠭᠰᠠᠨ ᠬᠤᠷᠠᠯ ᠤᠨ ᠲᠦᠷᠢᠮ ᠎ ᠢ ᠪᠠᠶᠢᠭᠤᠯᠵᠦ᠂ ᠣᠷᠴᠢᠨ ᠲᠣᠭᠤᠷᠢᠨ ᠢ ᠬᠠᠮᠠᠭᠠᠯᠠᠬᠤ ᠲᠣᠭᠳᠠᠭᠠᠯ ᠢ ᠵᠦᠷᠢᠴᠡᠭᠰᠡᠨ 26 ᠲᠦᠰᠦᠪ ᠢ ᠴᠡᠪᠡᠷᠯᠡᠨ ᠴᠡᠭᠴᠡᠯᠡᠬᠦ ᠠᠵᠢᠯ ᠦᠷᠨᠢᠬᠦᠯᠵᠦ᠂ ᠦᠪᠡᠷᠳᠡᠬᠡᠨ  ᠵᠠᠰᠠᠬᠤ ᠣᠷᠣᠨ ᠤ ᠴᠡᠪᠡᠷᠯᠡᠨ ᠴᠡᠭᠴᠡᠯᠡᠯᠳᠡ ᠳᠤ ᠣᠷᠣᠭᠰᠠᠨ ᠬᠡᠰᠡᠭ ᠨᠠᠭᠤᠷ ᠠᠮᠢ ᠠᠬᠤᠢ ᠶᠢᠨ ᠵᠢᠭᠤᠯᠴᠢᠯᠠᠯ ᠤᠨ ᠲᠦᠰᠦᠪ ᠢ ᠵᠣᠭᠰᠣᠭᠠᠪᠠ᠃ 454 ᠲᠦᠮᠡᠨ ᠲᠦᠬᠦᠷᠢᠭ ᠤᠨ ᠪᠡᠯᠡ ᠣᠷᠣᠭᠤᠯᠵᠦ ᠭᠸᠣᠯᠣᠬᠢ ᠶᠢᠨ ᠣᠷᠴᠢᠨ ᠲᠣᠭᠤᠷᠢᠨ ᠢ 32.1 ᠭᠠ ᠵᠠᠰᠠᠪᠠ᠃       ︵ᠬᠤᠶᠠᠷ︶ ᠠᠵᠦ ᠦᠢᠯᠡᠰ ᠤᠨ ᠬᠡᠪ ᠰᠢᠯᠵᠢᠵᠦ ᠵᠡᠷᠬᠡ ᠲᠡᠪᠰᠢᠬᠦ ᠠᠯᠬᠤᠴᠠ ᠲᠦᠷᠭᠡᠰᠪᠡ᠃ ︽ᠬᠤᠨᠢ ᠶᠢ ᠪᠠᠭᠠᠰᠬᠠᠵᠦ ᠦᠬᠡᠷ ᠢ ᠨᠡᠮᠡᠬᠦ︾ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠲᠣᠣᠱᠯᠠᠭᠤᠯᠣᠨ ᠪᠣᠳᠠᠳᠠᠶᠢᠵᠢᠭᠤᠯᠵᠦ᠂ ᠰᠢᠯᠢᠳᠡᠭ ᠡᠬᠦᠯᠳᠡᠷ ᠤᠨ ᠮᠢᠬᠠᠨ ᠦᠬᠡᠷ ᠤᠨ ᠠᠵᠦ ᠦᠢᠯᠡᠰ ᠤᠨ ᠬᠦᠭᠵᠢᠯᠳᠡ ᠶᠢᠨ ᠲᠦᠯᠦᠪᠯᠡᠭᠡ ᠶᠢ ᠰᠣᠳᠣᠯᠣᠨ ᠲᠣᠭᠳᠠᠭᠠᠵᠦ᠂ ᠮᠢᠩᠭᠠᠨ ᠲᠣᠯᠣᠭᠠᠢ ᠠᠴᠠ ᠲᠡᠭᠡᠭᠰᠢ ᠴᠣᠯᠣ ᠡᠬᠦᠯᠳᠡᠷ ᠤᠨ ᠦᠬᠡᠷ ᠪᠣᠶᠢᠵᠢᠭᠤᠯᠬᠤ ᠲᠠᠯᠠᠪᠠᠢ 2 ᠡᠷᠦᠬᠡ ᠪᠠᠶᠢᠵᠦ᠂ ᠭᠠᠳᠠᠭᠠᠳᠣ ᠠᠴᠠ ᠣᠷᠣᠭᠤᠯᠣᠭᠰᠠᠨ ᠴᠣᠯᠣ ᠡᠬᠦᠯᠳᠡᠷ ᠤᠨ ᠮᠢᠬᠠᠨ ᠦᠬᠡᠷ ᠨᠡᠶᠢᠳᠡ 5648 ᠲᠣᠯᠣᠭᠠᠢ ᠳᠤ ᠬᠦᠷᠴᠦ᠂ ᠮᠢᠬᠠᠨ ᠦᠬᠡᠷ ᠨᠢ ᠮᠠᠯ ᠤᠨ ᠶᠡᠷᠦᠩᠬᠡᠢ ᠲᠤᠭ᠎ᠠ ᠲᠣᠯᠣᠭᠠᠢ ᠶᠢᠨ ᠬᠠᠷᠢᠴᠠᠯ ᠳᠤ 4% ᠪᠠᠶᠢᠭᠰᠠᠨ ᠠᠴᠠ ᠲᠡᠭᠡᠭᠰᠢᠯᠡᠵᠦ 10% ᠪᠣᠯᠪᠠ᠂ ᠮᠢᠬᠠᠨ ᠬᠤᠨᠢᠨ ᠤ ᠲᠤᠭ᠎ᠠ ᠨᠢ ᠠᠳᠠᠯᠢ ᠠᠳᠠᠯᠢ ᠬᠤᠭᠤᠴᠠᠭ᠎ᠠ ᠠᠴᠠ 30%᠎ ᠪᠠᠷ ᠪᠠᠭᠠᠰᠪᠠ᠃ ︽ᠠᠮᠣ ᠪᠣᠳᠠᠭ᠎ᠠ ᠶᠢ ᠪᠣᠷᠳᠤᠭ᠎ᠠ ᠬᠤᠪᠢᠷᠭᠠᠭᠰᠠᠨ︾ ᠲᠠᠯᠠᠪᠠᠢ ᠨᠢ 6 ᠲᠦᠮᠡᠨ ᠮᠦ ᠳᠤ ᠬᠦᠷᠴᠦ᠂ 25 ᠲᠦᠮᠡᠨ ᠮᠦ ᠪᠠᠶᠢᠭᠠᠯᠢ ᠶᠢᠨ ᠬᠠᠳᠣᠯᠠᠩ ᠳᠤ ᠣᠷᠭᠠᠨᠢᠭ ᠦᠨᠡᠯᠡᠯᠳᠡ ᠬᠢᠵᠦ᠂ ︽ᠲᠠᠷᠢᠵᠦ ᠲᠡᠵᠢᠬᠡᠬᠦ ᠣᠶᠠᠯᠳᠣᠭᠰᠠᠨ᠂ ᠲᠠᠷᠢᠶᠠᠯᠠᠩ ᠢᠶᠠᠷ ᠮᠠᠯᠵᠢᠯ ᠢ ᠠᠬᠢᠭᠤᠯᠬᠤ︾ ᠬᠦᠭᠵᠢᠯᠳᠡ ᠶᠢᠨ ᠪᠦᠳᠦᠴᠡ ᠠᠩᠬ᠎ᠠ ᠠᠯᠬᠤᠮ ᠪᠦᠷᠢᠯᠳᠦᠪᠡ᠃ ᠨᠡᠬᠦᠷᠡᠰᠣ ᠴᠠᠬᠢᠯᠭᠠᠨ ᠨᠢᠬᠡ ᠴᠣᠭᠴᠠᠵᠢᠭᠰᠠᠨ ᠬᠦᠭᠵᠢᠯᠳᠡ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠦ᠂ ᠬᠤᠶᠠᠷ ᠨᠡᠬᠦᠷᠡᠰᠣᠨ ᠠᠭᠤᠷᠬᠠᠢ ᠶᠢᠨ ᠵᠦᠪᠰᠢᠶᠡᠷᠡᠯ ᠎ ᠳᠤ ᠬᠡᠷᠡᠭᠰᠡᠬᠦ ᠲᠡᠮᠵᠢᠯᠬᠡ ᠶᠢᠨ ᠴᠢᠨᠠᠷ ᠲᠠᠢ ᠠᠯᠪᠠᠨ ᠪᠢᠴᠢᠭ ᠢ ᠪᠦᠷ 6 ᠣᠯᠪᠠ᠃ ᠣᠯᠣᠰ ᠤᠨ ᠴᠠᠬᠢᠯᠭᠠᠨ ᠤ ᠪᠦᠯᠦᠭᠯᠡᠯ ᠵᠢᠶᠠᠩᠰᠣ ᠶᠢᠨ ᠡᠨᠧᠷᠬᠢ ᠲᠠᠢ ᠠᠩᠬ᠎ᠠ ᠠᠯᠬᠤᠮ ᠤᠨ ᠬᠤᠷᠰᠢᠬᠤ ᠰᠠᠨᠠᠯ ᠲᠣᠭᠳᠠᠵᠦ᠂ ᠬᠡᠰᠡᠭ ᠠᠭᠤᠷᠬᠠᠢ ᠎ ᠶᠢᠨ ᠬᠡᠮᠵᠢᠶ᠎ᠡ ᠶᠢ ᠪᠠᠭᠠᠰᠬᠠᠵᠦ ᠣᠷᠣᠯᠠᠬᠤ ᠵᠢᠭᠠᠯᠳᠠ ᠶᠢ 618 ᠲᠦᠮᠡᠨ ᠲᠣᠨ ᠢ ᠪᠣᠳᠠᠳᠠᠶᠢᠵᠢᠭᠤᠯᠪᠠ᠂ ᠣᠯᠣᠰ ᠎ ᠤᠨ ᠴᠠᠬᠢᠯᠭᠠᠨ ᠣᠯᠠᠭᠠᠢ 2 X 100 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠲᠦᠰᠦᠪ ᠢ ᠣᠯᠣᠰ ᠎ ᠤᠨ ᠡᠨᠧᠷᠬᠢ ᠶᠢᠨ ᠲᠣᠪᠴᠢᠶᠠᠨ ᠳᠤ ᠮᠡᠳᠡᠬᠦᠯᠵᠦ ᠵᠦᠪᠰᠢᠶᠡᠷᠡᠯ ᠬᠦᠯᠢᠶᠡᠵᠦ ᠪᠣᠢ᠃ ᠰᠢᠨ ᠸᠧᠨ ᠪᠦᠯᠦᠭᠯᠡᠯ ᠬᠤᠣᠯᠢᠨ ᠭᠤᠣᠯ ᠤᠨ ᠨᠡᠬᠦᠷᠡᠰᠣᠨ ᠤ ᠪᠦᠯᠦᠭᠯᠡᠯ ᠲᠠᠢ ᠬᠤᠷᠰᠢᠬᠤ ᠬᠡᠯᠡᠯᠴᠡᠬᠡᠷ ᠲᠣᠭᠳᠠᠵᠦ᠂ ᠯᠦ᠋ ᠰᠢᠨ ᠺᠣᠮᠫᠠᠨᠢ ᠶᠢ ᠲᠠᠬᠢᠨ ᠪᠦᠷᠢᠯᠳᠦᠬᠦᠯᠬᠦ᠂ ᠨᠦᠩ ᠨᠠᠢ ᠮᠢᠶᠣᠣ ᠠᠭᠤᠷᠬᠠᠢ ᠶᠢᠨ ᠨᠡᠬᠦᠷᠡᠰᠣ ᠶᠢ ᠪᠣᠰᠣᠳ ᠭᠠᠵᠠᠷ ᠬᠤᠪᠢᠷᠭᠠᠬᠤ ᠠᠵᠢᠯ ᠤᠨ ᠰᠢᠨ᠎ᠡ ᠠᠮᠵᠢᠯᠳᠡ ᠶᠢ ᠲᠦᠯᠬᠢᠨ ᠠᠬᠢᠭᠤᠯᠪᠠ᠃ ᠨᠣᠭᠤᠭᠠᠨ ᠲᠠᠷᠢᠶᠠᠯᠠᠩ ᠮᠠᠯ ᠤᠨ ᠪᠦᠳᠦᠬᠡᠭᠳᠡᠬᠦᠨ ᠤ ᠰᠢᠨᠵᠢᠯᠡᠭᠡ ᠮᠡᠷᠬᠡᠵᠢᠯ ᠤᠨ ᠠᠵᠦ ᠦᠢᠯᠡᠰ ᠤᠨ ᠬᠦᠷᠢᠶᠡᠯᠡᠩ ᠤᠨ ᠶᠡᠷᠦᠩᠬᠡᠢ ᠴᠣᠭᠴᠠ ᠳᠠᠬᠢ ᠲᠦᠯᠦᠪᠯᠡᠭᠡ ᠶᠢ ᠨᠠᠶᠢᠷᠠᠭᠤᠯᠣᠨ ᠲᠠᠭᠤᠰᠬᠠᠵᠦ᠂ ᠬᠠᠪᠣᠷ ᠤᠨ ᠪᠣᠭᠤᠳᠠᠢ ᠶᠢᠨ ᠰᠢᠯᠢᠳᠡᠭ ᠡᠬᠦᠯᠳᠡᠷ ᠢ ᠪᠣᠶᠢᠵᠢᠭᠤᠯᠬᠤ ᠠᠵᠦ ᠦᠢᠯᠡᠰ ᠢ ᠠᠭᠤᠰᠬᠠᠬᠤ ᠲᠦᠰᠦᠯ ᠭᠠᠵᠠᠷ ᠰᠢᠨᠵᠢᠯᠳᠡ ᠲᠦᠰᠦᠪᠯᠡᠭᠡ ᠪᠠᠨ ᠲᠠᠭᠤᠰᠬᠠᠪᠠ᠃ ᠪᠠᠶᠠᠨᠬᠤᠰᠢᠭᠤ ᠪᠠᠯᠭᠠᠰᠣ ᠶᠢᠨ ᠵᠢᠵᠢᠭ ᠠᠵᠦ ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠤᠨ ᠠᠵᠢᠯ ᠲᠠᠭᠤᠰᠴᠣ᠂ ᠣᠷᠣᠵᠦ ᠰᠠᠭᠤᠭᠰᠠᠨ ᠠᠵᠦ ᠠᠬᠤᠶᠢᠯᠠᠯ 23 ᠡᠷᠦᠬᠡ᠃ ᠣᠣᠭᠠᠯ ᠪᠠᠶᠢᠳᠠᠯ ᠤᠨ ᠪᠦᠬᠦ ᠬᠢᠵᠠᠭᠠᠷ ᠤᠨ ᠵᠢᠭᠤᠯᠴᠢᠯᠠᠯ ᠢ ᠢᠳᠡᠪᠬᠢᠳᠡᠢ ᠲᠦᠯᠦᠪᠯᠡᠵᠦ᠂ ᠦᠪᠡᠷᠳᠡᠬᠡᠨ ᠵᠠᠰᠠᠬᠤ ᠣᠷᠣᠨ ᠤ ᠲᠡᠰ ᠤᠨ ᠪᠦᠬᠦ ᠬᠢᠵᠠᠭᠠᠷ ᠤᠨ ᠵᠢᠭᠤᠯᠴᠢᠯᠠᠯ ᠤᠨ ᠲᠠᠭᠤᠷᠢᠶᠠᠯᠳᠣ ᠣᠷᠣᠨ ᠳᠤ ᠠᠮᠵᠢᠯᠳᠠ ᠲᠠᠢ ᠵᠢᠭᠰᠠᠭᠠᠭᠳᠠᠵᠦ᠂ ᠪᠦᠬᠦ ᠵᠢᠯ ᠳᠤ ᠪᠦᠬᠦ ᠬᠢᠵᠠᠭᠠᠷ ᠎ ᠤᠨ ᠵᠢᠭᠤᠯᠴᠢᠯᠠᠯ ᠤᠨ ᠲᠦᠰᠦᠯ ᠤᠨ ᠪᠡᠯᠡ ᠣᠷᠣᠭᠤᠯᠣᠯᠳᠠ 1.6 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠤ ᠰᠠᠭᠤᠷᠢ ᠪᠠᠶᠢᠭᠤᠯᠣᠮᠵᠢ ᠣᠯᠠᠮ ᠨᠢᠬᠡ ᠠᠯᠬᠤᠮ ᠲᠡᠬᠦᠯᠳᠡᠷᠵᠢᠵᠦ᠂ ᠲᠦᠷᠢᠮᠵᠢᠬᠦᠨ ᠬᠠᠮᠢᠶᠠᠷᠣᠯᠳᠠ᠂ ᠦᠢᠯᠡᠴᠢᠯᠡᠬᠡᠨ ᠤ ᠲᠦᠪᠰᠢᠨ᠂ ᠵᠣᠴᠢᠯᠠᠬᠤ ᠴᠢᠳᠠᠯ ᠣᠯᠠᠮ ᠨᠢᠬᠡ ᠠᠯᠬᠤᠮ ᠲᠡᠭᠡᠭᠰᠢᠯᠡᠵᠦ᠂ ᠪᠦᠬᠦ ᠵᠢᠯ ᠳᠤ 82 ᠲᠦᠮᠡᠨ ᠬᠦᠮᠦᠨ ᠣᠳᠠᠭᠠᠨ ᠤ ᠵᠢᠭᠤᠯᠴᠢᠯᠠᠭᠴᠢᠳ ᠢ ᠬᠦᠯᠢᠶᠡᠵᠦ᠂ ᠵᠢᠭᠤᠯᠴᠢᠯᠠᠯ ᠤᠨ ᠣᠷᠣᠯᠭ᠎ᠠ 2.5 ᠳ᠋ᠦᠩᠰᠢᠭᠤᠷ ᠲᠦᠬᠦᠷᠢᠭ ᠲᠤ ᠬᠦᠷᠴᠦ᠂ ᠲᠣᠰ ᠲᠣᠰ 5.1%᠂ 11.8% ᠎ ᠪᠠᠷ ᠨᠡᠮᠡᠭᠳᠡᠪᠡ᠃ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡ ᠶᠢ ᠢᠳᠡᠪᠬᠢᠳᠡᠢ ᠲᠦᠯᠬᠢᠨ ᠠᠬᠢᠭᠤᠯᠵᠦ᠂ ᠲᠣᠰ ᠵᠢᠯ ᠦᠢᠯᠡᠴᠢᠯᠡᠭᠰᠡᠨ ᠠᠵᠦ ᠠᠬᠤᠶᠢᠯᠠᠯ 2 ᠡᠷᠦᠬᠡ᠂ ᠬᠡᠪᠴᠢᠶᠡᠵᠢᠭᠰᠡᠨ ᠠᠴᠠ ᠲᠡᠭᠡᠭᠰᠢ ᠶᠢᠨ ᠦᠢᠯᠡᠴᠢᠯᠡᠬᠡᠨ ᠤ ᠠᠵᠦ ᠠᠬᠤᠶᠢᠯᠠᠯ 9 ᠡᠷᠦᠬᠡ᠂ ᠰᠢᠨ᠎ᠡ ᠨᠡᠮᠡᠭᠳᠡᠭᠰᠡᠨ ᠵᠠᠬ᠎ᠠ ᠲᠡᠯᠬᠡᠭᠦᠷ ᠤᠨ ᠭᠤᠣᠯ ᠴᠣᠭᠴᠠ 308 ᠡᠷᠦᠬᠡ ᠪᠠᠶᠢᠵᠦ ᠂ 7.1%᠎ ᠪᠠᠷ ᠨᠡᠮᠡᠭᠳᠡᠵᠦ᠂ ᠨᠡᠶᠢᠬᠡᠮ ᠤᠨ ᠬᠡᠷᠡᠭᠯᠡᠬᠡᠨ ᠤ ᠪᠣᠳᠠᠰ ᠢ ᠵᠢᠵᠢᠭᠯᠡᠨ ᠬᠤᠳᠠᠯᠳᠣᠭᠰᠠᠨ ᠶᠡᠷᠦᠩᠬᠡᠢ ᠲᠤᠭ᠎ᠠ ᠎ ᠨᠢ 6.4 ᠳ᠋ᠦᠩᠰᠢᠭᠤᠷ ᠲᠦᠬᠦᠷᠢᠭ ᠲᠤ ᠬᠦᠷᠴᠦ᠂ 10.3 %᠎ ᠪᠠᠷ ᠨᠡᠮᠡᠭᠳᠡᠪᠡ᠃ ᠡᠯᠧᠺᠲᠷᠦᠨ ᠠᠷᠠᠯᠵᠢᠶᠠᠨ ᠤ ᠶᠠᠪᠣᠳᠠᠯ ᠤᠨ ᠬᠦᠭᠵᠢᠯᠳᠡ ᠶᠢ ᠬᠦᠴᠦ ᠲᠠᠯᠪᠢᠨ ᠲᠦᠯᠬᠢᠨ ᠠᠬᠢᠭᠤᠯᠵᠦ᠂ ᠡᠯᠧᠺᠲᠷᠦᠨ ᠠᠷᠠᠯᠵᠢᠶᠠᠨ ᠤ ᠶᠠᠪᠣᠳᠠᠯ ᠤᠨ ᠨᠡᠶᠢᠬᠡᠮᠯᠢᠭ ᠢ ᠵᠣᠬᠢᠶᠠᠨ ᠪᠠᠶᠢᠭᠤᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠪᠣᠳᠠᠰ ᠤᠨ ᠣᠷᠣᠰᠬᠠᠯ ᠤᠨ ᠵᠣᠬᠢᠴᠠᠭᠤᠯᠣᠨ ᠬᠦᠷᠬᠡᠬᠦ ᠦᠢᠯᠡᠴᠢᠯᠡᠭᠡ ᠶᠢᠨ ᠰᠢᠰᠲ᠋ᠧᠮ ᠢ ᠠᠨᠩᠬ᠎ᠠ ᠠᠯᠬᠤᠮ ᠪᠠᠶᠢᠭᠤᠯᠪᠠ᠃ ᠮᠦᠩᠬᠦᠨ ᠬᠦᠢᠯᠬᠡᠬᠡᠨ ᠎ ᠤ ᠬᠦᠭᠵᠢᠯᠳᠡ ᠶᠢ ᠲᠣᠭᠳᠠᠭᠤᠨ ᠢᠶᠠᠷ ᠲᠦᠯᠬᠢᠨ ᠠᠬᠢᠭᠤᠯᠵᠦ᠂ 14 ᠡᠷᠦᠬᠡ ᠲᠣᠮᠳᠠ ᠪᠠᠭ᠎ᠠ ᠠᠵᠦ ᠠᠬᠤᠶᠢᠯᠠᠯ ᠢ ᠠᠶᠢᠮᠠᠭ ᠤᠨ ︽ᠬᠠᠪᠰᠣᠷᠬᠤ ᠪᠠᠳᠣᠯᠠᠬᠤ ᠵᠢᠬᠡᠯᠡᠯᠬᠡ︾᠎ ᠶᠢᠨ ᠠᠵᠦ ᠠᠬᠤᠶᠢᠯᠠᠯ ᠤᠨ ᠰᠦᠷᠦᠭ ᠲᠤ ᠣᠷᠣᠵᠦ᠂ ᠰᠢᠯᠢ ᠎ ᠶᠢᠨ ᠭᠤᠣᠯ ᠠᠶᠢᠮᠠᠭ ᠤᠨ ᠶᠢᠨ ᠱᠧᠩ ᠪᠡᠯᠡ ᠣᠷᠣᠭᠤᠯᠬᠤ ᠲᠠᠭᠠᠭᠠᠯᠳᠠ ᠣᠷᠣᠬᠤ ᠬᠢᠵᠠᠭᠠᠷᠳᠣ ᠺᠣᠮᠫᠠᠨᠢ ᠯᠤᠭ᠎ᠠ ᠬᠡᠯᠡᠯᠴᠡᠨ ᠲᠠᠷᠢᠶᠠᠯᠠᠩ ᠢ ᠲᠣᠰᠠᠯᠠᠬᠤ ᠵᠢᠬᠡᠯᠡᠯᠬᠡ ᠶᠢᠨ ᠠᠵᠢᠯ ᠢ ᠨᠡᠬᠡᠬᠡᠨ ᠡᠷᠬᠢᠯᠡᠵᠦ᠂ ᠮᠦᠩᠬᠦᠨ ᠬᠦᠢᠯᠬᠡᠬᠡᠨ ᠤ  ᠪᠠᠶᠢᠭᠤᠯᠭ᠎ᠠ ᠶᠢᠨ ᠡᠯ᠎ᠡ ᠲᠦᠷᠦᠯ ᠤᠨ ᠬᠠᠳᠠᠭᠠᠯᠠᠮᠵᠢ ᠶᠢᠨ ᠦᠯᠡᠳᠡᠮᠡᠯ ᠮᠦᠩᠬᠦ 10.3 ᠳ᠋ᠦᠩᠰᠢᠭᠤᠷ ᠲᠦᠬᠦᠷᠢᠭ ᠲᠤ ᠬᠦᠷᠴᠦ᠂ 11.7 %᠎ ᠪᠠᠷ ᠨᠡᠮᠡᠭᠳᠡᠪᠡ᠃      ︵ᠭᠤᠷᠪᠠ︶ ᠭᠤᠣᠯᠳᠠᠯᠭ᠎ᠠ ᠲᠠᠢ ᠲᠦᠰᠦᠯ ᠤᠨ ᠪᠦᠳᠦᠬᠡᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠪᠠ᠃ ᠨᠠᠮ ᠵᠠᠰᠠᠭ ᠤᠨ ᠣᠳᠣᠷᠢᠳᠣᠯᠭ᠎ᠠ ᠭᠤᠣᠯᠳᠠᠯᠭ᠎ᠠ ᠲᠠᠢ ᠲᠦᠰᠦᠯ ᠲᠠᠢ ᠬᠠᠷᠢᠯᠴᠠᠬᠤ ᠲᠣᠭᠳᠠᠭᠠᠯ ᠢ ᠦᠷᠬᠦᠯᠵᠢᠯᠡᠨ  ᠬᠡᠷᠡᠭᠵᠢᠬᠦᠯᠵᠦ᠂ ︽1+1+1+N︾ ᠠᠵᠢᠯ ᠤᠨ ᠬᠠᠷᠢᠭᠤᠴᠠᠯᠭ᠎ᠠ ᠶᠢ ᠬᠡᠷᠡᠭᠵᠢᠬᠦᠯᠬᠦ ᠲᠣᠭᠳᠠᠯᠴᠠᠭ᠎ᠠ ᠪᠣᠯᠣᠨ ᠭᠤᠣᠯᠳᠠᠯᠭ᠎ᠠ ᠲᠠᠢ ᠲᠦᠰᠦᠯ ᠢ ᠲᠡᠰ ᠲᠦᠷᠦᠯ ᠬᠤᠪᠢᠶᠠᠵᠦ ᠵᠣᠬᠢᠴᠠᠭᠤᠯᠬᠤ ᠲᠣᠭᠳᠠᠭᠠᠯ ᠤᠨ ᠰᠢᠨ᠎ᠡ ᠶᠢ ᠡᠬᠦᠳᠦᠨ᠂ ᠲᠦᠰᠦᠯ ᠤᠨ ᠠᠬᠢᠴᠠ ᠲᠣᠮᠳᠠ ᠲᠣᠬᠢᠶᠠᠯᠳᠣᠭᠰᠠᠨ ᠪᠣᠳᠠᠳᠠᠢ ᠬᠦᠴᠢᠷᠳᠡᠯ ᠪᠣᠯᠣᠨ ᠪᠣᠳᠣᠯᠢᠶᠠᠨᠳᠠᠢ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠵᠦ᠂ ᠲᠦᠰᠦᠯ ᠤᠨ ᠪᠦᠳᠦᠬᠡᠨ ᠪᠠᠶᠢᠭᠤᠯᠣᠯᠳᠠ ᠶᠢᠨ ᠠᠯᠬᠤᠴᠠ ᠶᠢ ᠲᠦᠷᠬᠡᠳᠬᠡᠪᠡ᠃ ᠵᠢᠯ ᠤᠨ ᠡᠬᠢᠨ ᠳᠤ ᠬᠡᠷᠡᠭᠵᠢᠬᠦᠯᠬᠦ ᠪᠠᠷ ᠲᠣᠭᠳᠠᠭᠰᠠᠨ 26 ᠭᠤᠣᠯᠳᠠᠯᠭ᠎ᠠ ᠲᠠᠢ ᠲᠦᠰᠦᠯ ᠪᠦᠬᠦᠨ ᠢᠶᠠᠷ ᠢᠶᠠᠨ ᠠᠵᠢᠯ ᠡᠬᠢᠯᠡᠬᠦᠯᠵᠦ᠂ 8.1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠬᠦᠯᠪᠡ᠃ 4 ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠦᠰᠦᠯ ᠤᠨ ᠪᠡᠯᠡ ᠣᠷᠣᠭᠤᠯᠣᠯᠳᠠ 5.1 ᠳ᠋ᠦᠩᠰᠢᠭᠤᠷ ᠲᠦᠬᠦᠷᠢᠭ ᠲᠤ ᠬᠦᠷᠴᠦ᠂ ᠠᠶᠢᠮᠠᠭ ᠤᠨ ᠪᠠᠭᠤᠯᠭᠠᠭᠰᠠᠨ ᠲᠦᠯᠦᠪᠯᠡᠬᠡᠳᠣ ᠡᠬᠦᠷᠬᠡ ᠶᠢ 132%᠎ ᠢᠶᠠᠷ ᠪᠡᠶᠡᠯᠡᠬᠦᠯᠵᠡᠢ᠃ ᠨᠠᠮᠣᠷ ᠤᠨ ᠣᠯᠠᠷᠢᠯ ᠤᠨ ᠭᠤᠣᠯᠳᠠᠯᠭ᠎ᠠ ᠲᠠᠢ ᠲᠦᠰᠦᠯ ᠤᠨ ᠠᠵᠢᠯ ᠡᠬᠢᠯᠡᠬᠦ ᠨᠦᠬᠦᠴᠡᠯ ᠢ ᠪᠣᠳᠠᠳᠠᠶᠢᠵᠢᠭᠤᠯᠵᠦ᠂ ᠣᠯᠠᠭᠠᠢ ᠣᠰᠣᠨ ᠴᠦᠬᠦᠷᠦᠮ ᠤᠨ ᠡᠷᠬᠢ ᠶᠢ ᠪᠠᠬᠢᠯᠡᠨ ᠵᠠᠰᠠᠬᠤ ᠢᠨᠵᠧᠨᠧᠷᠢᠩ ᠪᠣᠯᠣᠨ ᠣᠯᠠᠨ ᠲᠣᠬᠤᠢ ᠶᠢᠨ ᠪᠠᠭᠤᠴᠠ ᠶᠢᠨ ᠭᠠᠵᠠᠷ ᠤᠨ ᠦᠪᠡᠷᠳᠡᠬᠡᠨ ᠲᠡᠷᠬᠡ ᠪᠠᠷᠢᠵᠦ ᠵᠣᠭᠠᠴᠠᠬᠤ ᠵᠣᠭᠠᠴᠠᠯ ᠤᠨ ᠭᠠᠵᠠᠷ ᠤᠨ ᠲᠦᠰᠦᠯ ᠢ ᠣᠷᠣᠭᠰᠢᠳᠠᠢ ᠡᠬᠢᠯᠡᠬᠦᠯᠦᠨ ᠬᠡᠷᠡᠭᠵᠢᠬᠦᠯᠪᠡ᠃       ︵ᠲᠦᠷᠪᠡ︶ ᠬᠤᠳᠠ ᠬᠦᠳᠡᠭᠡ ᠶᠢᠨ ᠲᠦᠷᠢ ᠲᠦᠷᠬᠦ ᠣᠯᠠᠮ ᠨᠢᠬᠡ ᠠᠯᠬᠤᠮ ᠰᠠᠶᠢᠵᠢᠷᠠᠪᠠ᠃ ᠪᠦᠬᠦ ᠵᠢᠯ ᠎ ᠤᠨ ᠪᠡᠯᠡ ᠣᠷᠣᠭᠤᠯᠣᠯᠳᠠ 2.6 ᠳ᠋ᠦᠩᠰᠢᠭᠤᠷ ᠲᠦᠬᠦᠷᠢᠭ᠂ ᠭᠤᠷᠪᠠᠨ ᠵᠢᠯ ᠤᠨ ᠨᠡᠶᠢᠳᠡ ᠪᠡᠯᠡ ᠣᠷᠣᠭᠤᠯᠣᠯᠳᠠ 6 ᠳ᠋ᠦᠩᠰᠢᠭᠤᠷ ᠲᠦᠬᠦᠷᠢᠭ ᠪᠠᠶᠢᠵᠦ᠂ 20 ᠭᠠᠴᠠᠭ᠎ᠠ ᠲᠣᠰᠬᠤᠨ ︵ᠬᠤᠪᠢᠶᠠᠷᠢ ᠲᠠᠯᠠᠪᠠᠢ︶᠂ 60 ᠪᠠᠶᠢᠭᠠᠯᠢ ᠶᠢᠨ ᠲᠣᠰᠬᠤᠨ ᠤ ᠠᠷᠪᠠ ᠶᠢ ᠪᠦᠷᠬᠦᠬᠦᠯᠬᠦ ᠡᠬᠦᠷᠬᠡ ᠪᠠᠨ ᠦᠨᠳᠣᠷ ᠪᠠᠷᠢᠮᠵᠢᠶ᠎ᠠ᠂ ᠦᠨᠳᠦᠷ ᠴᠢᠨᠠᠷ ᠲᠠᠢ ᠪᠡᠶᠡᠯᠡᠬᠦᠯᠵᠡᠢ᠃ 2016 ᠣᠨ ᠳᠤ᠂ 562 ᠡᠷᠦᠬᠡ ᠶᠢᠨ ᠠᠶᠣᠯᠳᠠᠢ ᠪᠠᠶᠢᠰᠢᠩ ᠢ ᠵᠠᠰᠠᠨ ᠪᠠᠶᠢᠭᠤᠯᠵᠦ᠂ ᠣᠰᠣᠨ ᠰᠣᠷᠪᠣᠯᠵᠢ ᠶᠢᠨ ᠬᠤᠳᠳᠤᠭ 41 ᠴᠣᠬᠢᠵᠦ᠂ ᠵᠡᠬᠡᠯᠢ ᠭᠤᠳᠣᠮᠵᠢ ᠶᠢ 50.3 ᠺᠢᠯᠦᠮᠧᠲᠷ ᠣᠷᠳᠣ ᠵᠠᠰᠠᠵᠦ᠂ ᠴᠠᠬᠢᠯᠭᠠᠨ ᠬᠠᠩᠭᠠᠬᠤ ᠱᠣᠭᠤᠮ 72.5 ᠺᠢᠯᠦᠮᠧᠲᠷ ᠪᠠᠶᠢᠭᠤᠯᠵᠦ᠂ ᠰᠦᠯᠵᠢᠶ᠎ᠡ ᠴᠠᠬᠢᠯᠭᠠᠨ 30 ᠡᠷᠦᠬᠡ ᠳᠤ ᠨᠡᠪᠳᠡᠷᠡᠵᠦ᠂ 108 ᠡᠷᠦᠬᠡ ᠎ ᠶᠢᠨ ᠰᠠᠯᠬᠢ ᠬᠡᠷᠡᠯ ᠬᠠᠷᠢᠯᠴᠠᠨ ᠨᠦᠬᠦᠬᠦ ᠮᠠᠰᠢᠨ ᠲᠣᠨᠤᠭ ᠢ ᠵᠡᠷᠭᠡ ᠲᠡᠪᠰᠢᠬᠦᠯᠵᠦ᠂ 600 ᠢᠵᠢ ᠡᠷᠦᠬᠡ ᠡᠷᠦᠬᠡ ᠎ ᠳᠤ ᠨᠡᠪᠳᠡᠷᠡᠬᠦ ᠲᠦᠬᠦᠬᠡᠷᠦᠮᠵᠢ ᠣᠭᠰᠠᠷᠠᠵᠦ᠂ ᠣᠳᠠᠰᠣ ᠦᠬᠡᠢ ᠭᠠᠵᠠᠷ ᠲᠡᠭᠡᠷᠡᠬᠢ ᠳ᠋ᠢᠵᠢᠲ᠋ᠡᠯ ᠲᠧᠯᠸᠢᠰ ᠤᠨ ᠰᠠᠭᠤᠷᠢ ᠦᠷᠳᠡᠭᠡ ᠶᠢ 2 ᠪᠠᠶᠢᠭᠤᠯᠵᠦ᠂ ᠰᠣᠶᠣᠯ ᠤᠨ ᠬᠦᠳᠡᠯᠬᠡᠬᠡᠨ ᠤ ᠲᠠᠰᠤᠭ 1᠂ ᠡᠷᠡᠬᠦᠯ ᠬᠠᠮᠠᠭᠠᠯᠠᠯ ᠤᠨ ᠲᠠᠰᠤᠭ 2᠂ ᠠᠷᠠᠳ ᠲᠤ ᠲᠦᠳᠡ ᠬᠤᠯᠪᠣᠭᠠᠳᠣ ᠬᠡᠳᠣ ᠲᠡᠯᠬᠡᠬᠦᠷ 4᠂ ᠨᠡᠬᠦᠳᠡᠯ ᠬᠡᠳᠣ ᠲᠡᠯᠬᠡᠬᠦᠷ ᠤᠨ ᠲᠡᠷᠬᠡ 2᠎ ᠢ ᠪᠦᠳᠦᠬᠡᠨ ᠪᠠᠶᠢᠭᠤᠯᠪᠠ᠃ ᠦᠨᠳᠦᠷ ᠨᠠᠰᠣᠨ ᠤ ᠨᠦᠬᠦᠪᠦᠷᠢ ᠮᠦᠩᠬᠦ 46.1 ᠲᠦᠮᠡᠨ ᠲᠦᠬᠦᠷᠢᠭ᠂ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ ᠶᠢᠨ ᠮᠦᠩᠬᠦ 303.2 ᠲᠦᠮᠡᠨ ᠲᠦᠬᠦᠷᠢᠭ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠣᠳᠠᠨ ᠢ ᠠᠰᠠᠷᠠᠬᠤ ᠲᠠᠭᠠᠳᠬᠠᠯ ᠤᠨ ᠨᠢᠬᠡᠳᠣᠯᠳᠡᠢ ᠰᠠᠭᠤᠷᠢ ᠮᠦᠩᠬᠦ 91.8 ᠲᠦᠮᠡᠨ ᠲᠦᠬᠦᠷᠢᠭ ᠲᠤ ᠬᠦᠷᠴᠦ᠂ ᠰᠢᠨ᠎ᠡ ᠮᠠᠶ᠋ᠢᠭ ᠤᠨ ᠬᠦᠳᠡᠭᠡ ᠲᠣᠰᠬᠤᠨ ᠤ ᠬᠤᠷᠰᠢᠭᠰᠠᠨ ᠡᠮᠨᠡᠯᠬᠡ ᠶᠢᠨ ᠲᠠᠭᠠᠳᠬᠠᠯ ᠳᠤ 5295 ᠬᠦᠮᠦᠨ ᠣᠷᠣᠯᠴᠠᠪᠠ᠃ ᠬᠤᠳᠠ ᠬᠦᠳᠡᠭᠡ ᠶᠢᠨ ᠬᠦᠭᠵᠢᠯᠳᠡ ᠶᠢᠨ ᠬᠡᠷᠡᠭᠴᠡᠭᠡ ᠶᠢᠨ ᠲᠣᠭᠤᠷᠢᠨ ᠳᠤ᠂ ᠨᠢᠰᠬᠡᠯ ᠤᠨ ᠲᠠᠯᠠᠪᠠᠢ ᠎ ᠶᠢᠨ ᠵᠠᠮ ᠢ 32 ᠺᠢᠯᠦᠮᠧᠲᠷ ᠲᠡᠪᠢᠰᠴᠦ᠂ ᠬᠤᠭ ᠪᠣᠯᠠᠬᠤ ᠲᠠᠯᠠᠪᠠᠢ ᠪᠠᠶᠢᠭᠤᠯᠣᠨ ᠲᠠᠭᠤᠰᠴᠣ ᠠᠰᠢᠭᠯᠠᠯᠳᠠ ᠳᠤ ᠣᠷᠣᠪᠠ᠂ ᠪᠣᠵᠠᠷ ᠣᠰᠣ ᠶᠢ ᠴᠡᠪᠡᠷᠰᠢᠬᠦᠯᠬᠦ ᠦᠢᠯᠡᠳᠪᠦᠷᠢ᠂ ᠣᠯᠠᠭᠠᠢ ᠣᠰᠣᠨ ᠴᠦᠬᠦᠷᠦᠮ ᠤᠨ ᠠᠶᠣᠯ ᠢ ᠠᠷᠢᠯᠭᠠᠵᠦ ᠪᠠᠬᠢᠵᠢᠬᠦᠯᠬᠦ ᠢᠨᠵᠧᠨ᠋ᠷᠢᠩ ᠠᠵᠢᠯ ᠲᠠᠭᠤᠰᠪᠠ᠃ ᠪᠠᠶᠠᠨᠬᠤᠰᠢᠭᠤ ᠪᠠᠯᠭᠠᠰᠣ ᠠᠮᠵᠢᠯᠳᠠ ᠲᠠᠢ ᠪᠠᠷ ᠬᠤᠶᠠᠳᠣᠭᠠᠷ ᠪᠦᠯᠦᠭ ᠦᠪᠡᠷᠳᠡᠬᠡᠨ ᠵᠠᠰᠠᠬᠤ ᠣᠷᠣᠨ ᠤ ᠲᠡᠰ ᠤᠨ ᠣᠨᠴᠠᠯᠢᠭᠳᠣ ᠦᠵᠡᠮᠵᠢ ᠶᠢᠨ ᠵᠢᠭᠤᠯᠴᠢᠯᠠᠯ ᠤᠨ ᠨᠡᠷᠡᠳᠣ ᠪᠠᠯᠭᠠᠰᠣ᠂ ᠭᠤᠷᠪᠠᠳᠣᠭᠠᠷ ᠪᠦᠯᠦᠭ ᠦᠪᠡᠷᠳᠡᠬᠡᠨ ᠵᠠᠰᠠᠬᠤ ᠣᠷᠣᠨ ᠤ ᠲᠡᠰ ᠤᠨ ᠭᠤᠶᠢᠳᠠ ᠲᠠᠭᠠᠳᠠᠢ ᠰᠠᠭᠤᠷᠢᠰᠢᠯ ᠤᠨ ᠵᠢᠵᠢᠭ ᠪᠠᠯᠭᠠᠰᠣ ᠪᠠᠷ ᠵᠦᠪᠰᠢᠶᠡᠷᠡᠭᠳᠡᠪᠡ᠂ ᠦᠪᠡᠷᠳᠡᠬᠡᠨ ᠵᠠᠰᠠᠬᠤ ᠣᠷᠣᠨ ᠤ ᠲᠡᠰ ᠤᠨ ᠪᠣᠯᠪᠠᠰᠣᠨ ᠬᠤᠳᠠ ᠪᠠᠯᠭᠠᠰᠣ ᠶᠢᠨ ᠲᠠᠬᠢᠬᠤ ᠰᠢᠬᠦᠯᠳᠡ ᠶᠢ ᠦᠩᠬᠡᠷᠡᠪᠡ᠃      ︵ᠲᠠᠪᠤ︶ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ ᠯᠠᠪᠳᠠᠭᠤᠨ ᠠᠬᠢᠭᠤᠯᠪᠠ᠃ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠬᠢᠯᠠᠭ᠎ᠠ ᠶᠢᠨ ᠭᠤᠭᠴᠠᠭᠠᠨ ᠤ ᠦᠬᠡᠷᠡᠴᠢᠯᠡᠯᠳᠡ ᠶᠢ ᠲᠠᠰᠣᠷᠠᠯᠳᠠ ᠦᠬᠡᠢ ᠬᠦᠨᠵᠡᠬᠡᠶᠢᠷᠡᠬᠦᠯᠵᠦ᠂ ᠨᠡᠶᠢᠬᠡᠮ ᠠᠵᠦ ᠠᠬᠤᠢ ᠶᠢᠨ ᠬᠦᠭᠵᠢᠯᠳᠡ ᠶᠢᠨ ᠬᠦᠳᠡᠯᠬᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠢ ᠨᠡᠮᠡᠭᠳᠡᠬᠦᠯᠪᠡ᠃ ᠵᠢᠯ ᠤᠨ ᠡᠬᠢᠨ ᠳᠤ 6 ᠬᠦᠷᠢᠶ᠎ᠡ ᠬᠡᠪᠴᠢᠶᠡᠨ ᠤ 115 ᠲᠦᠷᠦᠯ ᠤᠨ ᠦᠬᠡᠷᠡᠴᠢᠯᠡᠯᠳᠡ ᠶᠢᠨ ᠡᠬᠦᠷᠬᠡ ᠶᠢ ᠲᠣᠭᠳᠠᠭᠠᠵᠦ᠂ 100 ᠲᠦᠷᠦᠯ ᠨᠢ ᠨᠢᠬᠡᠨᠳᠡ ᠦᠬᠡᠷᠡᠴᠢᠯᠡᠯᠳᠡ ᠶᠢᠨ ᠦᠷ᠎ᠡ ᠳ᠋ᠦᠩ ᠢᠯᠡᠷᠡᠪᠡ᠃ ᠠᠶᠢᠮᠠᠭ ᠤᠨ ᠲᠠᠰ ᠤᠨ 5 ᠲᠦᠷᠦᠯ ᠤᠨ ᠦᠬᠡᠷᠡᠴᠢᠯᠡᠯᠳᠡ ᠶᠢᠨ ᠴᠡᠭ ᠢ ᠲᠠᠭᠠᠭᠠᠵᠦ ᠪᠦᠬᠦ ᠲᠠᠯ᠎ᠠ ᠪᠠᠷ ᠬᠡᠷᠡᠭᠵᠢᠬᠦᠯᠵᠦ᠂ ᠬᠡᠰᠡᠭ ᠪᠦᠯᠦᠭ ᠵᠠᠩᠬᠢᠯᠠᠭ᠎ᠠ ᠶᠢᠨ ᠬᠦᠷᠢᠶ᠎ᠡ ᠬᠡᠪᠴᠢᠶ᠎ᠡ ᠪᠣᠯᠣᠨ ᠭᠤᠣᠯᠳᠠᠯᠭ᠎ᠠ ᠲᠠᠢ ᠭᠤᠭᠴᠠᠭᠠᠨ ᠤ ᠦᠬᠡᠷᠡᠴᠢᠯᠡᠯᠳᠡ ᠠᠩᠬ᠎ᠠ ᠠᠯᠬᠤᠮ ᠤᠨ ᠠᠮᠵᠢᠯᠳᠠ ᠣᠯᠪᠠ᠃ ᠲᠠᠯ᠎ᠠ ᠨᠣᠳᠤᠭ ᠤᠨ ᠡᠷᠬᠡ ᠶᠢ ᠲᠣᠭᠳᠠᠭᠠᠵᠦ ᠲᠠᠭᠠᠭᠠᠴᠢᠯᠠᠬᠤ ᠶᠢ ᠪᠦᠷᠢᠳᠬᠡᠬᠦ ᠠᠵᠢᠯ ᠪᠣᠳᠠᠳᠣ ᠭᠠᠵᠠᠷ ᠤᠨ ᠬᠠᠶᠢᠨ ᠪᠠᠶᠢᠴᠠᠭᠠᠯᠳᠠ ᠬᠢᠵᠦ 1347 ᠡᠷᠦᠬᠡ ᠳᠤ ᠣᠷᠣᠵᠦ ᠴᠡᠭ ᠲᠡᠮᠳᠡᠭ ᠲᠠᠯᠪᠢᠵᠦ᠂ ᠪᠦᠬᠦᠶᠢᠯᠡ ᠡᠬᠦᠷᠬᠡ ᠶᠢᠨ 80%᠎ ᠶᠢ ᠪᠡᠶᠡᠯᠡᠬᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾᠎ ᠶᠢᠨ ᠦᠬᠡᠷᠡᠴᠢᠯᠡᠯᠳᠡ ᠶᠢᠨ ᠬᠦᠴᠦᠯᠡᠴᠡ ᠶᠢ ᠶᠡᠬᠡᠳᠬᠡᠵᠦ᠂ ︽ᠨᠢᠬᠡ ᠬᠠᠭᠤᠳᠠᠰᠣ ᠬᠤᠶᠠᠷ ᠬᠦᠮᠦᠷᠬᠡ ᠨᠢᠬᠡ ᠨᠠᠷᠢᠨ ᠵᠦᠢᠯᠡᠰ︾᠎ ᠢ ᠵᠣᠬᠢᠶᠠᠵᠦ᠂ 28 ᠲᠢᠩᠬᠢᠮ ᠳᠤ ᠣᠷᠣᠭᠰᠠᠨ ᠪᠠᠶᠢᠭᠤᠯᠭ᠎ᠠ ᠶᠢᠨ 349 ᠵᠦᠢᠯ ᠤᠨ ᠲᠢᠩᠬᠢᠮ ᠳᠤ ᠣᠷᠣᠭᠰᠠᠨ ᠲᠦᠰᠦᠯ ᠤᠨ ᠬᠦᠢᠴᠡᠳᠬᠡᠬᠦ ᠶᠠᠪᠣᠴᠠ ᠶᠢ ᠰᠢᠯᠢᠳᠡᠭᠵᠢᠬᠦᠯᠵᠦ᠂ ᠭᠠᠷᠴᠠᠭ ᠤᠨ ᠵᠢᠭᠰᠠᠭᠠᠯᠳᠠ ᠪᠣᠯᠣᠨ ᠪᠦᠬᠦ ᠬᠦᠢᠴᠡᠳᠬᠡᠬᠦ ᠶᠠᠪᠣᠴᠠ ᠶᠢ ᠢᠯᠡ ᠪᠣᠯᠭᠠᠬᠤ ᠲᠦᠷᠢᠮ ᠢ ᠪᠠᠶᠢᠭᠤᠯᠵᠦ ᠰᠢᠬᠦᠨ ᠵᠦᠪᠰᠢᠶᠡᠷᠡᠬᠦ ᠴᠠᠭ ᠤᠨ ᠬᠢᠵᠠᠭᠠᠷ ᠢ ᠲᠡᠭᠰᠢᠳᠬᠡᠭᠡᠳ 60%᠎ ᠪᠠᠷ ᠪᠣᠭᠤᠨᠢᠰᠬᠠᠪᠠ᠃ ︽ᠣᠯᠠᠨ ᠨᠡᠶᠢᠳᠡ ᠎ ᠶᠢᠨ ᠡᠬᠢ ᠪᠠᠶᠠᠯᠢᠭ ᠤᠨ ᠠᠷᠠᠯᠵᠢᠶᠠᠨ ᠤ ᠰᠢᠰᠲ᠋ᠧᠮ ᠤᠨ ᠲᠠᠪᠴᠠᠩ︾᠎ ᠢ ᠭᠠᠪᠰᠢᠭᠠᠶᠢᠯᠠᠨ ᠡᠬᠢᠯᠡᠬᠦᠯᠵᠦ᠂ ᠡᠯᠧᠺᠲᠷᠦᠨ ᠲᠧᠨ᠋ᠳᠧᠷ ᠵᠠᠷᠯᠠᠨ ᠣᠷᠣᠯᠴᠠᠬᠤ ᠠᠵᠢᠯᠯᠠᠭ᠎ᠠ ᠢ ᠦᠷᠨᠢᠬᠦᠯᠪᠡ᠃      ︵ᠵᠢᠷᠭᠤᠭ᠎ᠠ︶ ᠠᠷᠠᠳ ᠤᠨ ᠠᠮᠢᠳᠣᠷᠠᠯ ᠤᠨ ᠪᠠᠳᠣᠯᠠᠭ᠎ᠠ ᠦᠷᠬᠦᠯᠵᠢᠯᠡᠨ ᠰᠠᠶᠢᠵᠢᠷᠠᠪᠠ᠃ ᠡᠳ᠋ ᠤᠨ ᠵᠠᠰᠠᠭ ᠎ ᠤᠨ ᠪᠡᠯᠡ ᠮᠦᠩᠬᠦ ᠶᠢ ᠠᠷᠠᠳ ᠤᠨ ᠠᠮᠢᠳᠣᠷᠠᠯ ᠤᠨ ᠬᠦᠷᠢᠶ᠎ᠡ ᠬᠡᠪᠴᠢᠶᠡᠨ ᠳᠤ ᠬᠡᠷᠡᠭᠯᠡᠬᠦ ᠵᠠᠷᠣᠯᠭ᠎ᠠ ᠶᠢᠨ ᠬᠠᠨᠳᠣᠯᠭ᠎ᠠ ᠎ ᠶᠢ ᠪᠠᠷᠢᠮᠳᠠᠯᠠᠵᠦ᠂ ᠠᠷᠠᠳ ᠤᠨ ᠠᠮᠢᠳᠣᠷᠠᠯ ᠳᠠᠬᠢ ᠪᠡᠯᠡ ᠣᠷᠣᠭᠤᠯᠣᠯᠳᠠ ᠠᠳᠠᠯᠢ ᠬᠤᠭᠤᠴᠠᠭᠠᠨ ᠳᠤ  38.4% ᠎ ᠪᠠᠷ ᠨᠡᠮᠡᠭᠳᠡᠪᠡ᠃ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠶᠡᠭᠡ ᠬᠦᠴᠦᠨ ᠢᠶᠠᠷ ᠲᠦᠯᠬᠢᠨ ᠠᠬᠢᠭᠤᠯᠵᠦ᠂ 139 ᠡᠷᠦᠬᠡ 253 ᠬᠦᠮᠦᠨ ᠢ ᠲᠣᠣᠷ᠎ᠠ ᠪᠠᠳᠣᠯᠠᠭ᠎ᠠ ᠶᠢᠨ ᠬᠦᠷᠢᠶᠡᠨ ᠳᠤ ᠣᠷᠣᠭᠤᠯᠵᠦ᠂ ᠪᠣᠰᠣᠳ 13 ᠡᠷᠦᠬᠡ 39 ᠨᠡᠷᠡᠰ ᠠᠶᠢᠮᠠᠭ ᠲᠤ ᠲᠠᠩᠰᠠ ᠺᠠᠷᠲ ᠪᠠᠶᠢᠭᠤᠯᠣᠭᠰᠠᠨ ᠶᠠᠳᠠᠭᠤ ᠡᠷᠦᠬᠡ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠪᠠ᠃ ᠠᠳᠠᠯ ᠪᠣᠰᠬᠠᠬᠤ ᠠᠵᠢᠯ ᠣᠯᠭᠤᠬᠤ ᠲᠡᠳᠬᠦᠬᠦ ᠠᠵᠢᠯ ᠢ ᠨᠢᠬᠡᠳᠬᠡᠨ ᠠᠬᠢᠭᠤᠯᠵᠦ᠂ ᠬᠤᠳᠠ ᠪᠠᠯᠭᠠᠰᠣᠨ ᠤ ᠡᠯ᠎ᠡ ᠲᠦᠷᠦᠯ ᠤᠨ ᠬᠦᠮᠦᠰ ᠪᠣᠯᠣᠨ ᠮᠠᠯᠴᠢᠨ ᠲᠠᠷᠢᠶᠠᠴᠢᠨ ᠢ ᠰᠢᠵᠢᠯᠵᠢᠬᠦᠯᠦᠨ 1337 ᠬᠦᠮᠦᠨ ᠢ ᠲᠣᠬᠢᠨᠠᠭᠤᠯᠵᠦ᠂ ᠬᠤᠳᠠ ᠪᠠᠯᠭᠠᠰᠣᠨ ᠤ ᠪᠦᠷᠢᠳᠬᠡᠯ ᠳᠠᠬᠢ ᠠᠵᠢᠯ ᠠᠯᠳᠠᠬᠤ ᠨᠣᠷᠮ᠎ᠠ ᠶᠢ 2.9%᠎ ᠶᠢᠨ ᠲᠣᠳᠣᠷ᠎ᠠ ᠬᠢᠵᠠᠭᠠᠷᠯᠠᠪᠠ᠃ ᠰᠣᠷᠭᠠᠨ ᠬᠦᠮᠦᠵᠢᠯ ᠤᠨ ᠲᠡᠩᠴᠡᠬᠦᠷᠢ ᠲᠠᠢ ᠬᠦᠭᠵᠢᠯᠳᠡ ᠶᠢ ᠠᠬᠢᠭᠤᠯᠵᠦ᠂ ᠮᠣᠩᠭᠤᠯ ᠰᠣᠷᠭᠠᠭᠤᠯᠢ ᠎ ᠶᠢᠨ ᠲᠣᠷᠰᠢᠯᠳᠡ ᠶᠢᠨ ᠠᠰᠠᠷ᠂ ᠲᠠᠮᠢᠷ ᠤᠨ ᠬᠦᠳᠡᠯᠬᠡᠬᠡᠨ ᠤ ᠲᠠᠰᠤᠭ ᠪᠣᠯᠣᠨ ᠰᠠᠯᠬᠢᠨ ᠪᠣᠷᠣᠭᠠᠨ ᠲᠠᠮᠢᠷ ᠤᠨ ᠲᠠᠯᠠᠪᠣᠷ ᠤᠨ ᠭᠤᠣᠯ ᠴᠣᠭᠴᠠ ᠶᠢᠨ ᠢᠨᠵᠧᠨᠧᠷᠢᠩ ᠠᠵᠢᠯ ᠲᠠᠭᠤᠰᠴᠣ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠡᠦᠬᠡᠳ ᠤᠨ ᠴᠡᠴᠡᠷᠯᠢᠭ ᠠᠰᠢᠭᠯᠠᠯᠳᠠ ᠳᠤ ᠣᠷᠣᠵᠦ᠂ ᠠᠩᠬ᠎ᠠ ᠲᠣᠮᠳᠠᠳᠣ᠂ ᠦᠨᠳᠦᠷ ᠲᠣᠮᠳᠠᠳᠣ ᠎ ᠶᠢᠨ ᠰᠣᠷᠭᠠᠨ ᠬᠦᠮᠦᠵᠢᠯ ᠵᠢᠭᠠᠨ ᠰᠣᠷᠭᠠᠬᠤ ᠲᠦᠪᠰᠢᠨ ᠯᠠᠪᠳᠠᠭᠤᠨ ᠢᠶᠠᠷ ᠲᠡᠭᠡᠭᠰᠢᠯᠡᠵᠦ᠂ ᠣᠯᠣᠰ ᠤᠨ ᠰᠣᠷᠭᠠᠨ ᠬᠦᠮᠦᠵᠢᠯ ᠤᠨ ᠬᠡᠯᠳᠡᠰ ᠠᠴᠠ ᠮᠣᠩᠭᠤᠯ ᠰᠣᠷᠭᠠᠭᠤᠯᠢ ᠶᠢ ᠪᠦᠬᠦ ᠣᠯᠣᠰ ᠤᠨ ᠰᠣᠷᠭᠠᠭᠤᠯᠢ ᠶᠢᠨ ᠬᠦᠯ ᠪᠦᠮᠪᠦᠭᠡ ᠎ ᠶᠢᠨ ᠣᠨᠴᠠᠯᠢᠭᠳᠣ ᠰᠣᠷᠭᠠᠭᠤᠯᠢ ᠬᠡᠮᠡᠨ ᠨᠡᠷᠡᠶᠢᠳᠪᠡ᠃ ᠣᠯᠠᠨ ᠲᠦᠮᠡᠨ ᠤ ᠡᠷᠡᠬᠦᠯ ᠮᠡᠨᠳᠣ ᠶᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ ᠨᠡᠶᠢᠳᠡ ᠶᠢᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠵᠦ᠂ ︽1322︾ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ ᠦᠪᠦᠷ ᠮᠣᠩᠭᠤᠯ ᠤᠨ ᠠᠷᠠᠳ ᠎ ᠤᠨ ᠡᠮᠨᠡᠯᠬᠡ ᠶᠢᠨ ᠬᠤᠷᠢᠶ᠎ᠠ ᠲᠠᠢ ᠡᠮᠴᠢᠯᠡᠬᠡᠨ ᠤ ᠬᠤᠯᠪᠣᠭᠠᠯᠠᠭᠰᠠᠨ ᠴᠣᠭᠴᠠ ᠶᠢ ᠪᠠᠶᠢᠭᠤᠯᠣᠨ᠂ ᠲᠣᠰᠬᠠᠢ ᠮᠡᠷᠬᠡᠵᠢᠯᠳᠡᠨ ᠠᠴᠠ 1000 ᠭᠠᠷᠣᠢ ᠬᠦᠮᠦᠨ ᠣᠳᠠᠭ᠎ᠠ ᠰᠦᠢᠳᠬᠡᠯ ᠦᠬᠡᠢ ᠡᠮᠴᠢᠯᠡᠵᠦ᠂ 1763 ᠨᠠᠷᠡᠰ ᠮᠠᠯᠴᠢᠨ ᠲᠠᠷᠢᠶᠠᠴᠢᠨ ᠳᠤ ᠰᠦᠢᠳᠬᠡᠯ ᠦᠬᠡᠢ ᠪᠡᠶ᠎ᠡ ᠶᠢᠨ ᠪᠠᠶᠢᠴᠠᠭᠠᠯᠳᠠ ᠬᠢᠵᠦ᠂ ᠡᠷᠡᠬᠦᠯ ᠮᠡᠨᠳᠣ ᠶᠢ ᠪᠠᠳᠣᠯᠠᠬᠤ ᠵᠢᠵᠢᠭ ᠡᠮ ᠎ ᠤᠨ ᠬᠠᠶᠢᠷᠴᠠᠭ ᠮᠠᠯᠴᠢᠨ ᠲᠠᠷᠢᠶᠠᠴᠢᠨ ᠡᠷᠦᠬᠡ ᠶᠢ ᠪᠦᠬᠦᠨ ᠢ ᠪᠦᠷᠬᠦᠵᠦ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠨᠡᠷ ᠦᠷᠬᠦᠯᠵᠢᠯᠡᠨ ᠲᠡᠭᠡᠭᠰᠢᠯᠡᠪᠡ᠃ ᠣᠯᠠᠨ ᠲᠦᠮᠡᠨ ᠤ ᠰᠣᠶᠣᠯ ᠤᠨ ᠠᠮᠢᠳᠣᠷᠠᠯ ᠢ ᠣᠯᠠᠮ ᠨᠢᠬᠡ ᠠᠯᠬᠤᠮ ᠪᠠᠶᠠᠯᠢᠭᠵᠢᠭᠤᠯᠵᠦ᠂ ᠪᠦᠬᠦ ᠵᠢᠯ ᠳᠤ 64 ᠲᠦᠷᠦᠯ ᠤᠨ ᠰᠣᠶᠣᠯ ᠲᠠᠮᠢᠷ ᠤᠨ ᠬᠦᠳᠡᠯᠬᠡᠬᠡᠨ ᠦᠷᠨᠢᠬᠦᠯᠪᠡ᠃ ᠡᠯ᠎ᠡ ᠵᠦᠢᠯ ᠤᠨ ᠲᠠᠮᠢᠷ ᠤᠨ ᠣᠷᠣᠯᠳᠣᠭᠠᠨ ᠢ ᠵᠣᠬᠢᠶᠠᠨ ᠪᠠᠶᠢᠭᠤᠯᠣᠨ᠂ ᠨᠡᠶᠢᠳᠡ 27 ᠠᠯᠳᠠᠨ ᠮᠧᠳᠡᠯ ᠬᠦᠷᠳᠡᠵᠦ᠂ ᠦᠪᠡᠷᠳᠡᠬᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠦᠩᠬᠡᠢ ᠲᠣᠪᠴᠢᠶ᠎ᠠ ᠠᠴᠠ ᠠᠩᠬᠠᠨ ᠤ ᠪᠦᠯᠦᠭ ᠤᠨ ︽ᠮᠣᠩᠭᠤᠯ ᠰᠣᠷ ᠬᠠᠷᠪᠣᠯᠳᠠ ᠶᠢᠨ ᠪᠡᠶ᠎ᠡ ᠲᠠᠮᠢᠷ ᠤᠨ ᠪᠣᠯᠪᠠᠰᠣᠷᠠᠯ ᠤᠨ ᠰᠠᠭᠤᠷᠢᠨ ᠭᠠᠵᠠᠷ︾ ᠬᠡᠮᠡᠨ ᠦᠨᠡᠯᠡᠭᠳᠡᠪᠡ᠃ ᠭᠠᠮᠰᠢᠭ ᠲᠤ ᠦᠷᠳᠡᠭᠰᠡᠨ ᠠᠷᠠᠳ ᠲᠦᠮᠡᠨ ᠤ ᠦᠢᠯᠡᠳᠪᠦᠷᠢᠯᠡᠯ ᠠᠮᠢᠳᠣᠷᠠᠯ ᠢ ᠦᠨᠡᠨᠬᠦ ᠪᠠᠳᠣᠯᠠᠵᠦ᠂ 1.15 ᠳ᠋ᠦᠩᠰᠢᠭᠤᠷ ᠺᠢᠯᠦᠭᠷᠡᠮ ᠡᠪᠡᠰᠣ ᠬᠠᠳᠠᠭᠠᠯᠠᠵᠦ᠂ ᠭᠠᠮᠰᠢᠭ ᠢ ᠡᠰᠡᠷᠬᠦᠴᠡᠬᠦ ᠭᠠᠮᠰᠢᠭ ᠠᠴᠠ ᠠᠪᠣᠷᠠᠬᠤ ᠪᠡᠯᠡ ᠮᠦᠩᠬᠦ 478.5 ᠲᠦᠮᠡᠨ ᠲᠦᠬᠦᠷᠢᠭ ᠪᠠᠭᠤᠯᠭᠠᠪᠠ᠃ ᠬᠦᠴᠢᠷᠳᠡᠯᠳᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠦᠨᠳᠦᠰᠦᠨ ᠪᠠᠳᠣᠯᠠᠭ᠎ᠠ ᠶᠢᠨ ᠡᠯ᠎ᠡ ᠠᠷᠭ᠎ᠠ ᠬᠡᠮᠵᠢᠶ᠎ᠡ ᠶᠢ ᠬᠦᠨᠵᠡᠬᠡᠢ ᠬᠡᠷᠡᠭᠵᠢᠬᠦᠯᠵᠦ᠂ ᠬᠦᠴᠢᠷ ᠲᠠᠢ ᠠᠷᠠᠳ ᠤᠨ ᠠᠮᠣᠷ ᠲᠦᠪᠰᠢᠨ ᠡᠪᠦᠯ ᠢ ᠦᠩᠬᠡᠷᠡᠬᠡᠵᠦ ᠬᠠᠪᠣᠷ ᠢ ᠬᠡᠳᠦᠯᠬᠦ ᠶᠢ ᠪᠠᠳᠣᠯᠠᠪᠠ᠃      ︵ᠲᠣᠯᠤᠭ᠎ᠠ︶ ᠨᠡᠶᠢᠬᠡᠮ ᠤᠨ ᠪᠠᠶᠢᠳᠠᠯ ᠡᠶ᠎ᠡ ᠵᠣᠬᠢᠴᠠᠩᠭᠤᠢ ᠠᠮᠣᠷ ᠲᠣᠭᠳᠠᠭᠤᠨ᠃ ︽ᠠᠮᠣᠷ ᠲᠠᠶᠢᠪᠣᠩ ᠣᠯᠠᠭᠠᠢ︾᠎ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠵᠠᠬᠢᠳᠠᠯ ᠰᠣᠷᠪᠣᠯᠵᠢᠯᠠᠭ᠎ᠠ ᠲᠣᠭᠳᠠᠭᠤᠨ ᠢ ᠪᠠᠳᠣᠯᠠᠬᠤ ᠵᠢᠴᠢ ᠠᠮᠣᠷ ᠲᠠᠶᠢᠪᠣᠩ ᠢ ᠡᠬᠦᠳᠬᠦ ᠡᠯ᠎ᠡ ᠲᠦᠷᠦᠯ ᠤᠨ ᠠᠵᠢᠯ ᠢ ᠬᠦᠨᠵᠡᠬᠡᠢ ᠦᠷᠨᠢᠬᠦᠯᠵᠦ᠂ ᠡᠯ᠎ᠡ ᠵᠦᠢᠯ ᠎ ᠤᠨ ᠵᠦᠷᠢᠴᠡᠯ ᠵᠢᠭᠤᠷᠠᠯᠳᠣᠭᠠᠨ ᠢ 236 ᠪᠠᠶᠢᠴᠠᠭᠠᠨ ᠭᠠᠷᠭᠠᠵᠦ᠂ 229᠎ ᠶᠢ ᠰᠢᠢᠳᠪᠦᠷᠢᠯᠡᠨ᠂ ᠵᠠᠬᠢᠳᠠᠯ ᠰᠣᠷᠪᠣᠯᠵᠢᠯᠠᠭ᠎ᠠ ᠶᠢᠨ ᠪᠦᠯᠦᠭ ᠪᠣᠯᠣᠨ ᠬᠦᠮᠦᠨ ᠣᠳᠠᠭ᠎ᠠ ᠠᠳᠠᠯᠢ ᠬᠠᠷᠢᠴᠠᠭᠤᠯᠣᠯ ᠲᠣᠣᠷ᠎ᠠ ᠲᠣᠰ ᠲᠣᠰ 54% ᠪᠣᠯᠣᠨ 68%᠎ ᠪᠠᠷ ᠪᠠᠭᠤᠷᠠᠪᠠ᠃ ︽11.26︾ ᠣᠨᠴᠣᠭᠠᠢ ᠶᠡᠭᠡ ᠬᠦᠮᠦᠨ ᠠᠯᠠᠭᠰᠠᠨ ᠬᠡᠷᠡᠭ ᠢ ᠠᠮᠵᠢᠯᠳᠠ ᠲᠠᠢ ᠲᠠᠩᠨᠠᠨ ᠡᠪᠳᠡᠵᠦ᠂ ᠬᠦᠨᠳᠣ ᠶᠡᠭᠡ ᠨᠡᠶᠢᠬᠡᠮ ᠤᠨ ᠤᠨ ᠠᠮᠣᠷ ᠲᠦᠪᠰᠢᠨ ᠤ ᠨᠢᠭᠤᠭᠳᠠᠮᠠᠯ ᠬᠡᠮ ᠢ ᠴᠠᠭ ᠢ ᠠᠮᠵᠢᠨ ᠠᠷᠢᠯᠭᠠᠭᠰᠠᠨ ᠪᠠᠶᠢᠨ᠎ᠠ᠃ ᠠᠮᠣᠷ ᠲᠦᠪᠰᠢᠨ ᠢᠶᠠᠷ ᠦᠢᠯᠡᠳᠪᠦᠷᠢᠯᠡᠬᠦ ᠶᠡᠭᠡ ᠪᠠᠶᠢᠴᠠᠭᠠᠯᠳᠠ ᠶᠢ ᠬᠦᠨᠵᠡᠬᠡᠢ ᠦᠷᠨᠢᠬᠦᠯᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠡᠶᠢᠬᠤ᠂ ᠠᠵᠢᠯ ᠲᠦᠷᠦᠯ ᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠣᠨ ᠠᠵᠦ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠵᠦ᠂ ᠨᠡᠬᠦᠷᠡᠰᠣᠨ ᠠᠭᠤᠷᠬᠠᠢ᠂ ᠭᠠᠯ ᠣᠨᠳᠠᠷᠠᠭᠠᠬᠤ᠂ ᠵᠠᠮ ᠬᠠᠷᠢᠯᠴᠠᠭ᠎ᠠ᠂ ᠠᠶᠣᠯᠳᠣ ᠲᠡᠯᠪᠡᠷᠡᠯᠳᠡ᠂ ᠢᠳᠡᠬᠡᠨ ᠡᠮ᠂ ᠣᠨᠴᠣᠭᠤᠢ ᠲᠦᠬᠦᠬᠡᠷᠦᠮᠵᠢ ᠵᠡᠷᠬᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠴᠢᠩᠭ᠎ᠠ ᠴᠠᠭᠳᠠᠵᠦ᠂ ᠠᠰᠠᠭᠤᠳᠠᠯ ᠤᠨ ᠬᠡᠮ ᠰᠣᠭᠤᠭ ᠢ ᠵᠠᠰᠠᠨ ᠦᠬᠡᠷᠡᠴᠢᠯᠡᠬᠦ ᠶᠢ ᠬᠡᠷᠡᠭᠵᠢᠬᠦᠯᠬᠦ ᠶᠢ ᠴᠢᠩᠭ᠎ᠠ ᠠᠳᠬᠤᠵᠦ᠂ ᠠᠮᠣᠷ ᠲᠦᠪᠰᠢᠨ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠳᠠᠭᠤᠨ ᠪᠠᠶᠢᠨ᠎ᠠ᠃      ᠬᠢᠷᠢ ᠪᠦᠳᠦᠮᠵᠢ ᠪᠠᠨ ᠬᠦᠢᠴᠡᠳ ᠦᠨᠡᠯᠡᠬᠦ ᠶᠢᠨ ᠬᠠᠮᠳᠣ᠂ ᠪᠢᠳᠡ ᠬᠠᠮᠢᠶᠠᠷᠣᠯᠳᠠ ᠶᠢᠨ ᠣᠷᠣᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠣᠮᠳᠣᠭᠠᠶᠢᠯᠠᠵᠦ ᠪᠣᠯᠣᠰᠢ ᠦᠬᠡᠢ ᠬᠦᠴᠢᠷ ᠪᠣᠯᠣᠨ ᠠᠰᠠᠭᠤᠳᠠᠯ ᠲᠣᠯᠭᠠᠷᠠᠵᠦ ᠪᠠᠶᠢᠬᠤ ᠶᠢ ᠰᠡᠷᠭᠡᠭ ᠢᠶᠠᠷ ᠣᠯᠵᠦ ᠬᠠᠷᠠᠬᠤ ᠬᠡᠷᠡᠭᠳᠡᠢ᠃ ᠨᠢᠬᠡ ᠳᠤ ᠠᠵᠦ ᠠᠬᠤᠢ ᠶᠢᠨ ᠬᠦᠭᠵᠢᠯᠳᠡ ᠲᠣᠷᠣᠭᠰᠢᠯᠠᠬᠤ ᠲᠠᠷᠣᠯᠳᠠ ᠮᠦᠨ ᠶᠡᠭᠡ ᠪᠠᠶᠢᠭᠰᠠᠭᠠᠷ᠂ ᠪᠡᠯᠡ ᠣᠷᠣᠭᠤᠯᠣᠯᠳᠠ ᠨᠢ ᠠᠵᠦ ᠠᠬᠤᠢ ᠶᠢᠨ ᠦᠰᠦᠯᠳᠡ ᠶᠢ ᠲᠠᠳᠠᠬᠤ ᠦᠢᠯᠡᠳᠣᠯ ᠲᠣᠳᠠᠮᠠᠭ᠂ ᠠᠵᠦ ᠦᠢᠯᠡᠰ ᠤᠨ ᠬᠡᠪ ᠰᠢᠯᠵᠢᠨ ᠵᠡᠷᠬᠡ ᠲᠡᠪᠰᠢᠬᠦ ᠳᠤ ᠬᠡᠮᠵᠢᠶ᠎ᠡ ᠶᠢ ᠨᠡᠮᠡᠬᠦ ᠲᠦᠰᠦᠯ ᠪᠠᠭ᠎ᠠ ᠃ ᠬᠤᠶᠠᠷ ᠲᠤ ᠲᠠᠷᠢᠶᠠᠯᠠᠩ ᠮᠠᠯᠵᠢᠯ ᠤᠨ ᠦᠢᠯᠡᠰ ᠤᠨ ᠬᠦᠭᠵᠢᠯᠳᠡ ᠨᠢ ᠦᠢᠯᠡᠳᠪᠦᠷᠢᠯᠡᠯ ᠤᠨ ᠦᠷᠳᠡᠭ ᠤᠨ ᠦᠨᠳᠦᠷᠵᠢᠬᠦ ᠪᠣᠯᠣᠨ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠤ ᠬᠠᠩᠰᠢ ᠪᠠᠭᠤᠷᠠᠬᠤ ᠬᠤᠣᠰ ᠲᠠᠷᠣᠯᠳᠠ ᠶᠢ ᠬᠦᠯᠢᠶᠡᠵᠦ᠂ ᠵᠠᠬ᠎ᠠ ᠲᠡᠯᠬᠡᠬᠦᠷ ᠤᠨ ᠲᠠᠭᠠᠷᠢᠯᠳᠠ᠂ ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠵᠡᠷᠬᠡ ᠮᠠᠰᠢ ᠣᠯᠠᠨ ᠦᠷᠢᠰᠦᠯᠳᠦᠬᠡᠨ ᠪᠣᠯᠣᠨ ᠲᠠᠷᠣᠯᠳᠠ ᠲᠣᠯᠭᠠᠷᠠᠵᠦ ᠪᠣᠢ᠃ ᠭᠤᠷᠪᠠ ᠳᠤ ᠰᠠᠭᠤᠷᠢ ᠲᠦᠬᠦᠬᠡᠷᠦᠮᠵᠢ ᠬᠤᠵᠢᠭᠤ ᠪᠣᠯᠣᠨ ᠵᠣᠬᠢᠴᠠᠬᠤ ᠦᠢᠯᠡᠴᠢᠯᠡᠭᠡ ᠬᠦᠢᠴᠡᠳ ᠪᠣᠰᠣ ᠪᠠᠶᠢᠬᠤ ᠨᠢ ᠮᠦᠨ ᠴᠦ ᠵᠢᠭᠤᠯᠴᠢᠯᠠᠯ ᠤᠨ ᠦᠢᠯᠡᠰ ᠤᠨ ᠢᠯᠡᠷᠡᠬᠡᠢ ᠣᠬᠤᠷ ᠬᠠᠪᠳᠠᠰᠣ ᠪᠠᠶᠢᠵᠦ᠂ ᠵᠢᠭᠤᠯᠴᠢᠯᠠᠭᠴᠢᠳ ᠎ ᠢ ᠲᠠᠳᠠᠵᠦ ᠬᠦᠨᠵᠡᠬᠡᠢ ᠣᠷᠣᠯᠴᠠᠭᠤᠯᠬᠤ ᠵᠢᠭᠤᠯᠴᠢᠯᠠᠯ ᠤᠨ ᠲᠦᠰᠦᠯ ᠲᠣᠳᠠᠮᠠᠭ᠂ ᠵᠢᠭᠤᠯᠴᠢᠯᠠᠯ ᠤᠨ ᠠᠵᠦ ᠠᠬᠤᠢ ᠎ ᠶᠢᠨ ᠦᠷ᠎ᠡ ᠠᠰᠢᠭ ᠢᠶᠠᠷ ᠲᠠᠶᠢᠴᠢᠯᠠᠬᠤ ᠦᠢᠯᠡᠳᠦᠯ ᠲᠣᠳᠠᠮᠠᠭ᠂ ᠵᠢᠭᠤᠯᠴᠢᠯᠠᠯ ᠤᠨ ᠡᠬᠢ ᠪᠠᠶᠠᠯᠢᠭ ᠤᠨ ᠦᠷᠳᠡᠭ ᠪᠣᠯᠣᠨ ᠨᠡᠶᠢᠬᠡᠮ ᠤᠨ ᠦᠷ᠎ᠡ ᠠᠰᠢᠭ ᠢ ᠬᠦᠢᠴᠡᠳ ᠪᠠᠳᠠᠷᠠᠭᠤᠯᠵᠦ ᠴᠢᠳᠠᠭᠰᠠᠨ ᠦᠬᠡᠢ᠃ ᠲᠦᠷᠪᠡ ᠳᠤ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠬᠦᠴᠢᠷᠳᠡᠯ ᠲᠣᠯᠭᠠᠷᠠᠵᠦ᠂ ᠪᠠᠳᠣᠯᠠᠭ᠎ᠠ ᠬᠦᠨᠳᠣ ᠶᠡᠭᠡ ᠠᠷᠠᠳ ᠤᠨ ᠠᠮᠢᠳᠣᠷᠠᠯ ᠂ ᠭᠤᠣᠯᠳᠠᠯᠭ᠎ᠠ ᠲᠠᠢ ᠲᠦᠰᠦᠯ᠂ ᠦᠭᠴᠡᠭᠡ ᠶᠢ ᠦᠬᠡᠶᠢᠰᠬᠡᠬᠦ ᠵᠡᠷᠬᠡ ᠲᠠᠯ᠎ᠠ ᠶᠢᠨ ᠬᠠᠳᠠᠭᠤ ᠵᠠᠷᠣᠯᠭ᠎ᠠ ᠶᠢᠨ ᠲᠠᠷᠣᠯᠳᠠ ᠬᠠᠷᠢᠴᠠᠩᠭᠤᠢ ᠶᠡᠭᠡ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠣᠯᠠᠮ ᠨᠢᠬᠡ ᠠᠯᠬᠤᠮ ᠬᠤᠷᠴᠠᠳᠣᠭᠰᠠᠨ ᠵᠡᠷᠬᠡ ᠠᠰᠠᠭᠤᠳᠠᠯ᠃ ᠡᠳᠡᠬᠡᠷ ᠠᠰᠠᠭᠤᠳᠠᠯ ᠤᠨ ᠰᠢᠯᠳᠠᠭᠠᠨ ᠢ ᠬᠦᠨᠵᠡᠬᠡᠢ  ᠵᠠᠳᠠᠯᠪᠠᠯ᠂ ᠪᠣᠰᠣᠳᠴᠢ ᠲᠡᠭᠡᠷᠡᠬᠢ ᠬᠤᠷᠸ᠎ᠠ ᠠᠵᠦ ᠠᠬᠤᠢ ᠶᠢᠨ ᠨᠦᠯᠦᠬᠡᠯᠡᠯ ᠪᠠᠶᠢᠬᠤ ᠮᠦᠷᠳᠡᠬᠡᠨ᠂ ᠪᠠᠶᠡᠴᠢ ᠲᠠᠯ᠎ᠠ ᠶᠢᠨ ᠪᠢᠳᠡᠨ ᠤ ᠠᠵᠢᠯ ᠲᠡᠭᠡᠷᠡᠬᠢ ᠵᠦᠷᠢᠶ᠎ᠡ ᠪᠣᠯᠣᠨ ᠲᠣᠳᠠᠭᠳᠠᠯ ᠪᠣᠢ᠃ ᠪᠣᠰᠣᠳᠴᠢ ᠲᠠᠯ᠎ᠠ ᠠᠴᠠ ᠶᠠᠷᠢᠪᠠᠯ᠂ ᠬᠠᠮᠢᠶᠠᠷᠣᠯᠳᠠ ᠶᠢᠨ ᠣᠷᠣᠨ ᠤ ᠭᠤᠣᠯᠯᠠᠬᠤ ᠠᠵᠦ ᠦᠢᠯᠡᠰ ᠤᠨ ᠡᠬᠢ ᠪᠠᠶᠠᠯᠢᠭ ᠤᠨ ᠬᠡᠯᠪᠡᠷᠢ᠂ ᠡᠨᠧᠷᠬᠢ ᠶᠢᠨ ᠬᠡᠯᠪᠡᠷᠢ ᠪᠠᠷ ᠭᠤᠣᠯᠯᠠᠵᠦ᠂ ᠠᠵᠦ ᠦᠢᠯᠡᠰ ᠤᠨ ᠪᠦᠳᠦᠴᠡ ᠲᠠᠩ ᠴᠣᠯᠭᠤᠢ᠂ ᠬᠡᠨᠵᠢ ᠨᠢ ᠪᠣᠭᠤᠨᠢ ᠨᠡᠷᠡᠳᠣ ᠲᠡᠮᠳᠡᠭ ᠤᠨ ᠪᠣᠶᠢᠵᠢᠭᠤᠯᠣᠯᠳᠠ ᠪᠣᠯᠣᠨ ᠲᠣᠮᠳᠠ ᠦᠨᠳᠣᠷ ᠦᠵᠦᠬᠦᠷ ᠤᠨ ᠪᠦᠳᠦᠮᠵᠢᠳᠡᠢ ᠬᠠᠩᠭᠠᠯᠭ᠎ᠠ ᠲᠣᠳᠠᠮᠠᠭ ᠪᠠᠶᠢᠵᠦ᠂ ᠠᠵᠦ ᠠᠬᠤᠢ ᠶᠢᠨ ᠬᠦᠭᠵᠢᠯᠳᠡ ᠎ ᠶᠢᠨ ᠶᠡᠷᠦᠩᠬᠡᠢ ᠴᠣᠭᠴᠠ ᠳᠠᠬᠢ ᠴᠢᠨᠠᠷ ᠪᠣᠯᠣᠨ ᠦᠷ᠎ᠡ ᠠᠰᠢᠭ ᠢ ᠨᠦᠯᠦᠬᠡᠯᠡᠪᠡ᠃ ᠪᠠᠶᠡᠴᠢ ᠲᠠᠯ᠎ᠠ ᠠᠴᠠ ᠶᠡᠷᠢᠪᠠᠯ᠂ ᠣᠷᠳᠣ ᠬᠤᠭᠤᠴᠠᠭ᠎ᠠ ᠨᠡᠬᠦᠷᠡᠰᠣ᠂ ᠲᠠᠯ᠎ᠠ ᠨᠣᠳᠤᠭ ᠵᠡᠷᠬᠡ ᠡᠬᠢ ᠪᠠᠶᠠᠯᠢᠭ ᠤᠨ ᠨᠡᠬᠡᠬᠡᠯᠳᠡ ᠳᠤ ᠲᠦᠰᠢᠭᠯᠡᠭᠰᠡᠨ ᠠᠴᠠ᠂ ᠠᠵᠦ ᠠᠬᠤᠢ ᠶᠢᠨ ᠬᠦᠭᠵᠢᠯᠳᠡ ᠶᠢ ᠣᠳᠣᠷᠢᠳᠬᠤ ᠰᠢᠨ᠎ᠡ ᠦᠢᠯᠡᠰ ᠲᠠᠬᠢ ᠰᠣᠳᠣᠯᠣᠯ ᠬᠦᠨᠵᠡᠬᠡᠢ ᠪᠣᠰᠣ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠬᠡᠷᠡᠴᠢᠯᠠᠯᠳᠠ ᠶᠢᠨ ᠬᠦᠴᠦᠯᠡᠴᠡ ᠪᠠᠭᠤᠷᠠᠢ ᠯᠤᠭ᠎ᠠ ᠬᠤᠯᠪᠣᠭᠳᠠᠯ ᠲᠠᠢ᠃ ᠪᠢᠳᠡ ᠡᠳᠡᠬᠡᠷ ᠠᠰᠠᠭᠤᠳᠠᠯ ᠢ ᠴᠢᠬᠤᠯᠴᠢᠯᠠᠨ ᠦᠵᠡᠵᠦ᠂ ᠴᠠᠭ ᠢ ᠬᠢᠨᠠᠨ ᠪᠠᠶᠢᠳᠠᠯ ᠢ ᠰᠢᠨᠵᠢᠵᠦ ᠂ ᠲᠣᠬᠢᠶᠠᠯ ᠢ ᠡᠵᠡᠮᠳᠡᠨ᠂ ᠪᠠᠶᠢᠳᠠᠯ ᠢ ᠲᠠᠭᠠᠨ ᠦᠢᠯᠡᠳᠴᠦ᠂ ᠪᠦᠬᠦ ᠬᠦᠴᠦᠨ ᠢᠶᠠᠷ ᠢᠶᠠᠨ ᠠᠵᠦ ᠠᠬᠤᠢ ᠶᠢᠨ ᠲᠣᠭᠳᠠᠭᠤᠨ ᠡᠷᠡᠬᠦᠯ ᠬᠦᠭᠵᠢᠯᠳᠡ᠂ ᠨᠡᠶᠢᠬᠡᠮ ᠤᠨ ᠡᠶ᠎ᠡ ᠵᠣᠬᠢᠴᠠᠩᠭᠤᠢ ᠶᠢ ᠠᠬᠢᠭᠤᠯᠣᠨ᠎ᠠ᠃        ︵ᠬᠤᠶᠠᠷ︶ 2017 ᠣᠨ ᠤ ᠭᠤᠣᠯ ᠪᠣᠯᠬᠤ ᠠᠵᠢᠯ ᠡᠬᠦᠷᠬᠡ        2017 ᠣᠨ ᠪᠣᠯ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠦᠯᠦᠪᠯᠡᠭᠡ ᠶᠢ ᠬᠡᠷᠡᠭᠵᠢᠬᠦᠯᠬᠦ ᠴᠢᠬᠤᠯᠠ ᠨᠢᠬᠡ ᠵᠢᠯ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠵᠢᠯ᠂ ᠮᠦᠨ ᠴᠦ ᠦᠪᠡᠷᠳᠡᠬᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠬᠡᠷᠡᠭᠵᠢᠬᠦᠯᠬᠦ ᠲᠡᠷᠢᠬᠦᠨ ᠵᠢᠯ᠃ ᠲᠦᠪ ᠤᠨ ᠠᠵᠦ ᠠᠬᠤᠢ ᠶᠢᠨ ᠠᠵᠢᠯ ᠤᠨ ᠬᠤᠷᠠᠯ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠎ ᠤ ᠠᠷᠪᠠᠳᠣᠭᠠᠷ ᠬᠤᠭᠤᠴᠠᠭᠠᠨ ᠤ ᠬᠤᠶᠠᠳᠣᠭᠠᠷ ᠣᠳᠠᠭᠠᠨ ᠤ ᠪᠦᠬᠦᠳᠡ ᠬᠤᠷᠠᠯ ᠪᠣᠯᠣᠨ ᠠᠶᠢᠮᠠᠭ ᠤᠨ ᠬᠤᠷᠢᠶᠠᠨ ᠤ ᠨᠢᠬᠡᠳᠣᠭᠡᠷ ᠣᠳᠠᠭᠠᠨ ᠤ ︵ᠦᠷᠭᠡᠳᠬᠡᠭᠰᠡᠨ ᠬᠤᠷᠠᠯ︶᠎ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠨᠠᠮ ᠤᠨ ᠠᠵᠢᠯ ᠎ ᠤᠨ ᠵᠦᠪᠯᠡᠯ ᠬᠠᠮᠢᠶᠠᠷᠣᠯᠳᠠ ᠶᠢᠨ ᠣᠷᠣᠨ ᠤ ᠪᠣᠳᠠᠳᠠᠢ ᠲᠠᠢ ᠣᠶᠠᠯᠳᠣᠭᠤᠯᠣᠨ ᠦᠨᠦ ᠵᠢᠯ ᠤᠨ ᠨᠡᠶᠢᠬᠡᠮ ᠠᠵᠦ ᠠᠬᠤᠢ ᠶᠢᠨ ᠬᠦᠭᠵᠢᠯᠳᠡ ᠶᠢᠨ ᠰᠡᠳᠬᠢᠮᠵᠢ ᠪᠣᠯᠣᠨ ᠶᠡᠷᠦᠩᠬᠡᠢ ᠱᠠᠭᠠᠷᠳᠠᠯᠭ᠎ᠠ ᠶᠢ ᠲᠣᠭᠳᠠᠭᠠᠵᠦ᠂ ︽ᠭᠤᠷᠪᠠᠨ ᠰᠢᠨ᠎ᠡ ᠰᠢᠪᠳᠣᠯᠣᠯᠳᠠ᠂ ᠵᠢᠷᠭᠤᠭᠠᠨ ᠲᠦᠷᠦᠯ ᠤᠨ ᠭᠤᠣᠯᠳᠠᠯᠭ᠎ᠠ ᠶᠢ ᠲᠣᠪᠣᠶᠢᠯᠭᠠᠬᠤ ᠶᠢ ᠪᠡᠶᠡᠯᠡᠬᠦᠯᠬᠦ︾ ᠬᠠᠷᠠᠯᠳᠠ ᠡᠬᠦᠷᠬᠡ ᠎ ᠶᠢ ᠲᠣᠷᠠᠳᠣᠭᠰᠠᠨ ᠪᠠᠶᠢᠨ᠎ᠠ᠂ ᠪᠢᠳᠡ ᠡᠷᠬᠡᠪᠡᠰᠢ ᠬᠢᠴᠢᠶᠡᠩᠬᠦᠢ ᠰᠠᠶᠢᠳᠣᠷ ᠠᠳᠬᠤᠵᠦ ᠲᠣᠣᠱᠯᠠᠭᠤᠯᠣᠨ ᠬᠡᠷᠡᠭᠵᠢᠬᠦᠯᠬᠦ ᠬᠡᠷᠡᠭᠳᠡᠢ᠃       ᠦᠨᠦ ᠵᠢᠯ ᠤᠨ ᠠᠵᠢᠯ ᠤᠨ ᠶᠡᠷᠦᠩᠬᠡᠢ ᠴᠣᠭᠴᠠ ᠶᠢᠨ ᠰᠡᠳᠬᠢᠮᠵᠢ ᠶᠢᠨ ᠱᠠᠭᠠᠷᠳᠠᠯᠭ᠎ᠠ᠂ ︽ᠲᠣᠭᠳᠠᠭᠤᠨ ᠲᠣᠮᠳᠠ ᠣᠷᠣᠭᠰᠢᠯᠠᠵᠦ᠂ ᠢᠳᠡᠪᠬᠢᠳᠡᠢ ᠠᠬᠢᠬᠤ︾ ᠵᠠᠷᠴᠢᠮ ᠢᠶᠠᠷ᠂ 2017 ᠣᠨ ᠤ ᠬᠠᠮᠢᠶᠠᠷᠣᠯᠳᠠ ᠶᠢᠨ ᠣᠷᠣᠨ ᠎ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠭᠤᠣᠯ ᠪᠣᠯᠬᠤ ᠣᠷᠢᠳᠴᠢᠯᠠᠭᠰᠠᠨ ᠬᠠᠷᠠᠯᠳᠠ ᠶᠢ ᠠᠩᠬ᠎ᠠ ᠠᠯᠬᠤᠮ ᠲᠣᠭᠳᠠᠭᠠᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 28.2 ᠳ᠋ᠦᠩᠰᠢᠭᠤᠷ ᠲᠦᠬᠦᠷᠢᠭ ᠬᠦᠷᠬᠡᠵᠦ᠂ ᠠᠳᠠᠯᠢ ᠬᠤᠭᠤᠴᠠᠭ᠎ᠠ ᠠᠴᠠ 8.9%᠎ ᠪᠠᠷ ᠨᠡᠮᠡᠭᠳᠡᠬᠦᠯᠦᠨ᠎ᠡ᠃ ᠡᠬᠦᠨ ᠳᠤ᠄ ᠨᠢᠬᠡᠳᠦᠬᠡᠷ ᠠᠵᠦ ᠦᠢᠯᠡᠰ ᠎ ᠤᠨ ᠨᠡᠮᠡᠯᠳᠡ ᠦᠷᠳᠡᠭ ᠢ 5.6 ᠳ᠋ᠦᠩᠰᠢᠭᠤᠷ ᠲᠦᠬᠦᠷᠢᠭ ᠲᠤ ᠬᠦᠷᠬᠡᠵᠦ᠂ ᠠᠳᠠᠯᠢ ᠬᠤᠭᠤᠴᠠᠭ᠎ᠠ ᠠᠴᠠ 5.3% ᠎ ᠪᠠᠷ ᠨᠡᠮᠡᠭᠳᠡᠬᠦᠯᠦᠨ᠎ᠡ᠃ ᠬᠤᠶᠠᠳᠣᠭᠠᠷ ᠠᠵᠦ ᠦᠢᠯᠡᠰ ᠤᠨ ᠨᠡᠮᠡᠯᠳᠡ ᠦᠷᠳᠡᠭ ᠢ 11.1 ᠳ᠋ᠦᠩᠰᠢᠭᠤᠷ ᠲᠦᠬᠦᠷᠢᠭ ᠎ ᠲᠤ ᠬᠦᠷᠬᠡᠵᠦ᠂ ᠠᠳᠠᠯᠢ ᠬᠤᠭᠤᠴᠠᠭ᠎ᠠ ᠠᠴᠠ 8.7%᠎ ᠪᠠᠷ ᠨᠡᠮᠡᠭᠳᠡᠬᠦᠯᠦᠨ᠎ᠡ᠃ ᠡᠬᠦᠨ ᠤ ᠲᠣᠳᠣᠷ᠎ᠠ ᠠᠵᠦ ᠦᠢᠯᠡᠳᠪᠦᠷᠢ ᠶᠢᠨ ᠨᠡᠮᠡᠯᠳᠡ ᠦᠷᠳᠡᠭ ᠢ 9.9 ᠳ᠋ᠦᠩᠰᠢᠭᠤᠷ ᠲᠦᠬᠦᠷᠢᠭ ᠲᠤ ᠬᠦᠷᠬᠡᠵᠦ᠂ ᠠᠳᠠᠯᠢ ᠬᠤᠭᠤᠴᠠᠭ᠎ᠠ ᠎ ᠠᠴᠠ 9.6%᠎ ᠪᠠᠷ ᠨᠡᠮᠡᠭᠳᠡᠬᠦᠯᠦᠨ᠎ᠡ᠃ ᠭᠤᠷᠪᠠᠳᠣᠭᠠᠷ ᠠᠵᠦ ᠦᠢᠯᠡᠰ ᠤᠨ ᠨᠡᠮᠡᠯᠳᠡ ᠦᠷᠳᠡᠭ ᠢ 11.5 ᠳ᠋ᠦᠩᠰᠢᠭᠤᠷ ᠲᠦᠬᠦᠷᠢᠭ ᠲᠤ ᠬᠦᠷᠬᠡᠵᠦ᠂ ᠠᠳᠠᠯᠢ ᠬᠤᠭᠤᠴᠠᠭ᠎ᠠ ᠠᠴᠠ 10.8%᠎ ᠪᠠᠷ ᠨᠡᠮᠡᠭᠳᠡᠬᠦᠯᠦᠨ᠎ᠡ᠃ ᠪᠦᠬᠦ ᠨᠡᠶᠢᠬᠡᠮ ᠤᠨ ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 10.5 ᠳ᠋ᠦᠩᠰᠢᠭᠤᠷ ᠲᠦᠬᠦᠷᠢᠭ ᠲᠤ ᠬᠦᠷᠬᠡᠵᠦ᠂ ᠠᠳᠠᠯᠢ ᠬᠤᠭᠤᠴᠠᠭ᠎ᠠ ᠠᠴᠠ 16.7%᠎ ᠪᠠᠷ ᠨᠡᠮᠡᠭᠳᠡᠬᠦᠯᠦᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ ᠎ ᠤᠨ ᠣᠷᠢᠳᠴᠢᠯᠠᠭᠰᠠᠨ ᠪᠣᠳᠣᠯᠳᠠ ᠶᠢᠨ ᠣᠷᠣᠯᠭ᠎ᠠ ᠶᠢ 1.73 ᠳ᠋ᠦᠩᠰᠢᠭᠤᠷ ᠲᠦᠬᠦᠷᠢᠭ ᠲᠤ ᠬᠦᠷᠬᠡᠵᠦ᠂ ᠠᠳᠠᠯᠢ ᠬᠤᠭᠤᠴᠠᠭ᠎ᠠ ᠠᠴᠠ 7.6%᠎ ᠪᠠᠷ ᠨᠡᠮᠡᠭᠳᠡᠬᠦᠯᠦᠨ᠎ᠡ᠃ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠎ ᠤᠨ ᠬᠦᠮᠦᠨ ᠪᠦᠬᠦᠨ ᠳᠤ ᠲᠡᠭᠰᠢᠳᠬᠡᠭᠰᠡᠨ ᠲᠣᠬᠢᠷᠠᠭᠤᠯᠵᠦ ᠪᠣᠯᠬᠤᠶᠢᠴᠠ ᠣᠷᠣᠯᠭ᠎ᠠ ᠶᠢ ᠲᠣᠰ ᠲᠣᠰ 38200 ᠲᠦᠬᠦᠷᠢᠭ ᠪᠣᠯᠣᠨ 25200 ᠲᠦᠬᠦᠷᠢᠭ ᠲᠤ ᠬᠦᠷᠬᠡᠵᠦ᠂ ᠠᠳᠠᠯᠢ ᠬᠤᠭᠤᠴᠠᠭ᠎ᠠ ᠠᠴᠠ 8% ᠪᠣᠯᠣᠨ 9.3% ᠎ ᠪᠠᠷ ᠨᠡᠮᠡᠭᠳᠡᠬᠦᠯᠦᠨ᠎ᠡ᠃ ᠲᠡᠭᠡᠷ᠎ᠡ ᠲᠣᠷᠠᠳᠣᠭᠰᠠᠨ ᠬᠠᠷᠠᠯᠳᠠ ᠶᠢᠨ ᠲᠣᠭᠤᠷᠢᠨ ᠳᠤ᠂ ᠡᠳᠡᠬᠡᠷ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠨ᠎ᠡ᠄      ︵ᠨᠢᠬᠡ︶ ᠰᠢᠨ᠎ᠡ ᠬᠡᠪ ᠪᠠᠶᠢᠳᠠᠯ ᠲᠣᠣᠷᠠᠬᠢ ᠬᠦᠭᠵᠢᠯᠳᠡ ᠶᠢᠨ ᠲᠣᠬᠢᠶᠠᠯ ᠢ ᠪᠠᠷᠢᠵᠦ ᠲᠦᠰᠦᠯ ᠢ ᠠᠳᠬᠤᠵᠦ ᠪᠡᠯᠡ ᠣᠷᠣᠭᠤᠯᠣᠯᠳᠠ ᠶᠢ ᠦᠷᠭᠡᠳᠬᠡᠵᠦ ᠲᠣᠭᠳᠠᠭᠤᠨ ᠦᠰᠦᠯᠳᠡ ᠲᠠᠢ ᠪᠠᠶᠢᠯᠠᠭᠠᠨ᠎ᠠ᠃ ︽ᠲᠦᠰᠦᠯ ᠢ ᠠᠳᠬᠤᠬᠤ ᠪᠣᠯ ᠲᠠᠷᠣᠢ ᠬᠦᠭᠵᠢᠯᠳᠡ ᠶᠢ ᠠᠳᠬᠤᠭᠰᠠᠨ ᠲᠠᠢ ᠠᠳᠠᠯᠢ᠂ ᠬᠦᠭᠵᠢᠯᠳᠡ ᠶᠢ ᠠᠳᠬᠤᠬᠤ ᠳᠤ ᠵᠠᠪᠠᠯ ᠲᠦᠰᠦᠯ ᠢ ᠠᠳᠬᠤᠬᠤ︾ ᠣᠶᠢᠯᠠᠭᠠᠯᠳᠠ ᠶᠢ ᠪᠠᠳᠣ ᠪᠠᠬᠢ ᠪᠣᠯᠭᠠᠵᠦ᠂ ᠲᠦᠰᠦᠯ ᠤᠨ ᠪᠦᠳᠦᠬᠡᠨ ᠪᠠᠶᠢᠭᠤᠯᠣᠯᠳᠠ ᠶᠢ ᠬᠡᠵᠢᠶᠡᠳᠡ ᠠᠵᠦ ᠠᠬᠤᠢ ᠶᠢᠨ ᠠᠵᠢᠯ ᠤᠨ ᠲᠣᠪᠣᠶᠢᠮ᠎ᠠ ᠪᠠᠶᠢᠷᠢ ᠲᠡᠭᠡᠷ᠎ᠡ ᠲᠠᠯᠪᠢᠵᠦ᠂ ᠰᠡᠳᠬᠢᠯ ᠪᠣᠯᠣᠨ ᠣᠶᠣᠨ ᠴᠢᠳᠠᠯ ᠢᠶᠠᠨ ᠲᠦᠪᠯᠡᠷᠡᠬᠦᠯᠵᠦ᠂ ᠴᠢᠩᠭ᠎ᠠ ᠪᠣᠳᠠᠳᠠᠢ ᠰᠠᠶᠢᠳᠣᠷ ᠠᠳᠬᠤᠨ᠎ᠠ᠃      ᠨᠢᠬᠡ ᠳᠤ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ ᠲᠦᠰᠦᠯ ᠢ ᠠᠳᠬᠤᠵᠦ ᠲᠣᠭᠳᠠᠭᠤᠨ ᠦᠰᠦᠯᠳᠡ ᠶᠢ ᠪᠠᠳᠣᠯᠠᠨ᠎ᠠ᠃ ᠦᠨᠦ ᠵᠢᠯ ᠬᠠᠮᠢᠶᠠᠷᠣᠯᠳᠠ ᠶᠢᠨ ᠣᠷᠣᠨ ᠠᠴᠠ 27 ᠲᠦᠰᠦᠯ ᠢ ᠠᠩᠬ᠎ᠠ ᠠᠯᠬᠤᠮ ᠲᠣᠭᠳᠠᠭᠠᠵᠦ᠂ ᠵᠢᠯ ᠲᠣᠳᠣᠷ᠎ᠠ 10.1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠬᠤ ᠪᠠᠷ ᠲᠦᠰᠦᠪᠯᠡᠵᠦ ᠪᠣᠢ᠂ ᠡᠬᠦᠨ ᠤ ᠲᠣᠳᠣᠷ᠎ᠠ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠦᠰᠦᠯ 5 ᠲᠦᠷᠦᠯ ᠪᠠᠶᠢᠵᠦ᠂ ᠵᠢᠯ ᠲᠣᠳᠣᠷ᠎ᠠ 7.5 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠬᠤ ᠪᠠᠷ ᠲᠦᠰᠦᠪᠯᠡᠵᠦ ᠪᠣᠢ᠃ ᠲᠠᠷᠢᠶᠠᠯᠠᠩ ᠮᠠᠯᠵᠢᠯ ᠤᠨ ᠦᠢᠯᠡᠰ ᠤᠨ ᠲᠠᠯ᠎ᠠ ᠪᠠᠷ ᠰᠢᠯᠢᠳᠡᠭ ᠰᠠᠶᠢᠨ ᠡᠬᠦᠯᠳᠡᠷ ᠤᠨ ᠮᠢᠬᠠᠨ ᠦᠬᠡᠷ ᠤᠨ ᠠᠵᠦ ᠦᠢᠯᠡᠰᠵᠢᠬᠦ᠂ ᠮᠢᠬᠠᠨ ᠦᠬᠡᠷ ᠪᠣᠷᠳᠣᠬᠤ ᠲᠠᠭᠤᠷᠢᠶᠠᠯ ᠤᠨ ᠴᠡᠭ ᠤᠨ ᠪᠦᠳᠦᠬᠡᠨ ᠪᠠᠶᠢᠭᠤᠯᠣᠯᠳᠠ᠂ ᠦᠨᠳᠦᠷ ᠣᠨᠠᠯᠳᠠ ᠲᠠᠢ ᠪᠣᠷᠳᠣᠭᠠᠨ ᠤ ᠡᠪᠡᠰᠣ ᠲᠠᠷᠢᠬᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠣᠯᠳᠠ᠂ ᠣᠳᠣᠬᠢᠴᠢᠯᠠᠭᠰᠠᠨ ᠮᠢᠬᠠᠨ ᠬᠤᠨᠢᠨ ᠤ ᠠᠵᠦ ᠦᠢᠯᠡᠰ ᠵᠡᠷᠬᠡ ᠲᠦᠰᠦᠯ ᠢ ᠭᠤᠣᠯᠳᠠᠯᠭ᠎ᠠ ᠲᠠᠢ ᠲᠦᠯᠬᠢᠨ ᠠᠬᠢᠭᠤᠯᠣᠨ᠎ᠠ᠃ ᠠᠵᠦ ᠦᠢᠯᠡᠳᠪᠦᠷᠢ ᠶᠢᠨ ᠲᠠᠯ ᠪᠠᠷ ᠨᠡᠬᠦᠷᠡᠰᠣ ᠴᠠᠬᠢᠯᠭᠠᠨ ᠢ ᠨᠢᠬᠡ ᠴᠣᠭᠴᠠᠵᠢᠭᠤᠯᠬᠤ ᠨᠣᠭᠤᠭᠠᠨ ᠲᠠᠷᠢᠶᠠᠯᠠᠩ ᠮᠠᠯ ᠤᠨ ᠪᠦᠳᠦᠬᠡᠭᠳᠡᠬᠦᠨ ᠤ ᠰᠢᠨᠵᠢᠯᠡᠭᠡ ᠮᠡᠷᠬᠡᠵᠢᠯ ᠤᠨ ᠠᠵᠦ ᠦᠢᠯᠡᠰ ᠤᠨ ᠬᠦᠷᠢᠶᠡᠯᠡᠩ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ᠂ ᠶᠤᠸᠠᠨ ᡁᠢ ᠶᠤᠸᠠᠨ ᠡᠷᠦᠳᠡᠰᠣᠳᠣ ᠪᠣᠯᠠᠭ ᠤᠨ ᠣᠰᠣᠨ ᠤ ᠦᠢᠯᠡᠳᠪᠦᠷᠢ ᠤᠨ ᠮᠡᠷᠬᠡᠵᠢᠯ ᠢ ᠦᠬᠡᠷᠡᠴᠢᠯᠡᠵᠦ ᠦᠷᠬᠡᠳᠬᠡᠨ ᠪᠠᠶᠢᠭᠤᠯᠬᠤ ᠵᠡᠷᠬᠡ ᠲᠦᠰᠦᠯ ᠢ ᠭᠤᠣᠯᠳᠠᠯᠭ᠎ᠠ ᠲᠠᠢ ᠲᠦᠯᠬᠢᠨ ᠠᠬᠢᠭᠤᠯᠣᠨ᠎ᠠ᠃ ᠦᠢᠯᠡᠴᠢᠯᠡᠬᠡᠨ ᠤ ᠦᠢᠯᠡᠰ ᠤᠨ ᠲᠠᠯ᠎ᠠ ᠪᠠᠷ᠂ ᠣᠯᠠᠭᠠᠢ ᠶᠢᠨ ᠣᠣᠭᠠᠯ ᠲᠠᠯ᠎ᠠ ᠨᠣᠳᠤᠭ ᠎ ᠤᠨ ᠪᠦᠬᠦ ᠬᠢᠯᠢ ᠶᠢᠨ ᠵᠢᠭᠤᠯᠴᠢᠯᠠᠯ᠂ ᠲᠠᠬᠢᠨ ᠲᠦᠷᠦᠬᠦ ᠡᠬᠢ ᠪᠠᠶᠠᠯᠢᠭ ᠢ ᠬᠤᠷᠢᠶᠠᠬᠤ ᠵᠡᠷᠬᠡ ᠲᠦᠰᠦᠯ ᠢ ᠭᠤᠣᠯᠳᠠᠯᠭ᠎ᠠ ᠲᠠᠢ ᠲᠦᠯᠬᠢᠨ ᠠᠬᠢᠭᠤᠯᠣᠨ᠎ᠠ᠃ ᠰᠠᠭᠤᠷᠢ ᠪᠠᠶᠢᠭᠤᠯᠣᠮᠵᠢ ᠶᠢᠨ ᠲᠠᠯ᠎ᠠ ᠪᠠᠷ ᠬᠤᠳᠠ ᠶᠢᠨ ᠵᠠᠰᠠᠭ ᠤᠨ ᠰᠠᠭᠤᠷᠢ ᠪᠠᠶᠢᠭᠤᠯᠣᠮᠵᠢ ᠶᠢᠨ ᠪᠦᠳᠦᠬᠡᠨ ᠪᠠᠶᠢᠭᠤᠯᠣᠯᠳᠠ᠂ ᠬᠤᠳᠠ ᠬᠦᠳᠡᠭᠡ ᠶᠢᠨ ᠮᠠᠭᠤ ᠭᠡᠷ ᠤᠨ ᠲᠣᠭᠤᠷᠢᠭ ᠢ ᠵᠠᠰᠠᠬᠤ᠂᠂ ᠣᠰᠣᠨ ᠴᠦᠬᠦᠷᠦᠮ ᠤᠨ ᠡᠷᠬᠢ ᠶᠢ ᠬᠠᠮᠠᠭᠠᠯᠠᠨ ᠴᠡᠭᠴᠡᠯᠡᠬᠦ ᠵᠢᠴᠢ ᠲᠠᠭᠠᠯᠳᠠ ᠢᠨᠵᠧᠨᠧᠷᠢᠩ ᠵᠡᠷᠬᠡ ᠲᠦᠰᠦᠯ ᠢ ᠭᠤᠣᠯᠳᠠᠯᠭ᠎ᠠ ᠲᠠᠢ ᠲᠦᠯᠬᠢᠨ ᠠᠬᠢᠭᠤᠯᠣᠨ᠎ᠠ᠃ ᠨᠡᠶᠢᠬᠡᠮ ᠤᠨ ᠠᠵᠢᠯ ᠦᠢᠯᠡᠰ ᠤᠨ ᠲᠠᠯ᠎ᠠ ᠪᠠᠷ᠂ ᠴᠦᠨ ᠾᠦᠢ ᠪᠠᠭ᠎ᠠ ᠰᠣᠷᠭᠠᠭᠤᠯᠢ ᠶᠢ ᠦᠷᠬᠦᠯᠵᠢᠯᠡᠨ ᠪᠠᠶᠢᠭᠤᠯᠵᠦ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠬᠦᠳᠡᠯᠬᠡᠬᠡᠨ ᠎ ᠤ ᠲᠠᠰᠤᠭ᠂ ᠮᠦᠽᠸᠢ ᠶᠢᠨ ᠲᠡᠯᠬᠡᠬᠦᠯᠬᠡ ᠶᠢᠨ ᠵᠠᠰᠠᠯᠳᠠ ᠵᠡᠷᠬᠡ ᠲᠦᠰᠦᠯ ᠢ ᠭᠤᠣᠯᠳᠠᠯᠭ᠎ᠠ ᠲᠠᠢ ᠲᠦᠯᠬᠢᠨ ᠠᠬᠢᠭᠤᠯᠣᠨ᠎ᠠ᠃ ᠨᠢᠬᠡᠨᠳᠡ ᠲᠣᠭᠳᠠᠭᠠᠭᠰᠠᠨ ᠭᠤᠣᠯᠳᠠᠯᠭ᠎ᠠ ᠲᠠᠢ ᠲᠦᠰᠦᠯ ᠢ᠂ ᠨᠠᠮ ᠵᠠᠰᠠᠭ ᠤᠨ ᠠᠯᠪᠠᠨ ᠬᠡᠷ᠂ ᠭᠤᠣᠯᠳᠠᠯᠭ᠎ᠠ ᠲᠠᠢ ᠲᠦᠰᠦᠯ ᠤᠨ ᠠᠯᠪᠠᠨ ᠭᠡᠷ ᠠᠴᠠ ᠬᠤᠷᠳᠣᠨ ᠡᠬᠦᠷᠬᠡ ᠶᠢᠨ ᠵᠠᠳᠠᠯᠣᠯᠳᠠ ᠬᠢᠵᠦ᠂ ᠬᠠᠷᠢᠭᠤᠴᠠᠯᠭᠠᠳᠣ ᠣᠳᠣᠷᠢᠳᠣᠯᠭ᠎ᠠ᠂ ᠬᠠᠷᠢᠭᠤᠴᠠᠯᠭᠠᠳᠣ ᠰᠠᠯᠠᠭ᠎ᠠ ᠮᠦᠴᠢᠷ ᠪᠣᠯᠣᠨ ᠪᠣᠳᠠᠳᠠᠢ ᠡᠬᠦᠷᠬᠡ ᠶᠢ ᠲᠣᠳᠣᠷᠬᠠᠶᠢᠯᠠᠬᠤ ᠶᠢᠨ ᠬᠠᠮᠳᠣ ᠬᠡᠷᠡᠭᠵᠢᠬᠦᠯᠬᠦ ᠶᠢ ᠱᠠᠭᠠᠷᠳᠠᠨ ᠪᠠᠶᠢᠳᠠᠯ ᠢ ᠮᠡᠳᠡᠭᠳᠡᠨ᠎ᠡ᠃ ᠲᠦᠰᠦᠯ ᠪᠦᠷᠢ ᠶᠢᠨ ᠬᠠᠷᠢᠭᠤᠴᠠᠯᠭᠠᠳᠣ ᠭᠤᠣᠯ ᠬᠠᠮᠢᠶᠠᠷᠣᠭᠴᠢ ᠰᠠᠯᠠᠭ᠎ᠠ ᠮᠦᠴᠢᠷ ᠠᠴᠠ ᠪᠣᠳᠠᠳᠠᠢ ᠲᠦᠯᠬᠢᠨ ᠠᠬᠢᠭᠤᠯᠬᠤ ᠲᠦᠯᠦᠪᠯᠡᠭᠡ ᠵᠣᠬᠢᠶᠠᠨ ᠲᠣᠭᠳᠠᠭᠠᠵᠦ᠂ ᠲᠦᠯᠬᠢᠨ ᠠᠬᠢᠭᠤᠯᠬᠤ ᠴᠠᠭ ᠤᠨ ᠬᠢᠵᠠᠭᠠᠷ ᠪᠣᠯᠣᠨ ᠠᠷᠭ᠎ᠠ ᠬᠡᠮᠵᠢᠶ᠎ᠠ ᠶᠢ ᠲᠣᠳᠣᠷᠬᠠᠶᠢᠯᠠᠨ᠎ᠠ᠃ ᠡᠮᠦᠨ᠎ᠡ ᠬᠤᠭᠤᠴᠠᠭᠠᠨ ᠤ ᠠᠵᠢᠯ ᠢᠶᠠᠨ ᠡᠬᠢᠯᠡᠭᠦᠯᠦᠭᠰᠡᠨ ᠲᠦᠰᠦᠯ ᠤᠨ ᠡᠵᠡᠨ ᠢ ᠱᠠᠭᠠᠷᠳᠠᠨ ᠬᠢᠨᠠᠬᠤ ᠪᠣᠯᠣᠨ ᠬᠤᠪᠰᠣᠷᠴᠣ ᠲᠦᠰᠦᠯ ᠢ ᠲᠡᠮᠵᠢᠬᠦ ᠴᠢᠨᠠᠷ ᠲᠠᠢ ᠠᠯᠪᠠᠨ ᠪᠢᠴᠢᠭ ᠢ ᠨᠢ ᠬᠦᠢᠴᠡᠳᠬᠡᠵᠦ᠂ ᠡᠷᠳᠡ ᠨᠢᠬᠡ ᠡᠳᠣᠷ ᠠᠵᠢᠯ ᠡᠬᠢᠯᠡᠬᠦ ᠨᠦᠬᠦᠴᠡᠯ ᠢ ᠪᠦᠷᠢᠯᠳᠦᠬᠦᠯᠦᠨ᠎ᠡ᠃ ᠰᠢᠨ᠎ᠡ ᠠᠵᠢᠯ ᠡᠬᠢᠯᠡᠬᠦᠯᠦᠭᠰᠡᠨ ᠲᠦᠰᠦᠯ ᠢ ᠱᠠᠭᠠᠷᠳᠠᠭᠰᠠᠨ ᠴᠠᠭ ᠬᠤᠭᠤᠴᠠᠭᠠᠨ ᠤ ᠶᠣᠰᠣᠭᠠᠷ᠂ ᠡᠳᠡᠯᠡᠩ ᠤᠨ ᠡᠵᠡᠨ ᠢ ᠬᠠᠪᠰᠣᠷᠴᠣ ᠲᠦᠰᠦᠯ ᠢ ᠬᠡᠷᠡᠭᠵᠢᠬᠦᠯᠬᠦ ᠠᠬᠢᠴᠠ ᠶᠢᠨ ᠲᠦᠯᠦᠪᠯᠡᠭᠡ ᠶᠢ ᠲᠣᠭᠳᠠᠭᠠᠨ᠂ ᠪᠦᠳᠦᠬᠡᠨ ᠪᠠᠶᠢᠭᠤᠯᠬᠤ ᠨᠦᠬᠦᠴᠡᠯ ᠢ ᠬᠡᠷᠡᠭᠵᠢᠬᠦᠯᠵᠦ᠂ ᠪᠦᠳᠦᠬᠡᠨ ᠪᠠᠶᠢᠭᠤᠯᠬᠤ ᠠᠬᠢᠴᠠ ᠶᠢ ᠲᠦᠷᠬᠡᠳᠬᠡᠨ᠎ᠡ᠃ ᠪᠠᠶᠢᠭᠤᠯᠵᠦ ᠪᠣᠢ ᠲᠦᠰᠦᠯ ᠲᠠᠢ ᠴᠠᠭ ᠢ ᠠᠮᠵᠢᠨ ᠬᠠᠷᠢᠯᠴᠠᠵᠦ ᠲᠦᠰᠦᠯ ᠤᠨ ᠪᠦᠳᠦᠬᠡᠨ ᠪᠠᠶᠢᠭᠤᠯᠣᠯᠳᠠ ᠳᠤ ᠣᠴᠠᠷᠠᠭᠰᠠᠨ ᠬᠦᠴᠢᠷ ᠪᠣᠯᠣᠨ ᠠᠰᠠᠭᠤᠳᠠᠯ ᠢ ᠰᠠᠶᠢᠳᠣᠷ ᠰᠢᠢᠳᠪᠦᠷᠢᠯᠡᠵᠦ᠂ ᠪᠣᠯᠵᠣᠭᠰᠠᠨ ᠬᠤᠭᠤᠴᠠᠭ᠎ᠠ ᠪᠠᠷ ᠢᠶᠠᠨ ᠪᠠᠶᠢᠭᠤᠯᠣᠨ  ᠲᠠᠭᠤᠰᠬᠠᠵᠦ ᠦᠢᠯᠡᠳᠪᠦᠷᠢᠯᠡᠯ ᠳᠤ ᠣᠷᠣᠭᠤᠯᠣᠨ᠎ᠠ᠃       ᠬᠤᠶᠠᠷ ᠲᠤ ᠰᠢᠨ᠎ᠡ ᠶᠢ ᠡᠬᠦᠳᠬᠦ ᠲᠣᠭᠳᠠᠯᠴᠠᠭ᠎ᠠ ᠶᠢᠨ ᠲᠣᠭᠤᠷᠢᠨ ᠳᠤ ᠪᠡᠯᠡ ᠣᠷᠣᠭᠤᠯᠳᠠ ᠶᠢ ᠦᠷᠬᠡᠳᠬᠡᠵᠦ᠂ ᠲᠣᠭᠳᠠᠭᠤᠨ ᠢᠶᠠᠷ ᠨᠡᠮᠡᠭᠳᠡᠬᠦᠯᠦᠨ᠎ᠡ᠃ ᠬᠠᠮᠢᠶᠠᠷᠣᠯᠳᠠ ᠶᠢᠨ ᠣᠷᠣᠨ ᠤ ︽ᠠᠷᠪᠠᠨ ᠭᠤᠷᠪᠠᠳᠣᠭᠠᠷ ᠲᠠᠪᠣᠨ ᠵᠢᠯ︾᠎ ᠤᠨ ᠲᠦᠯᠦᠪᠯᠡᠭᠡ ᠪᠣᠯᠣᠨ ᠠᠵᠦ ᠦᠢᠯᠡᠰ ᠤᠨ ᠪᠠᠶᠢᠷᠢᠯᠠᠭᠤᠯᠣᠯᠳᠠ ᠳᠤ ᠬᠠᠷᠭᠠᠭᠤᠯᠣᠨ᠂ ᠬᠤᠳᠠᠯᠳᠤᠭ᠎ᠠ ᠣᠷᠢᠬᠤ ᠲᠦᠰᠦᠯ ᠤᠨ ᠬᠦᠮᠦᠷᠬᠡ ᠶᠢ ᠴᠡᠨᠡᠭᠯᠡᠨ ᠬᠠᠳᠠᠭᠠᠯᠠᠵᠦ᠂ ᠠᠷᠢᠭᠤᠨ ᠴᠡᠪᠡᠷ ᠡᠨᠧᠷᠬᠢ᠂ ᠨᠣᠭᠤᠭᠠᠨ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠤ ᠦᠢᠯᠡᠳᠪᠦᠷᠢᠯᠡᠯ᠂ ᠲᠠᠯ᠎ᠠ ᠨᠣᠳᠤᠭ ᠤᠨ ᠰᠣᠶᠣᠯ ᠤᠨ ᠵᠢᠭᠤᠯᠴᠢᠯᠠᠯ᠂ ᠡᠷᠡᠬᠦᠯ ᠮᠡᠨᠳᠣ ᠪᠡᠶ᠎ᠡ ᠰᠣᠪᠢᠯᠠᠯ᠂ ᠢᠯᠴᠢ ᠴᠠᠬᠢᠯᠭᠠᠨ ᠢ ᠬᠤᠯᠪᠣᠨ ᠦᠢᠯᠡᠳᠪᠦᠷᠢᠯᠡᠬᠦ᠂ ᠠᠮᠢᠳᠣ ᠪᠣᠳᠠᠰ ᠤᠨ ᠰᠢᠨᠵᠢᠯᠡᠭᠡ ᠮᠡᠷᠬᠡᠵᠢᠯ ᠵᠡᠷᠬᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠣᠭᠤᠷᠢᠨ ᠳᠤ ᠲᠡᠪᠠᠭᠤ ᠠᠵᠦ ᠠᠬᠤᠶᠢᠯᠠᠯ ᠢ ᠣᠨᠢᠯᠠᠨ ᠣᠨᠠᠪᠴᠢᠳᠠᠢ ᠬᠤᠳᠠᠯᠳᠤᠭ᠎ᠠ ᠣᠷᠢᠨ᠎ᠠ᠃ ᠲᠦᠰᠦᠯ ᠤᠨ ᠰᠢᠭᠰᠢᠯᠳᠡ ᠶᠢ ᠴᠢᠩᠭᠠᠳᠬᠠᠵᠦ᠂ ᠣᠷᠣᠭᠤᠯᠬᠤ ᠡᠬᠦᠳᠡᠨ ᠬᠠᠪᠳᠠᠰᠣ ᠶᠢ ᠲᠡᠭᠡᠭᠰᠢᠯᠡᠬᠦᠯᠵᠦ᠂ ᠰᠢᠨ᠎ᠡ ᠪᠠᠷ ᠣᠷᠣᠭᠤᠯᠬᠤ ᠪᠣᠶᠣ ᠭᠤᠣᠯᠳᠠᠯᠭ᠎ᠠ ᠲᠠᠢ ᠲᠦᠰᠦᠯ ᠤᠨ ᠬᠦᠮᠦᠷᠬᠡ ᠳᠤ ᠵᠢᠭᠰᠠᠭᠠᠭᠳᠠᠭᠰᠠᠨ ᠲᠦᠰᠦᠯ ᠪᠦᠷ ᠣᠯᠣᠰ ᠤᠨ ᠠᠵᠦ ᠦᠢᠯᠡᠰ ᠎ ᠤᠨ ᠲᠦᠷᠦ ᠶᠢᠨ ᠪᠣᠳᠣᠯᠭ᠎ᠠ ᠳᠤ ᠨᠡᠶᠢᠴᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠱᠠᠭᠠᠷᠳᠠᠯᠭ᠎ᠠ ᠳᠤ ᠨᠡᠶᠢᠴᠡᠬᠦ᠂ ᠲᠦᠰᠦᠯ ᠤᠨ ᠪᠠᠶᠢᠷᠢᠯᠠᠭᠤᠯᠣᠯᠳᠠ ᠶᠢᠨ ᠡᠯᠧᠮᠧᠨ᠋ᠲ  ᠎ ᠤᠨ ᠨᠦᠬᠦᠴᠡᠯ ᠳᠤ ᠨᠡᠶᠢᠴᠡᠬᠦ ᠪᠠᠶᠢᠬᠤ ᠭᠡᠷᠡᠭᠳᠡᠢ᠃ ᠪᠦᠬᠦ ᠣᠷᠣᠨ ᠤ ᠨᠡᠶᠢᠳᠡ ᠶᠢᠨ ᠪᠣᠰᠣ ᠦᠮᠴᠢᠯᠡᠯᠳᠣ ᠠᠵᠦ ᠠᠬᠤᠢ ᠶᠢᠨ ᠠᠵᠢᠯ ᠤᠨ ᠬᠤᠷᠠᠯ ᠎ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠣᠨ ᠪᠠᠶᠢᠷᠢᠰᠢᠭᠤᠯᠵᠦ᠂ ᠡᠯ᠎ᠡ ᠲᠦᠷᠦᠯ ᠤᠨ ᠠᠵᠢᠯ ᠤᠨ ᠲᠣᠭᠳᠠᠯᠴᠠᠭ᠎ᠠ ᠶᠢ ᠲᠡᠬᠦᠯᠳᠡᠷᠵᠢᠬᠦᠯᠵᠦ᠂ ᠨᠡᠶᠢᠳᠡ ᠶᠢᠨ ᠪᠣᠰᠣ ᠦᠮᠴᠢᠯᠡᠯᠳᠣ ᠠᠵᠦ ᠠᠬᠤᠢ ᠶᠢᠨ ᠬᠦᠭᠵᠢᠯᠳᠡ ᠳᠤ ᠬᠦᠴᠦᠨ ᠪᠦᠬᠦᠢ ᠪᠠᠳᠣᠯᠠᠭ᠎ᠠ ᠬᠠᠩᠭᠠᠨ᠎ᠠ᠃ ᠡᠯ᠎ᠡ ᠲᠦᠷᠦᠯ ᠤᠨ ᠬᠠᠯᠠᠮᠵᠢᠳᠣ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠪᠠᠶᠢᠷᠢᠰᠢᠭᠤᠯᠵᠦ᠂ ᠨᠡᠶᠢᠳᠡ ᠶᠢᠨ ᠪᠣᠰᠣ ᠦᠮᠴᠢᠯᠡᠯᠳᠣ ᠠᠵᠦ ᠠᠬᠤᠢ ᠪᠣᠯᠣᠨ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠪᠡᠯᠡ ᠣᠷᠭᠤᠯᠬᠤ ᠣᠬᠢ ᠰᠠᠶᠢᠨ ᠣᠷᠴᠢᠨ ᠲᠣᠭᠤᠷᠢᠨ ᠢ ᠶᠡᠭᠡ ᠬᠦᠴᠦᠨ ᠢᠶᠠᠷ ᠡᠬᠦᠳᠴᠦ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠣᠷᠣᠵᠦ ᠢᠷᠡᠵᠦ ᠴᠢᠳᠠᠬᠤ᠂ ᠦᠯᠡᠳᠡᠵᠦ ᠴᠢᠳᠠᠬᠤ᠂ ᠬᠦᠭᠵᠢᠵᠦ ᠴᠢᠳᠠᠬᠤ᠂ ︽ᠲᠣᠳᠣᠨᠣ︾ ︽ᠴᠢᠭᠡᠴᠢ︾ ᠵᠠᠰᠠᠭ ᠠᠷᠠᠯᠵᠢᠶᠠᠨ ᠤ ᠬᠠᠷᠢᠴᠠᠭ᠎ᠠ ᠶᠢ ᠴᠣᠭᠴᠠᠯᠠᠵᠦ᠂ ᠬᠤᠳᠠᠯᠳᠣᠭᠠᠴᠢᠨ ᠳᠤ ᠲᠣᠳᠣᠨᠣ᠂ ᠬᠤᠳᠠᠯᠳᠣᠭᠠᠴᠢᠨ ᠢ ᠲᠣᠬᠢᠨᠠᠭᠤᠯᠬᠤ᠂ ᠬᠤᠳᠠᠯᠳᠣᠭᠠᠴᠢᠨ ᠢ ᠴᠢᠨᠠᠬᠡᠯᠢᠭᠵᠢᠬᠦᠯᠬᠦ ᠪᠡᠯᠡ ᠣᠷᠣᠭᠤᠯᠬᠤ ᠣᠷᠴᠢᠨ ᠲᠣᠭᠤᠷᠢᠨ ᠢ ᠦᠨᠡᠨᠬᠦ ᠡᠬᠦᠳᠦᠨ᠎ᠡ᠃ ᠪᠡᠯᠡ ᠣᠷᠣᠭᠤᠯᠬᠤ ᠪᠡᠯᠡ ᠴᠣᠭᠯᠠᠭᠤᠯᠬᠤ ᠠᠷᠭ᠎ᠠ ᠬᠡᠯᠪᠡᠷᠢ ᠡᠳ᠋ ᠤᠨ ᠵᠠᠰᠠᠭ ᠤᠨ ᠪᠡᠯᠡ ᠮᠦᠩᠬᠦ ᠪᠣᠯᠣᠨ ᠬᠦᠭᠵᠢᠯᠳᠡ ᠶᠢᠨ ᠰᠠᠭᠤᠷᠢ ᠮᠦᠩᠬᠦ ᠶᠢᠨ ᠣᠳᠣᠷᠢᠳᠣᠮᠵᠢ ᠪᠣᠯᠣᠨ ᠬᠦᠰᠢᠬᠦᠷᠬᠡ ᠶᠢᠨ ᠦᠢᠯᠡᠳᠦᠯ ᠢ ᠦᠨᠡᠨᠬᠦ ᠪᠠᠳᠠᠷᠠᠭᠤᠯᠵᠦ ᠠᠷᠠᠳ ᠤᠨ ᠲᠣᠮᠳᠠᠬᠢ ᠪᠡᠯᠡ ᠮᠦᠩᠬᠦᠨ ᠤ ᠠᠮᠢᠵᠢᠷᠠᠯ ᠤᠨ ᠬᠦᠴᠦᠨ ᠳᠤ ᠰᠡᠳᠦᠯᠳᠡ ᠦᠭᠴᠦ᠂ ᠨᠡᠩ ᠣᠯᠠᠨ ᠨᠡᠶᠢᠬᠡᠮ ᠤᠨ ᠪᠡᠯᠡ ᠮᠦᠩᠬᠦ ᠶᠢᠨ ᠰᠠᠭᠤᠷᠢ ᠪᠦᠳᠦᠬᠡᠨ ᠪᠠᠶᠢᠭᠤᠯᠣᠯᠳᠠ᠂ ᠣᠯᠠᠨ ᠨᠡᠶᠢᠳᠡ ᠶᠢᠨ ᠦᠢᠯᠡᠴᠢᠯᠡᠭᠡ᠂ ᠬᠤᠳᠠ ᠪᠠᠯᠭᠠᠰᠣᠨ ᠤ ᠪᠦᠳᠦᠬᠡᠨ ᠪᠠᠶᠢᠭᠤᠯᠣᠯᠳᠠ᠂ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠵᠡᠷᠬᠡ ᠬᠦᠷᠢᠶ᠎ᠡ ᠬᠡᠪᠴᠢᠶᠠᠨ ᠵᠦᠭ ᠣᠷᠣᠬᠤ ᠶᠢ ᠣᠳᠣᠷᠢᠳᠣᠨ᠎ᠠ᠃ PPP ᠪᠡᠯᠡ ᠣᠷᠣᠭᠤᠯᠬᠤ ᠪᠡᠯᠡ ᠴᠣᠭᠯᠠᠭᠤᠯᠬᠤ ᠵᠠᠭᠪᠣᠷ ᠢ ᠶᠡᠭᠡ ᠬᠦᠴᠦᠨ ᠢᠶᠠᠷ ᠲᠦᠯᠬᠢᠨ ᠠᠬᠢᠭᠤᠯᠵᠦ ᠪᠠᠶᠠᠨᠬᠤᠰᠢᠭᠤ ᠪᠠᠯᠭᠠᠰᠣᠨ ᠤ ᠣᠨᠴᠠᠯᠢᠭᠳᠣ ᠦᠵᠡᠮᠵᠢᠳᠣ ᠵᠢᠭᠤᠯᠴᠢᠯᠠᠯ ᠤᠨ ᠨᠡᠷᠡᠳᠣ ᠪᠠᠯᠭᠠᠰᠣ᠂ ᠬᠤᠭ ᠪᠣᠯᠠᠬᠤ ᠲᠠᠯᠠᠪᠠᠢ ᠵᠢᠴᠢ ᠪᠣᠵᠠᠷ ᠣᠰᠣ ᠶᠢ ᠰᠢᠢᠳᠪᠦᠷᠢᠯᠡᠬᠦ ᠦᠢᠯᠡᠳᠪᠦᠷᠢ᠂ ᠪᠦᠬᠦ ᠣᠷᠣᠨ ᠢ ᠵᠠᠶᠢᠴᠢᠯᠠᠭᠰᠠᠨ ᠵᠢᠭᠤᠯᠴᠢᠯᠠᠯ ᠤᠨ ᠶᠡᠷᠦᠩᠬᠡᠶᠢᠯᠡᠭᠰᠡᠨ ᠨᠡᠬᠡᠬᠡᠯᠳᠡ᠂ ᠮᠠᠭᠤ ᠡᠷᠦᠬᠡ ᠶᠢᠨ ᠲᠣᠭᠤᠷᠢᠭ ᠤᠨ ᠦᠬᠡᠷᠡᠴᠢᠯᠡᠯᠳᠡ᠂ ᠢᠯᠴᠢ ᠴᠠᠬᠢᠯᠭᠠᠨ ᠢ ᠬᠤᠯᠪᠣᠨ ᠦᠢᠯᠡᠳᠪᠦᠷᠢᠯᠡᠬᠦ 5 ᠨᠢᠬᠡᠳᠣᠭᠡᠷ ᠪᠦᠯᠦᠭ PPP᠎ ᠳᠤ ᠲᠣᠬᠢᠷᠠᠯᠴᠠᠬᠤ ᠲᠦᠰᠦᠯ ᠢ ᠢᠳᠡᠪᠬᠢᠳᠡᠢ ᠲᠦᠰᠦᠪᠯᠡᠨ ᠲᠦᠯᠬᠢᠨ ᠠᠬᠢᠭᠤᠯᠣᠨ᠎ᠠ᠃ ᠮᠦᠩᠬᠦᠨ ᠬᠦᠢᠯᠬᠡᠬᠡᠨ ᠤ ᠪᠠᠶᠢᠭᠤᠯᠣᠯᠭ᠎ᠠ ᠯᠤᠭ᠎ᠠ ᠶᠢᠨ ᠬᠤᠷᠰᠢᠯᠳᠠ ᠶᠢ ᠴᠢᠩᠭᠠᠳᠬᠠᠵᠦ᠂ ᠵᠠᠰᠠᠭ ᠪᠠᠩᠬᠢ ᠠᠵᠦ ᠠᠬᠤᠶᠢᠯᠠᠯ ᠤᠨ ᠵᠠᠯᠭᠠᠯᠳᠠ ᠶᠢ ᠲᠦᠯᠬᠢᠨ ᠣᠷᠣᠭᠰᠢᠯᠠᠭᠤᠯᠵᠦ᠂ ᠠᠶᠢᠮᠠᠭ ᠤᠨ ᠲᠡᠰ ᠤᠨ ᠪᠣᠯᠣᠨ ᠬᠠᠮᠢᠶ᠋ᠷᠣᠯᠳᠠ ᠶᠢᠨ ᠣᠷᠣᠨ ᠤ ᠲᠡᠰ ᠤᠨ ᠲᠠᠭᠠᠭᠠᠯᠳᠠ ᠣᠷᠣᠬᠤ ᠪᠠᠶᠢᠭᠤᠯᠭ᠎ᠠ ᠶᠢᠨ ᠲᠠᠪᠴᠠᠩ ᠢ ᠬᠦᠢᠴᠡᠳ ᠠᠰᠢᠭᠯᠠᠨ᠂ ᠣᠯᠠᠨ ᠵᠠᠮ ᠰᠣᠪᠠᠭ ᠢᠶᠠᠷ ᠪᠡᠯᠡ ᠴᠣᠭᠯᠠᠭᠤᠯᠬᠤ ᠎ ᠶᠢ ᠲᠦᠯᠬᠢᠨ ᠠᠬᠢᠭᠤᠯᠵᠦ ᠭᠤᠣᠯᠳᠠᠯᠭ᠎ᠠ ᠲᠠᠢ ᠲᠦᠰᠦᠯ᠂ ᠲᠣᠮᠳᠠ ᠪᠠᠭ᠎ᠠ ᠠᠵᠦ ᠠᠬᠤᠶᠢᠯᠠᠯ ᠤᠨ ᠪᠡᠯᠡ ᠴᠣᠭᠯᠠᠭᠤᠯᠬᠤ ᠶᠢ ᠲᠡᠮᠵᠢᠬᠦ ᠬᠦᠴᠦ ᠶᠢ ᠶᠡᠬᠡᠳᠬᠡᠵᠦ᠂ ᠮᠦᠩᠬᠦᠨ ᠬᠦᠢᠯᠬᠡᠬᠡᠨ ᠤ ᠪᠣᠳᠠᠳᠣ ᠴᠣᠭᠴᠠᠳᠣ ᠠᠵᠦ ᠠᠬᠤᠢ ᠎ ᠳᠤ ᠦᠢᠯᠡᠴᠢᠯᠡᠬᠦ ᠦᠢᠯᠡᠳᠣᠯ ᠢ ᠰᠠᠶᠢᠳᠣᠷ ᠪᠠᠳᠠᠷᠠᠭᠤᠯᠣᠨ᠎ᠠ᠃      ︵ᠬᠤᠶᠠᠷ︶ ᠭᠤᠷᠪᠠ ᠣᠳᠠᠭᠠᠨ ᠤ ᠠᠵᠦ ᠦᠢᠯᠡᠰ ᠤᠨ ᠬᠡᠪ ᠰᠢᠯᠵᠢᠵᠦ ᠵᠡᠷᠬᠡ ᠲᠠᠪᠰᠢᠬᠦ ᠶᠢ ᠬᠦᠴᠦᠯᠡᠨ ᠠᠬᠢᠭᠤᠯᠵᠦ᠂ ᠲᠠᠪᠠᠭᠤᠯᠢᠭ ᠣᠨᠴᠠᠯᠢᠭᠳᠣ ᠲᠣᠯᠭᠠᠭᠤᠷᠢᠯᠠᠬᠤ ᠠᠵᠦ ᠦᠢᠯᠡᠰ ᠢ ᠪᠣᠳᠠᠳᠠᠢ ᠶᠡᠭᠡ ᠬᠦᠴᠦᠷᠬᠡᠭ ᠲᠡᠰᠢ ᠬᠢᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠤᠨ ᠴᠢᠨᠠᠷᠳᠠᠢ ᠦᠬᠡᠷᠡᠴᠢᠯᠡᠯᠳᠡ ᠪᠠᠷ ᠭᠤᠣᠯ ᠱᠣᠭᠤᠮ ᠪᠣᠯᠭᠠᠬᠤ ᠎ ᠶᠢ ᠲᠦᠯᠬᠢᠨ ᠠᠬᠢᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠢᠳᠡᠪᠬᠢᠳᠡᠢ ᠬᠤᠪᠢᠷᠠᠭᠠᠵᠦ᠂ ᠠᠵᠦ ᠦᠢᠯᠡᠰ ᠤᠨ ᠬᠡᠪ ᠰᠢᠯᠵᠢᠯᠳᠡ ᠵᠡᠷᠬᠡ ᠲᠡᠪᠰᠢᠯᠳᠡ ᠶᠢ ᠲᠦᠯᠬᠢᠨ ᠠᠬᠢᠭᠤᠯᠬᠤ ᠲᠡᠭᠡᠷ᠎ᠡ ᠬᠦᠴᠦ ᠭᠠᠷᠭᠠᠵᠦ᠂ ᠪᠣᠳᠠᠳᠠᠢ ᠴᠠᠭ ᠣᠷᠣᠭᠤᠯᠣᠨ᠂ ᠪᠣᠳᠠᠳᠠᠢ ᠦᠷ᠎ᠡ ᠪᠦᠳᠦᠮᠵᠢ ᠭᠠᠷᠭᠠᠬᠤ ᠶᠢ ᠱᠠᠭᠠᠷᠳᠠᠨ᠂ ᠣᠯᠠᠨ ᠡᠰᠢᠴᠢᠯᠡᠯᠳᠡ ᠶᠢᠨ ᠬᠦᠭᠵᠢᠯᠳᠡ᠂ ᠣᠯᠠᠨ ᠲᠣᠶᠢᠯ ᠢᠶᠠᠷ ᠲᠣᠯᠭᠠᠭᠤᠷᠢᠯᠠᠬᠤ ᠣᠳᠣᠬᠢᠴᠢᠯᠠᠭᠰᠠᠨ ᠠᠵᠦ ᠦᠢᠯᠡᠰ ᠤᠨ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠭᠡᠨ᠎ᠡ᠃       ᠨᠢᠬᠡ ᠳᠤ ᠨᠢᠬᠡᠳᠣᠬᠡᠷ ᠠᠵᠦ ᠦᠢᠯᠡᠰ ᠢ ᠨᠠᠷᠢᠯᠢᠭ ᠬᠢᠬᠦ ᠲᠣᠭᠤᠷᠢᠨ ᠳᠤ᠂ ᠲᠠᠷᠢᠶᠠᠯᠠᠩ ᠮᠠᠯᠵᠢᠯ ᠤᠨ ᠦᠢᠯᠡᠰ ᠢ ᠣᠳᠣᠬᠢᠴᠢᠯᠠᠯᠳᠠ ᠵᠦᠭ ᠬᠤᠪᠢᠷᠠᠭᠠᠬᠤ ᠶᠢ ᠲᠦᠯᠬᠢᠨ ᠠᠬᠢᠭᠤᠯᠣᠨ᠎ᠠ᠃ ᠨᠢᠬᠡᠳᠣᠭᠡᠷ ᠠᠵᠦ ᠦᠢᠯᠡᠰ ᠤᠨ ᠬᠤᠶᠠᠷ ᠭᠤᠷᠪᠠᠳᠣᠭᠠᠷ ᠠᠵᠦ ᠦᠢᠯᠡᠰ ᠯᠤᠭ᠎ᠠ ᠠᠭᠤᠰᠣᠯᠴᠠᠨ ᠬᠦᠭᠵᠢᠬᠦ ᠶᠢ ᠲᠦᠯᠬᠢᠨ ᠠᠬᠢᠭᠤᠯᠵᠦ᠂ ᠲᠠᠷᠢᠶᠠᠯᠠᠩ ᠎ ᠤᠨ ᠭᠦᠭᠵᠢᠯᠳᠡ ᠤᠨ ᠲᠠᠪᠠᠭᠤᠯᠢᠭ ᠢ ᠰᠠᠶᠢᠳᠣᠷ ᠪᠠᠷᠢᠵᠦ᠂ ᠣᠯᠠᠮᠵᠢᠯᠠᠯᠳᠣ ᠲᠠᠷᠢᠶᠠᠯᠠᠩ ᠮᠠᠯᠵᠢᠯ ᠤᠨ ᠦᠢᠯᠡᠰ ᠢ ᠣᠳᠣᠬᠢᠴᠢᠯᠠᠭᠰᠠᠨ ᠲᠠᠷᠢᠶᠠᠯᠠᠩ ᠮᠠᠯᠵᠢᠯ ᠤᠨ ᠦᠢᠯᠡᠰ ᠵᠦᠭ ᠬᠡᠪ ᠰᠢᠯᠵᠢᠬᠦᠯᠦᠨ ᠵᠡᠷᠬᠡ ᠲᠡᠪᠰᠢᠬᠦᠯᠬᠦ ᠶᠢ ᠲᠦᠷᠬᠡᠳᠭᠡᠨ᠎ᠡ᠃     ᠲᠠᠷᠢᠶᠠᠯᠠᠩ ᠤᠨ ᠪᠦᠳᠦᠴᠡ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷ ᠲᠠᠢ ᠲᠣᠬᠢᠷᠠᠭᠤᠯᠣᠯᠳᠠ ᠶᠢ ᠲᠦᠯᠬᠢᠨ ᠠᠬᠢᠭᠤᠯᠣᠨ᠎ᠠ᠃ ᠮᠠᠯᠵᠢᠯ ᠤᠨ ᠦᠢᠯᠡᠰ ᠤᠨ ᠲᠠᠯ᠎ᠠ ᠪᠠᠷ᠂ ᠣᠯᠣᠰ ᠤᠨ ᠰᠢᠯᠢᠳᠡᠭ ᠡᠬᠦᠯᠳᠡᠷ ᠤᠨ ᠮᠢᠬᠠᠨ ᠦᠬᠡᠷ ᠦᠷᠡᠵᠢᠬᠦᠯᠬᠦ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠲᠡᠮᠡᠴᠡᠨ ᠪᠠᠶᠢᠭᠤᠯᠬᠤ ᠪᠠᠷ ᠬᠠᠷᠠᠯᠳᠠ ᠪᠣᠯᠭᠠᠵᠦ᠂ ︽ᠬᠤᠨᠢ ᠎ ᠶᠢ ᠪᠠᠭᠠᠰᠬᠠᠵᠦ ᠦᠬᠡᠷ ᠢ ᠨᠡᠮᠡᠬᠦ︾ ᠠᠵᠢᠯ ᠤᠨ ᠡᠷᠴᠢ ᠶᠢ ᠶᠡᠬᠡᠳᠬᠡᠵᠦ᠂ ᠰᠢᠯᠢᠳᠡᠭ ᠰᠠᠶᠢᠨ ᠡᠬᠦᠯᠳᠡᠷ ᠤᠨ ᠮᠢᠬᠠᠨ ᠦᠬᠡᠷ ᠢ ᠣᠷᠣᠭᠤᠯᠣᠨ ᠦᠷᠡᠵᠢᠯᠳᠡ ᠶᠢ ᠦᠷᠬᠡᠳᠬᠡᠨ᠂ ᠰᠢᠨ᠎ᠡ ᠵᠦᠢᠯ ᠤᠨ ᠣᠳᠣᠮᠯᠠᠯ ᠢ ᠰᠣᠩᠭᠤᠨ ᠪᠣᠶᠢᠵᠢᠭᠤᠯᠬᠤ ᠂ ᠣᠯᠣᠰ ᠤᠨ ᠭᠤᠣᠯ ᠡᠬᠦᠯᠳᠡᠷ ᠪᠣᠶᠢᠵᠢᠭᠤᠯᠬᠤ ᠲᠠᠯᠠᠪᠠᠢ ᠵᠡᠷᠬᠡ ᠭᠤᠣᠯᠳᠠᠯᠭ᠎ᠠ ᠲᠠᠢ ᠢᠨᠵᠧᠨᠧᠷᠢᠩ ᠤᠨ ᠲᠦᠰᠦᠯ ᠢ ᠬᠡᠷᠡᠭᠵᠢᠬᠦᠯᠬᠦ ᠶᠢ ᠲᠦᠷᠭᠡᠳᠬᠡᠵᠦ᠂ ︽ᠦᠢᠯᠡᠳᠪᠦᠷᠢᠯᠡᠬᠦ᠂ ᠦᠢᠯᠡᠴᠢᠯᠡᠬᠦ᠂ ᠪᠠᠳᠣᠯᠠᠭ᠎ᠠ᠂ ᠨᠡᠷᠡᠳᠣ ᠲᠡᠮᠳᠡᠭ᠂ ᠬᠢᠨᠠᠨ ᠬᠠᠮᠢᠶᠠᠷᠬᠤ︾ ᠲᠠᠪᠣᠨ ᠶᠡᠭᠡ ᠲᠣᠭᠳᠠᠯᠴᠠᠭ᠎ᠠ ᠶᠢ ᠪᠠᠶᠢᠭᠤᠯᠣᠨ ᠡᠷᠡᠬᠦᠯᠵᠢᠬᠦᠯᠵᠦ᠂ ᠰᠢᠯᠢᠳᠡᠭ ᠰᠠᠶᠢᠨ ᠡᠬᠦᠯᠳᠡᠷ ᠤᠨ ᠮᠢᠬᠠᠨ ᠦᠬᠡᠷ ᠤᠨ ᠠᠵᠦ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠦᠨᠦ ᠵᠢᠯ ᠬᠠᠮᠢᠶᠠᠷᠣᠯᠳᠠ ᠶᠢᠨ ᠣᠷᠣᠨ ᠎ ᠠᠴᠠ ᠰᠢᠯᠢᠳᠡᠭ ᠡᠬᠦᠯᠳᠡᠷ ᠤᠨ ᠦᠷᠡᠵᠢᠯᠳᠡ ᠶᠢᠨ ᠦᠨᠢᠶ᠎ᠡ 7000 ᠲᠣᠯᠣᠭᠠᠢ ᠣᠷᠣᠭᠤᠯᠬᠤ ︵ᠡᠬᠦᠨ ᠳᠤ ᠴᠣᠯᠣ ᠡᠬᠦᠯᠳᠡᠷ ᠤᠨ ᠦᠷᠡᠵᠢᠯᠳᠡ ᠶᠢᠨ ᠦᠨᠢᠶ᠎ᠡ 5000 ᠲᠣᠯᠣᠭᠠᠢ︶᠂ ᠰᠢᠷ᠎ᠡ ᠦᠬᠡᠷ 1.4 ᠲᠦᠮᠡᠨ ᠲᠣᠯᠣᠭᠠᠢ‌‍ᠬᠡᠬᠡᠯᠢᠳᠦᠬᠦᠯᠵᠦ᠂ ᠴᠣᠯᠣ ᠡᠬᠦᠯᠳᠡᠷ ᠤᠨ ᠦᠬᠡᠷ ᠲᠡᠵᠢᠬᠡᠬᠦ ᠬᠦᠷᠢᠶ᠎ᠡ ᠬᠡᠪᠴᠢᠶ᠎ᠡ ᠶᠢ 1 ᠲᠦᠮᠡᠨ ᠲᠣᠯᠣᠭᠠᠢ ᠎ ᠠᠴᠠ ᠲᠡᠭᠡᠭᠰᠢ ᠪᠣᠯᠭᠠᠵᠦ᠂ ᠮᠢᠬᠠᠨ ᠦᠬᠡᠷ ᠤᠨ ᠲᠡᠵᠢᠬᠡᠵᠦ ᠪᠠᠶᠢᠭ᠎ᠠ ᠶᠡᠷᠦᠩᠬᠡᠢ ᠲᠣᠯᠣᠭᠠᠢ ᠶᠢ 4 ᠲᠦᠮᠡ ᠶᠢ ᠰᠢᠪᠳᠣᠯᠬᠤ᠂ ᠪᠣᠶᠢᠵᠢᠭᠤᠯᠣᠨ ᠦᠷᠡᠵᠢᠬᠦᠯᠦᠭᠰᠡᠨ ᠲᠣᠯᠣᠭᠠᠢ ᠶᠢᠨ ᠨᠡᠶᠢᠯᠡᠪᠦᠷᠢ ᠳᠤ ᠬᠡᠪᠴᠢᠶ᠎ᠠ ᠨᠢ 50 ᠲᠣᠯᠣᠭᠠᠢ ᠎ ᠶᠢ ᠲᠠᠪᠠᠭᠰᠠᠨ ᠮᠢᠬᠠᠨ ᠦᠬᠡᠷ ᠲᠡᠵᠢᠬᠡᠬᠦ ᠲᠣᠰᠬᠠᠢ ᠡᠷᠦᠬᠡ ᠶᠢ 100 ᠡᠷᠦᠬᠡ ᠪᠣᠯᠭᠠᠬᠤ᠂ ᠲᠡᠵᠢᠬᠡᠨ ᠦᠷᠡᠵᠢᠬᠦᠯᠬᠦ ᠬᠡᠪᠴᠢᠶ᠎ᠡ ᠨᠢ 300 ᠲᠣᠯᠣᠭᠠᠢ ᠠᠴᠠ ᠲᠡᠭᠡᠭᠰᠢ ᠮᠢᠬᠠᠨ ᠦᠬᠡᠷ ᠤᠨ ᠦᠷ᠎ᠡ ᠪᠣᠶᠢᠵᠢᠭᠤᠯᠬᠤ ᠵᠢᠴᠢ ᠦᠷᠬᠡᠳᠬᠡᠨ ᠦᠷᠡᠵᠢᠬᠦᠯᠬᠦ ᠠᠵᠦ ᠠᠬᠤᠶᠢᠯᠠᠯ ︵ᠬᠤᠷᠰᠢᠶᠠᠵᠢᠯ︶᠎ ᠢ 8 ᠡᠷᠦᠬᠡ ᠪᠣᠯᠭᠠᠬᠤ᠂ 5000 ᠲᠣᠯᠣᠭᠠᠢ ᠶᠢ ᠲᠠᠪᠠᠭᠰᠠᠨ ᠬᠡᠪᠴᠢᠶᠡᠵᠢᠭᠰᠡᠨ ᠲᠣᠯᠣᠭᠠᠶᠢᠯᠠᠭᠴᠢ ᠠᠵᠦ ᠠᠬᠤᠶᠢᠯᠠᠯ 1 ᠡᠷᠦᠬᠡ᠂ ᠣᠯᠣᠰ ᠤᠨ ᠲᠡᠰ ᠤᠨ ᠭᠤᠣᠯ ᠪᠣᠯᠬᠤ ᠮᠢᠬᠠᠨ ᠦᠬᠡᠷ ᠤᠨ ᠦᠷ᠎ᠡ ᠪᠣᠶᠢᠵᠢᠭᠤᠯᠬᠤ ᠲᠠᠯᠠᠪᠠᠢ ᠪᠣᠯᠣᠨ ᠦᠪᠡᠷᠳᠡᠬᠡᠨ ᠵᠠᠰᠠᠬᠤ ᠣᠷᠣᠨ ᠤ ᠲᠡᠰ ᠤᠨ ᠰᠢᠯᠢᠳᠡᠭ ᠰᠠᠶᠢᠨ ᠮᠢᠬᠠᠨ ᠦᠬᠡᠷ ᠦᠷᠡᠵᠢᠬᠦᠯᠦᠨ ᠪᠣᠶᠢᠵᠢᠭᠤᠯᠬᠤ ᠲᠣᠯᠣᠭᠠᠶᠢᠯᠠᠭᠴᠢ ᠠᠵᠦ ᠠᠬᠤᠶᠢᠯᠠᠯ 1 ᠡᠷᠦᠬᠡ ᠶᠢ ᠭᠤᠶᠣᠴᠢᠯᠠᠨ ᠮᠡᠳᠡᠬᠦᠯᠵᠦ ᠠᠮᠵᠢᠯᠳᠠ ᠣᠯᠬᠤ ᠪᠠᠷ ᠲᠦᠯᠦᠪᠯᠡᠵᠦ ᠪᠣᠢ᠃ ᠭᠠᠵᠠᠷ ᠣᠷᠣᠨ ᠤ ᠰᠢᠯᠢᠳᠡᠭ ᠡᠬᠦᠯᠳᠡᠷ ᠤᠨ ᠮᠢᠬᠠᠨ ᠬᠤᠨᠢ ᠶᠢ ᠰᠣᠩᠭᠤᠨ ᠦᠷᠡᠵᠢᠬᠦᠯᠬᠦ ᠠᠵᠢᠯ ᠢ ᠦᠷᠬᠦᠯᠵᠢᠯᠡᠨ ᠰᠠᠶᠢᠳᠣᠷ ᠠᠳᠬᠤᠵᠦ᠂ ᠦᠵᠦᠮᠦᠴᠢᠨ ᠬᠤᠨᠢ ᠪᠠᠷ ᠭᠤᠣᠯ ᠡᠬᠦᠯᠳᠡᠷ ᠪᠣᠯᠭᠠᠵᠦ᠂ ᠦᠷ᠎ᠡ ᠶᠢᠨ ᠬᠤᠴᠠ ᠶᠢᠨ ᠲᠠᠯᠠᠪᠠᠢ᠂ ᠪᠠᠷᠢᠮᠵᠢᠶᠠᠵᠢᠭᠰᠡᠨ ᠮᠠᠯ ᠤᠨ ᠰᠦᠷᠦᠭ᠂ ᠲᠣᠰᠬᠠᠢ ᠮᠡᠷᠬᠡᠵᠢᠯ ᠤᠨ ᠡᠷᠦᠬᠡ ᠶᠢ ᠪᠠᠶᠢᠭᠤᠯᠬᠤ ᠵᠢᠴᠢ ᠭᠠᠵᠠᠷ ᠣᠷᠣᠨ ᠤ ᠰᠢᠯᠢᠳᠡᠭ ᠡᠬᠦᠯᠳᠡᠷ ᠢ ᠰᠣᠩᠭᠤᠨ ᠪᠣᠶᠢᠵᠢᠭᠤᠯᠬᠤ ᠶᠢ ᠲᠡᠭᠡᠭᠰᠢᠯᠡᠬᠦᠯᠬᠦ ᠶᠢ ᠰᠠᠶᠢᠳᠣᠷ ᠠᠳᠬᠤᠬᠤ ᠪᠠᠷ ᠲᠠᠮᠵᠢᠵᠦ᠂ ᠭᠠᠵᠷ ᠣᠷᠣᠨ ᠤ ᠮᠢᠬᠠᠨ ᠬᠤᠨᠢ ᠶᠢ ᠦᠷᠡᠵᠢᠬᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠳᠦᠬᠡᠬᠦ ᠶᠢ ᠲᠦᠷᠬᠡᠳᠭᠡᠵᠦ᠂ ᠦᠨᠦ ᠵᠢᠯ 11 ᠮᠢᠬᠠᠨ ᠬᠤᠨᠢ ᠶᠢᠨ ᠰᠦᠷᠦᠭ᠂ ᠦᠷ᠎ᠡ ᠶᠢᠨ ᠬᠤᠴᠠ ᠶᠢ ᠨᠢᠬᠡᠳᠦᠯᠳᠡᠢ ᠬᠠᠮᠢᠶᠠᠷᠬᠤ ᠴᠡᠭ 4᠂ ᠪᠡᠯᠡᠳᠬᠡᠯ ᠦᠷ᠎ᠡ ᠶᠢᠨ ᠬᠤᠴᠠ ᠦᠢᠯᠡᠳᠪᠦᠷᠢᠯᠡᠬᠦ ᠰᠦᠷᠦᠭ 12᠂ ᠮᠢᠬᠠᠨ ᠬᠤᠨᠢ ᠦᠷᠡᠵᠢᠬᠦᠯᠦᠨ ᠪᠣᠶᠢᠵᠢᠭᠤᠯᠬᠤ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ 40 ᠡᠷᠦᠬᠡ ᠢ ᠪᠠᠬᠢᠵᠢᠬᠦᠯᠵᠦ ᠲᠡᠬᠦᠯᠳᠡᠷᠵᠢᠬᠦᠯᠦᠨ᠎ᠡ᠃ ᠲᠠᠷᠢᠮᠠᠯ ᠤᠨ ᠦᠢᠯᠡᠰ ᠎ ᠤᠨ ᠲᠠᠯ᠎ᠠ ᠪᠠᠷ᠂ ︽ᠠᠮᠣ ᠪᠣᠳᠠᠭ᠎ᠠ ᠶᠢ ᠪᠣᠷᠳᠤᠭ᠎ᠠ ᠬᠤᠪᠢᠷᠠᠭᠤᠯᠬᠤ︾᠎ ᠪᠠᠷ ᠪᠠᠷᠢᠴᠠ ᠪᠣᠯᠭᠠᠵᠦ ᠲᠠᠷᠢᠮᠠᠯ ᠤᠨ ᠪᠦᠳᠦᠴᠡ ᠶᠢ ᠰᠢᠯᠢᠳᠡᠭᠵᠢᠬᠦᠯᠦᠨ ᠲᠣᠬᠢᠷᠠᠭᠤᠯᠵᠦ᠂ ︽ᠭᠤᠷᠪᠠᠨ ᠨᠣᠭᠤᠭᠠᠨ ᠲᠠᠷᠢᠮᠠᠯ︾᠎ ᠢ ᠲᠠᠷᠢᠬᠤ ᠲᠠᠯᠠᠪᠠᠢ ᠶᠢ 10 ᠲᠦᠮᠠᠨ ᠮᠦ ᠠᠴᠠ ᠲᠡᠭᠡᠭᠰᠢ ᠪᠣᠯᠭᠠᠵᠦ᠂ ᠠᠮᠣ ᠡᠪᠡᠰᠣ ᠬᠤᠪᠰᠣᠷᠭᠠᠭᠰᠠᠨ᠂ ᠲᠠᠷᠢᠶᠠᠯᠠᠩ ᠮᠠᠯᠵᠢᠯ ᠣᠶᠠᠯᠳᠣᠭᠰᠠᠨ᠂ ᠲᠠᠷᠢᠵᠦ ᠮᠠᠯᠵᠢᠬᠤ ᠨᠢᠬᠡ ᠴᠣᠭᠴᠠᠵᠢᠭᠰᠠᠨ ᠰᠢᠨ᠎ᠠ ᠬᠡᠯᠪᠡᠷᠢ ᠶᠢᠨ ᠲᠠᠷᠢᠶᠠᠯᠠᠩ ᠮᠠᠯᠵᠢᠯ ᠤᠨ ᠬᠦᠭᠵᠢᠯᠳᠡ ᠶᠢᠨ ᠪᠠᠶᠢᠷᠢ ᠪᠠᠶᠢᠴᠠ ᠶᠢᠨ ᠪᠦᠷᠢᠯᠳᠦᠯ ᠢ ᠲᠦᠷᠭᠡᠳᠭᠡᠨ᠎ᠡ᠃ ᠦᠨᠳᠦᠷ ᠪᠠᠷᠢᠮᠵᠢᠶᠠᠳᠣ ᠲᠠᠷᠢᠶᠠᠯᠠᠩ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠦ᠂ ᠭᠠᠵᠠᠷ ᠰᠢᠷᠣᠢ ᠶᠢᠨ ᠴᠡᠭᠴᠡᠯᠡᠯᠳᠡ᠂ ᠲᠣᠮᠳᠠ ᠲᠣᠣᠷ᠎ᠠ ᠣᠨᠠᠯᠳᠠ ᠲᠠᠢ ᠲᠠᠷᠢᠶᠠᠨ ᠭᠠᠵᠠᠷ ᠢ ᠦᠬᠡᠷᠡᠴᠢᠯᠡᠨ᠂ ᠲᠠᠷᠢᠶᠠᠨ ᠭᠠᠵᠠᠷ ᠣᠰᠣᠨ ᠠᠰᠢᠭᠯᠠᠯᠳᠠ ᠶᠢᠨ ᠪᠠᠶᠢᠭᠤᠯᠣᠮᠵᠢ ᠎ ᠶᠢᠨ ᠪᠦᠳᠦᠬᠡᠨ ᠪᠠᠶᠢᠭᠤᠯᠣᠯᠳᠠ ᠶᠢ ᠢᠳᠡᠪᠬᠢᠳᠡᠢ ᠦᠷᠨᠢᠬᠦᠯᠦᠨ᠎ᠡ᠃ ᠲᠠᠷᠢᠶᠠᠨ ᠭᠠᠵᠠᠷ ᠤᠨ ᠴᠢᠨᠠᠷ ᠤᠨ ᠬᠠᠮᠠᠭᠠᠯᠠᠯᠳᠠ ᠪᠣᠯᠣᠨ ᠲᠡᠬᠡᠭᠰᠢᠯᠡᠬᠦᠯᠦᠯᠳᠡ ᠶᠢᠨ ᠦᠢᠯᠡ ᠠᠵᠢᠯᠯᠠᠭ᠎ᠠ ᠶᠢ ᠬᠦᠨᠵᠡᠬᠡᠶᠢᠷᠡᠬᠦᠯᠵᠦ᠂ ᠬᠦᠨ ᠬᠠᠭᠠᠯᠪᠣᠷᠢᠯᠠᠨ ᠬᠦᠨ ᠰᠣᠯᠠᠷᠠᠭᠤᠯᠵᠦ᠂ ᠬᠠᠮᠠᠭᠠᠯᠠᠯ ᠤᠨ ᠴᠢᠨᠠᠷᠳᠠᠢ ᠲᠠᠷᠢᠬᠤ᠂ ᠡᠰᠢ ᠰᠦᠷᠡᠯ ᠢ ᠭᠠᠵᠠᠷ ᠲᠤ ᠪᠣᠴᠠᠭᠠᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠵᠡᠷᠬᠡ ᠬᠡᠯᠪᠡᠷᠢ ᠪᠠᠷ᠂ ᠬᠦᠷᠦᠰᠣ ᠰᠢᠷᠣᠢ ᠶᠢᠨ ᠣᠷᠭᠠᠨᠢᠭ ᠴᠢᠨᠠᠷ ᠢ ᠨᠡᠮᠡᠵᠦ᠂ ᠨᠦᠬᠦᠴᠡᠯ ᠲᠠᠢ ᠲᠠᠷᠢᠶᠠᠯᠠᠬᠤ ᠠᠵᠦ ᠠᠬᠤᠶᠢᠯᠠᠯ ᠪᠣᠯᠣᠨ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠢ ᠡᠬᠡᠯᠵᠢᠯᠡᠨ ᠲᠠᠷᠢᠬᠤ ᠠᠮᠠᠷᠠᠭᠤᠯᠣᠨ ᠲᠠᠷᠢᠬᠤ ᠶᠢ ᠲᠡᠮᠵᠢᠨ᠎ᠠ᠃       ᠲᠡᠷᠢᠶᠠᠴᠢᠨ ᠮᠠᠯᠴᠢᠨ ᠪᠣᠯᠣᠨ ᠠᠵᠦ ᠠᠬᠤᠶᠢᠯᠠᠯ ᠤᠨ ᠠᠰᠢᠭ ᠢ ᠬᠤᠯᠪᠣᠬᠤ ᠲᠣᠭᠳᠠᠯᠴᠠᠭ᠎ᠠ ᠶᠢ ᠪᠠᠶᠢᠭᠤᠯᠣᠨ ᠲᠡᠬᠦᠯᠳᠡᠷᠵᠢᠬᠦᠯᠦᠨ᠎ᠡ᠃ ᠣᠶᠢᠷ᠎ᠠ ᠶᠢᠨ ᠬᠤᠶᠠᠷ ᠵᠢᠯ ᠳᠤ᠂ ᠬᠠᠮᠢᠶᠠᠷᠣᠯᠳᠠ ᠶᠢᠨ ᠣᠷᠣᠨ ᠠᠴᠠ  ᠲᠡᠷᠢᠶᠠᠴᠢᠨ ᠮᠠᠯᠴᠢᠨ ᠪᠣᠯᠣᠨ ᠠᠵᠦ ᠠᠬᠤᠶᠢᠯᠠᠯ ᠤᠨ ᠠᠰᠢᠭ ᠢ ᠬᠤᠯᠪᠣᠬᠤ ᠲᠣᠭᠳᠠᠯᠴᠠᠭ᠎ᠠ ᠶᠢ ᠪᠠᠶᠢᠭᠤᠯᠬᠤ ᠲᠠᠯ᠎ᠠ ᠪᠠᠷ ᠬᠠᠶᠢᠯᠳᠠ ᠶᠢᠨ ᠴᠢᠨᠠᠷᠳᠠᠢ ᠠᠵᠢᠯ ᠬᠢᠭᠰᠡᠨ ᠪᠣᠯᠪᠠᠴᠣ ᠪᠦᠬᠦᠯᠢ ᠴᠣᠭᠴᠠ ᠶᠢᠨ ᠲᠠᠶᠢᠴᠢᠯᠠᠯᠳᠠ ᠶᠢᠨ ᠦᠢᠯᠡᠳᠦᠯ ᠢᠯᠡᠳᠳᠡ ᠪᠣᠰᠣ ᠪᠠᠶᠢᠪᠠ᠃ ︽ᠠᠵᠦ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ︾ ᠬᠡᠬᠦ ᠬᠤᠷᠰᠢᠬᠤ ᠵᠠᠭᠪᠣᠷ ᠢ ᠣᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠠᠵᠦ ᠠᠬᠤᠶᠢᠯᠠᠯ ᠤᠨ ᠵᠠᠬ᠎ᠠ ᠲᠡᠯᠬᠡᠬᠦᠷ᠂ ᠪᠡᠯᠡ ᠮᠦᠩᠬᠦ᠂ ᠮᠡᠷᠬᠡᠵᠢᠯ ᠵᠡᠷᠬᠡ ᠬᠤᠪᠢ ᠪᠠᠶ᠎ᠡ ᠶᠢᠨ ᠲᠠᠪᠠᠭᠤᠯᠢᠭ ᠢ ᠣᠳᠣᠷᠢᠳᠣᠨ ᠲᠠᠮᠵᠢᠵᠦ᠂ ᠵᠠᠬᠢᠶᠠᠯᠭ᠎ᠠ ᠶᠢᠨ ᠬᠠᠭᠤᠳᠠᠰᠣ ᠪᠠᠶᠢᠭᠤᠯᠬᠤ᠂ ᠨᠠᠶᠢᠳᠠᠨ ᠬᠠᠮᠢᠶᠠᠷᠠᠭᠤᠯᠬᠤ ᠲᠦᠯᠦᠬᠡᠯᠡᠨ ᠲᠡᠵᠢᠬᠡᠬᠦ᠂ ᠬᠤᠷᠰᠢᠨ ᠦᠷ᠎ᠡ ᠪᠣᠶᠢᠵᠢᠭᠤᠯᠬᠤ᠂ ᠬᠤᠪᠢᠴᠠᠭ᠎ᠠ ᠣᠷᠣᠵᠦ ᠬᠤᠷᠰᠢᠬᠤ᠂ ᠵᠢᠬᠡᠯᠡᠯᠬᠡ ᠲᠠᠭᠠᠭᠠᠯᠳᠠ᠂ ᠦᠢᠯᠡᠴᠢᠯᠡᠭᠡ ᠬᠠᠩᠭᠠᠬᠤ ᠵᠡᠷᠬᠡ ᠬᠡᠯᠪᠡᠷᠢ ᠪᠠᠷ ᠮᠠᠯᠵᠢᠬᠤ ᠲᠠᠷᠢᠶᠠᠯᠠᠬᠤ ᠡᠷᠦᠬᠡ ᠪᠣᠯᠣᠨ ᠮᠠᠯᠴᠢᠨ ᠲᠠᠷᠢᠶᠠᠴᠢᠨ ᠤ ᠬᠤᠷᠰᠢᠶᠠᠵᠢᠯ ᠯᠤᠭ᠎ᠠ ᠲᠣᠭᠳᠠᠩᠭᠤᠢ ᠠᠰᠢᠭ ᠢ ᠬᠤᠯᠪᠣᠬᠤ ᠲᠣᠭᠳᠠᠯᠴᠠᠭ᠎ᠠ ᠶᠢ ᠪᠠᠶᠢᠭᠤᠯᠣᠨ ᠂ ᠮᠠᠯᠴᠢᠨ ᠲᠠᠷᠢᠶᠠᠴᠢᠨ ᠤ ᠠᠵᠦ ᠦᠢᠯᠡᠰᠵᠢᠬᠦ ᠡᠵᠡᠩᠨᠡᠯᠳᠡ ᠲᠣᠮᠳᠠᠬᠢ ᠦᠬᠡ ᠬᠡᠯᠡᠬᠦ ᠡᠷᠬᠡ ᠪᠣᠯᠣᠨ ᠦᠷ᠎ᠡ ᠠᠰᠢᠭ ᠢ ᠬᠤᠪᠢᠶᠠᠷᠯᠠᠬᠤ ᠨᠣᠷᠮ᠎ᠠ ᠶᠢ ᠲᠠᠰᠣᠷᠠᠯᠳᠠ ᠦᠬᠡᠢ ᠲᠡᠭᠡᠭᠰᠢᠯᠡᠬᠦᠯᠪᠡ᠃ ᠦᠨᠦ ᠵᠢᠯ᠂ ᠡᠯ᠎ᠡ ᠲᠠᠯᠠᠪᠠᠢ ᠪᠠᠯᠭᠠᠰᠣ ᠶᠡᠭᠡ ᠬᠦᠴᠦ ᠴᠢᠳᠠᠯ ᠣᠷᠣᠭᠤᠯᠵᠦ ᠨᠢᠬᠡ ᠪᠦᠯᠦᠭ ᠵᠢᠱᠢᠶᠡᠴᠢ ᠵᠠᠭᠪᠣᠷ ᠢ ᠠᠳᠬᠤᠵᠦ ᠭᠠᠷᠭᠠᠬᠤ ᠬᠡᠷᠡᠭᠳᠡᠢ᠂ ᠲᠠᠯᠠᠪᠠᠢ ᠪᠠᠯᠭᠠᠰᠣ ᠪᠦᠷᠢ ᠪᠠᠭ᠎ᠠ ᠳᠠᠭᠠᠨ ᠲᠡᠷᠢᠶᠠᠴᠢᠨ ᠮᠠᠯᠴᠢᠨ ᠪᠣᠯᠣᠨ ᠠᠵᠦ ᠠᠬᠤᠶᠢᠯᠠᠯ ᠤᠨ ᠠᠰᠢᠭ ᠢ ᠬᠤᠯᠪᠣᠬᠤ ᠲᠣᠷᠰᠢᠯᠳᠠ ᠶᠢᠨ ᠵᠢᠱᠢᠶ᠎ᠡ ᠦᠵᠡᠬᠦᠯᠬᠦ ᠴᠡᠭ 3᠎ ᠶᠢ ᠪᠣᠶᠢᠵᠢᠭᠤᠯᠵᠦ᠂ ᠨᠡᠩ ᠣᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠠᠵᠦ ᠦᠢᠯᠡᠰᠵᠢᠭᠰᠡᠨ ᠬᠡᠨᠵᠢᠨ ᠳᠤ ᠣᠷᠣᠭᠤᠯᠵᠦ᠂  ᠣᠷᠣᠯᠭ᠎ᠠ ᠶᠢᠨ ᠲᠣᠭᠳᠠᠪᠣᠷᠢᠳᠠᠢ ᠨᠡᠮᠡᠭᠳᠡᠯ ᠢ ᠪᠡᠶᠡᠯᠡᠬᠦᠯᠦᠨ᠎ᠡ᠃ ᠠᠵᠦ ᠠᠬᠤᠶᠢᠯᠠᠯ ᠤᠨ ᠲᠠᠷᠢᠶᠠᠯᠠᠩ ᠲᠠᠢ ᠬᠤᠯᠪᠣᠭᠠᠯᠠᠬᠤ ᠲᠠᠷᠢᠶᠠᠯᠠᠩ ᠢ ᠲᠠᠶᠢᠴᠢᠯᠠᠬᠤ ᠶᠢ ᠵᠣᠷᠢᠭᠵᠢᠭᠤᠯᠬᠤ ᠲᠣᠭᠳᠠᠯᠴᠠᠭ᠎ᠠ ᠶᠢ ᠪᠠᠶᠢᠭᠤᠯᠣᠨ᠂ ᠠᠵᠦ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠤ ᠠᠰᠢᠭ ᠢ ᠬᠤᠯᠪᠣᠭᠰᠠᠨ ᠪᠠᠶᠢᠳᠠᠯ ᠢ ᠠᠵᠦ ᠠᠬᠤᠶᠢᠯᠠᠯ ᠤᠨ ᠢᠳᠡᠬᠡᠮᠵᠢ ᠶᠢ ᠦᠨᠡᠯᠡᠨ ᠲᠣᠭᠳᠠᠭᠠᠬᠤ ᠴᠢᠬᠤᠯᠠ ᠠᠭᠤᠯᠭ᠎ᠠ ᠪᠣᠯᠭᠠᠵᠦ᠂ ᠠᠰᠢᠭ ᠢ ᠬᠤᠯᠪᠣᠭᠰᠠᠨ ᠦᠷ᠎ᠡ ᠪᠦᠳᠦᠮᠵᠢ ᠰᠠᠶᠢᠨ᠂ ᠬᠠᠮᠢᠶᠠᠳᠣᠭᠰᠠᠨ ᠬᠦᠷᠢᠶ᠎ᠡ ᠬᠡᠪᠴᠢᠶ᠎ᠡ ᠨᠢ ᠦᠷᠬᠡᠨ᠂ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠢᠯᠡᠳᠳᠡ ᠨᠡᠮᠡᠭᠳᠡᠭᠦᠯᠦᠭᠰᠡᠨ ᠠᠵᠦ ᠠᠬᠤᠶᠢᠯᠠᠯ ᠢ ᠬᠠᠮᠢᠶᠠᠷᠣᠯᠳᠠ ᠎ ᠶᠢᠨ ᠣᠷᠣᠨ ᠠᠴᠠ ᠡᠬᠢ ᠪᠠᠶᠠᠯᠢᠭ ᠤᠨ ᠬᠤᠪᠢᠶᠠᠷᠯᠠᠯᠳᠠ᠂ ᠬᠡᠷ᠎ᠡ ᠶᠢ ᠦᠷᠬᠦᠯᠵᠢᠯᠡᠬᠦᠯᠬᠦ᠂ ᠲᠦᠰᠦᠯ ᠤᠨ ᠲᠣᠬᠢᠷᠠᠭᠤᠯᠣᠯᠳᠠ ᠵᠡᠷᠬᠡ ᠲᠠᠯ᠎ᠠ ᠪᠠᠷ ᠣᠷᠢᠳᠠᠪᠡᠷ ᠪᠣᠳᠣᠯᠬᠢᠯᠠᠬᠤ ᠪᠣᠶᠣ ᠲᠡᠮᠵᠢᠨ᠎ᠡ᠃      ᠨᠢᠬᠡᠳᠣᠭᠡᠷ ᠠᠵᠦ ᠦᠢᠯᠡᠰ ᠪᠣᠯᠣᠨ ᠬᠤᠶᠠᠷ ᠭᠤᠷᠪᠠᠳᠣᠭᠠᠷ ᠠᠵᠦ ᠦᠢᠯᠡᠰ ᠤᠨ ᠠᠭᠤᠰᠣᠯᠴᠠᠨ ᠬᠦᠭᠵᠢᠬᠦ ᠶᠢ ᠲᠦᠯᠬᠢᠨ ᠠᠬᠢᠭᠤᠯᠣᠨ᠎ᠠ᠃ ᠠᠵᠦ ᠦᠢᠯᠡᠰ ᠤᠨ ᠲᠡᠭᠡᠳᠣ ᠣᠷᠣᠰᠬᠠᠯ ᠳᠤ᠂ ᠣᠳᠣᠬᠢᠴᠯᠠᠭᠰᠠᠨ ᠰᠢᠨᠵᠢᠯᠠᠬᠦ ᠣᠬᠠᠭᠠᠨ ᠮᠡᠷᠬᠡᠵᠢᠯ ᠢ ᠠᠰᠢᠭᠯᠠᠬᠤ ᠪᠠᠷ ᠲᠠᠮᠵᠢᠵᠦ᠂ ᠦᠬᠡᠷ ᠬᠤᠨᠢ ᠶᠢᠨ ᠰᠢᠯᠢᠳᠡᠭ ᠴᠣᠯᠣ ᠡᠬᠦᠯᠳᠡᠷ ᠢ ᠰᠢᠯᠢᠬᠦ ᠪᠢᠷᠠᠵᠢᠭᠤᠯᠬᠤ ᠪᠣᠯᠣᠨ ᠰᠣᠩᠭᠤᠨ ᠪᠣᠶᠢᠵᠢᠭᠤᠯᠵᠦ ᠦᠷᠭᠡᠳᠬᠡᠨ ᠦᠷᠡᠵᠢᠬᠦᠯᠬᠦ ᠶᠢ ᠰᠠᠶᠢᠳᠣᠷ ᠠᠳᠬᠤᠵᠦ᠂ ᠬᠤᠪᠢ ᠴᠣᠭᠴᠠ ᠶᠢᠨ ᠴᠢᠳᠠᠪᠬᠢ ᠶᠢ ᠲᠡᠭᠡᠭᠰᠢᠯᠡᠬᠦᠯᠦᠨ᠎ᠡ᠃ ᠲᠠᠩᠰᠠ ᠪᠣᠳᠣᠵᠦ ᠬᠠᠷᠢᠴᠠᠭᠤᠯᠬᠤ᠂ ᠨᠡᠶᠢᠳᠡᠯᠢᠭ ᠵᠢᠱᠢᠶ᠎ᠡ ᠦᠵᠡᠬᠦᠯᠬᠦ ᠪᠠᠷ ᠲᠠᠮᠵᠢᠵᠦ᠂ ᠲᠠᠷᠢᠶᠠᠴᠢᠨ ᠮᠠᠯᠴᠢᠨ ᠢ ᠣᠳᠣᠷᠢᠳᠣᠨ ᠮᠠᠯᠵᠢᠬᠤ ᠵᠠᠭᠪᠣᠷ ᠲᠤ ᠲᠣᠬᠢᠷᠠᠭᠤᠯᠣᠯᠳᠠ ᠬᠢᠵᠦ᠂ ᠪᠠᠶᠢᠭᠠᠯᠢ ᠎ ᠶᠢᠨ ᠮᠠᠯᠵᠢᠯ ᠪᠡ ᠬᠠᠰᠢᠶᠠᠯᠠᠨ ᠪᠣᠷᠳᠣᠭᠠᠯᠠᠬᠤ ᠶᠢ ᠣᠶᠠᠯᠳᠣᠭᠤᠯᠵᠦ᠂ ᠬᠤᠶᠠᠷ ᠣᠯᠠᠷᠢᠯ ᠢᠶᠠᠷ ᠬᠤᠳᠠᠯᠳᠣᠬᠤ ᠶᠢ ᠬᠠᠶᠢᠵᠦ᠂ ᠮᠠᠯᠵᠢᠯ ᠤᠨ ᠦᠷ᠎ᠡ ᠪᠦᠳᠦᠮᠵᠢ ᠶᠢ ᠨᠡᠮᠡᠭᠳᠡᠬᠦᠯᠦᠨ᠎ᠡ᠃ ᠠᠵᠦ ᠦᠢᠯᠡᠰ ᠤᠨ ᠲᠣᠮᠳᠠ ᠣᠷᠣᠰᠬᠠᠯ ᠳᠤ᠂ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠢ ᠨᠠᠷᠢᠯᠢᠭ ᠬᠦᠨᠵᠡᠬᠡᠢ ᠦᠢᠯᠡᠳᠪᠦᠷᠢᠯᠡᠬᠦ ᠠᠵᠦ ᠠᠬᠤᠶᠢᠯᠠᠯ ᠢ ᠣᠷᠢᠨ ᠣᠷᠣᠭᠤᠯᠵᠦ ᠪᠣᠶᠢᠵᠢᠭᠤᠯᠣᠨ᠂ ᠦᠬᠡᠷ ᠬᠤᠨᠢ ᠶᠢᠨ ᠮᠢᠬ᠎ᠠ ᠵᠢᠴᠢ ᠲᠠᠭᠠᠯᠳᠠ ᠪᠦᠳᠦᠬᠡᠭᠳᠡᠬᠦᠨ ᠤ ᠨᠡᠬᠡᠬᠡᠯᠳᠡ ᠪᠣᠯᠪᠠᠰᠣᠷᠠᠭᠤᠯᠣᠨ ᠦᠢᠯᠡᠳᠪᠦᠷᠢᠯᠡᠭᠰᠡᠨ ᠪᠦᠳᠦᠬᠡᠭᠳᠡᠬᠦᠨ ᠪᠣᠯᠣᠨ ᠠᠮᠳᠠᠯᠠᠭᠴᠢ ᠢᠳᠡᠬᠡᠨ ᠵᠡᠷᠬᠡ ᠰᠢᠨ᠎ᠡ ᠪᠦᠳᠦᠬᠡᠭᠳᠡᠬᠦᠨ ᠢ ᠨᠡᠬᠡᠬᠡᠵᠦ᠂ ᠲᠠᠷᠢᠶ᠋ᠶᠠᠯᠠᠩ ᠮᠠᠯᠵᠢᠯ ᠤᠨ ᠲᠠᠭᠠᠯᠳᠠ ᠨᠡᠮᠡᠯᠳᠡ ᠦᠷᠳᠡᠭ ᠢ ᠲᠡᠭᠡᠭᠰᠢᠯᠡᠬᠦᠯᠦᠨ᠎ᠡ᠃ ᠮᠢᠬᠠᠨ ᠦᠬᠡᠷ ᠤᠨ ᠠᠵᠦ ᠦᠢᠯᠡᠰ ᠤᠨ ᠶᠡᠭᠡ ᠲᠤᠭ᠎ᠠ ᠪᠠᠷᠢᠮᠳᠠ ᠶᠢᠨ ᠲᠠᠪᠴᠠᠩ ᠪᠣᠯᠣᠨ ᠦᠬᠡᠷ ᠬᠤᠨᠢᠨ ᠮᠢᠬ᠎ᠠ ᠶᠢᠨ ᠪᠦᠬᠦ ᠠᠵᠦ ᠦᠢᠯᠡᠰ ᠤᠨ ᠬᠡᠨᠵᠢ ᠶᠢ ᠮᠦᠰᠬᠢᠬᠦ ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢ ᠲᠣᠷᠬᠡᠳᠬᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯᠵᠢᠯ ᠤᠨ ᠦᠢᠯᠡᠰ ᠡᠵᠡᠩᠨᠡᠬᠦ ᠭᠤᠣᠯ ᠴᠣᠭᠴᠠ ᠪᠠᠷ ︽ᠭᠤᠷᠪᠠᠨ ᠵᠦᠢᠯ ᠨᠢᠬᠡ ᠲᠡᠮᠳᠡᠭᠳᠦ︾ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠢ ᠬᠦᠭᠵᠢᠬᠦᠯᠵᠦ᠂ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠤ ᠦᠨᠳᠦᠷ ᠵᠡᠷᠬᠡ ᠶᠢᠨ ᠵᠠᠬ᠎ᠠ ᠲᠡᠯᠬᠡᠬᠦᠷ ᠲᠤ ᠣᠷᠣᠬᠤ ᠶᠢ ᠲᠦᠯᠬᠢᠨ ᠬᠦᠳᠡᠯᠬᠡᠵᠦ᠂ ᠰᠢᠯᠢᠳᠡᠭ ᠴᠢᠨᠠᠷ ᠰᠢᠯᠢᠳᠡᠭ ᠦᠨ᠎ᠡ ᠲᠠᠢ ᠪᠣᠯᠭᠠᠨ᠎ᠠ᠃ ᠠᠵᠦ ᠦᠢᠯᠡᠰ ᠤᠨ ᠲᠣᠣᠷᠠᠳᠣ ᠣᠷᠣᠰᠬᠠᠯ ᠳᠤ᠂ ︽ᠰᠢᠯᠢ ᠶᠢᠨ ᠰᠣᠷᠭᠤᠭ ᠲᠦᠬᠦᠬᠡᠢ︾ ︽ᠵᠢᠩ ᠳ᠋ᠦᠩ ᠠᠷᠠᠯᠵᠢᠶᠠᠨ ᠤ ᠬᠤᠳᠠ ᠳᠠᠬᠢ ᠰᠦᠨᠢᠳ ᠤᠨ ᠣᠨᠴᠠ ᠭᠠᠷᠣᠯᠳᠠ ᠶᠢᠨ ᠦᠷᠦᠬᠡ︾ ᠵᠡᠷᠬᠡ ᠴᠠᠬᠢᠮ ᠠᠷᠠᠯᠵᠢᠶᠠᠨ ᠤ ᠲᠠᠪᠴᠠᠩ ᠤᠨ ᠠᠵᠢᠯᠯᠠᠬᠤ ᠵᠠᠭᠪᠣᠷ ᠢᠶᠠᠷ ᠬᠢᠨᠠᠯᠳᠠ ᠪᠣᠯᠭᠠᠵᠦ᠂ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠢ ᠰᠦᠯᠵᠢᠶᠡᠨ ᠲᠡᠭᠡᠷ᠎ᠡ ᠠᠷᠠᠯᠵᠢᠶᠠᠯᠠᠬᠤ ᠲᠠᠪᠴᠠᠩ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠵᠦ᠂ 020. APP ᠵᠡᠷᠬᠡ ᠶᠠᠪᠣᠳᠠᠯ ᠢ ᠦᠷᠨᠢᠬᠦᠯᠬᠦ ᠪᠠᠷ ᠲᠠᠮᠵᠢᠵᠦ᠂ ᠮᠠᠯᠴᠢᠨ ᠲᠠᠷᠢᠶᠠᠴᠢᠨ ᠡᠷᠦᠬᠡ ᠰᠢᠭᠤᠳ ᠵᠠᠬ᠎ᠠ ᠲᠡᠯᠬᠡᠬᠦᠷ ᠲᠠᠢ ᠬᠠᠷᠢᠯᠴᠠᠬᠤ ᠰᠢᠨ᠎ᠡ ᠬᠡᠯᠪᠡᠷᠢ ᠶᠢᠨ ᠪᠣᠷᠣᠯᠠᠭᠤᠯᠬᠤ ᠵᠠᠭᠪᠣᠷ ᠢ ᠢᠳᠡᠪᠬᠢᠳᠡᠢ ᠬᠠᠶᠢᠵᠦ᠂ ᠭᠠᠵᠠᠷ ᠣᠷᠣᠨ ᠤ ᠨᠡᠷᠡᠳᠣ ᠲᠡᠮᠳᠡᠭ ᠤᠨ ᠲᠠᠪᠠᠭᠤᠯᠢᠭ ᠢ ᠪᠦᠳᠦᠬᠡᠵᠦ᠂ ᠲᠠᠷᠢᠶᠠᠯᠠᠩ ᠮᠠᠯᠵᠢᠯ ᠎ ᠤᠨ ᠪᠦᠳᠦᠬᠡᠭᠳᠡᠬᠦᠨ ᠤ ᠪᠣᠷᠣᠯᠠᠭᠤᠯᠣᠯᠳᠠ ᠰᠦᠯᠵᠢᠶᠡᠨ ᠲᠡᠭᠡᠷ᠎ᠡ ᠲᠣᠣᠷ᠎ᠠ ᠠᠭᠤᠰᠣᠯᠴᠠᠭᠤᠯᠣᠨ ᠬᠦᠭᠵᠢᠬᠦᠯᠬᠦ ᠶᠢ ᠲᠡᠮᠡᠴᠡᠵᠦ᠂ ᠲᠠᠷᠢᠶᠠᠯᠠᠩ ᠮᠠᠯᠵᠢᠯ ᠤᠨ ᠪᠦᠳᠦᠬᠡᠭᠳᠡᠬᠦᠨ ᠤ ᠪᠣᠷᠣᠯᠠᠭᠤᠯᠣᠯᠳᠠ ᠶᠢ ᠦᠷᠭᠡᠳᠬᠡᠬᠦ ᠪᠠᠷ ᠰᠢᠨ᠎ᠡ ᠰᠢᠪᠳᠣᠯᠣᠯᠳᠠ ᠶᠢ ᠪᠡᠶᠡᠯᠡᠬᠦᠯᠦᠨ᠎ᠡ᠃ ᠰᠡᠯᠡᠬᠦᠴᠡᠯ ᠤᠨ ᠲᠠᠷᠢᠶᠠᠯᠠᠩ ᠮᠠᠯᠵᠢᠯ ᠤᠨ ᠦᠢᠯᠡᠰ ᠤᠨ ᠬᠦᠭᠵᠢᠯᠳᠡ ᠶᠢ ᠲᠦᠷᠭᠡᠳᠬᠡᠵᠦ᠂  ᠰᠡᠯᠡᠬᠦᠴᠡᠯ ᠤᠨ ᠲᠠᠷᠢᠶᠠᠯᠠᠩ ᠮᠠᠯᠵᠢᠯ ᠤᠨ ᠦᠢᠯᠡᠰ ᠤᠨ ᠵᠢᠭᠤᠯᠴᠢᠯᠠᠯ ᠤᠨ ᠪᠦᠳᠦᠭᠡᠭᠳᠡᠬᠦᠨ ᠤ ᠬᠡᠯᠪᠡᠷᠢᠴᠡ ᠨᠢ ᠠᠮᠢ ᠠᠬᠤᠢ ᠶᠢᠨ ᠰᠣᠨᠢᠷᠬᠠᠯ᠂ ᠰᠡᠯᠡᠬᠦᠴᠡᠯ ᠠᠮᠠᠷᠠᠯ᠂ ᠡᠷᠡᠬᠦᠯ ᠮᠡᠨᠳᠣ ᠪᠡᠶ᠎ᠡ ᠰᠣᠪᠢᠯᠠᠯ ᠵᠡᠷᠬᠡ ᠲᠠᠪᠬᠤᠷ ᠨᠡᠶᠢᠯᠡᠯᠴᠡᠭᠰᠡᠨ ᠪᠦᠳᠦᠬᠡᠭᠳᠡᠬᠦᠨ ᠵᠦᠭ ᠬᠤᠪᠢᠷᠠᠵᠦ᠂ ᠵᠢᠭᠤᠯᠴᠢᠯᠠᠭᠴᠢᠳ ᠤᠨ ᠣᠯᠠᠨ ᠲᠠᠪᠬᠤᠷᠭᠠᠳᠣ᠂ ᠣᠯᠠᠨ ᠶᠠᠩᠵᠦ ᠶᠢᠨ ᠪᠣᠯᠣᠨ ᠦᠨᠳᠦᠷ ᠴᠢᠨᠠᠷ ᠤᠨ ᠱᠠᠭᠠᠷᠳᠠᠯᠭ᠎ᠠ ᠶᠢ ᠬᠠᠩᠭᠠᠨ᠎ᠠ᠃      ᠬᠤᠶᠠᠳᠣᠭᠠᠷ ᠠᠵᠦ ᠦᠢᠯᠡᠰ ᠢ ᠬᠠᠳᠠᠭᠤ ᠬᠢᠬᠦ ᠶᠢᠨ ᠲᠣᠭᠤᠷᠢᠨ ᠳᠤ ᠠᠵᠦ ᠦᠢᠯᠡᠳᠪᠦᠷᠢ ᠶᠢ ᠨᠢᠭᠳᠠᠷᠠᠭᠰᠠᠨ ᠮᠠᠶ᠋ᠢᠭ ᠤᠨ ᠬᠦᠭᠵᠢᠯᠳᠡ ᠵᠦᠭ ᠲᠦᠯᠬᠢᠨ ᠬᠦᠳᠡᠯᠬᠡᠨ᠎ᠡ᠃ ᠭᠠᠵᠠᠷ ᠣᠷᠣᠨ ᠤ ᠡᠬᠢ ᠪᠠᠶᠠᠯᠢᠭ ᠤᠨ ᠲᠠᠪᠠᠭᠤᠯᠢᠭ ᠲᠡᠭᠡᠷ᠎ᠡ ᠪᠠᠨ ᠵᠣᠭᠰᠣᠵᠦ ᠠᠷᠢᠭᠤᠨ ᠴᠡᠪᠡᠷ ᠡᠨᠧᠷᠬᠢ ᠶᠢᠨ ᠠᠵᠦ ᠦᠢᠯᠡᠰ ᠪᠣᠯᠣᠨ ᠨᠣᠭᠤᠭᠠᠨ ᠲᠠᠷᠢᠶᠠᠯᠠᠩ ᠮᠠᠯᠵᠢᠯ ᠎ ᠤᠨ ᠪᠦᠳᠦᠭᠡᠭᠳᠡᠬᠦᠨ ᠤ ᠦᠢᠯᠡᠳᠪᠦᠷᠢᠯᠡᠯ ᠤᠨ ᠦᠢᠯᠡᠰ ᠢ ᠲᠣᠪᠣᠶᠢᠯᠭᠠᠨ ᠬᠦᠭᠵᠢᠬᠦᠯᠵᠦ᠂ ᠲᠣᠮᠳᠠ ᠪᠠᠭ᠎ᠠ ᠵᠢᠵᠢᠭ ᠠᠵᠦ ᠠᠬᠤᠶᠢᠯᠠᠯ ᠤᠨ ᠡᠷᠡᠬᠦᠯ ᠬᠦᠭᠵᠢᠯᠳᠡ ᠶᠢᠨ ᠪᠣᠶᠢᠵᠢᠭᠤᠯᠣᠯᠳᠠ ᠶᠢ ᠲᠦᠷᠭᠡᠳᠬᠡᠨ᠎ᠡ᠃ ᠨᠡᠬᠦᠷᠡᠰᠣ ᠴᠠᠬᠢᠯᠭᠠᠨ ᠤ ᠲᠦᠰᠦᠯ ᠤᠨ ᠪᠦᠳᠦᠬᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠣᠨ᠎ᠠ᠃ ᠣᠯᠣᠰ ᠤᠨ ᠴᠠᠬᠢᠯᠭᠠᠨ ᠤ ᠪᠦᠯᠦᠭᠯᠡᠯ ᠪᠣᠯᠣᠨ ᠵᠢᠶᠠᠩᠰᠣ ᠶᠢᠨ ᠡᠨᠧᠷᠬᠢ ᠯᠤᠭ᠎ᠠ ᠨᠡᠬᠦᠷᠡᠰᠣ ᠴᠠᠬᠢᠯᠭᠠᠨ ᠨᠢᠬᠡ ᠴᠣᠭᠴᠠᠵᠢᠬᠤ ᠲᠦᠰᠦᠯ ᠢ ᠬᠤᠷᠰᠢᠬᠤ ᠠᠬᠢᠴᠠ ᠶᠢ ᠱᠠᠭᠠᠷᠳᠠᠨ ᠪᠠᠶᠢᠴᠠᠭᠠᠵᠦ᠂ ᠬᠡᠰᠡᠭ ᠠᠭᠤᠯᠠ ᠶᠢᠨ ᠠᠭᠤᠷᠬᠠᠢ ᠶᠢᠨ ᠦᠢᠯᠡᠳᠪᠦᠷᠢᠯᠡᠯ ᠵᠣᠭᠰᠣᠬᠤ ᠦᠬᠡᠢ ᠪᠠᠷ ᠴᠡᠭᠴᠡᠯᠡᠬᠦ ᠲᠣᠬᠢᠶᠠᠯ ᠢ ᠪᠠᠷᠢᠵᠦ᠂ ᠡᠷᠢᠵᠦ ᠬᠦᠢᠴᠡᠳᠬᠡᠬᠦ ᠬᠦᠴᠦ ᠪᠠᠨ ᠶᠡᠬᠡᠳᠬᠡᠵᠦ᠂ ᠬᠡᠰᠡᠭ ᠠᠭᠤᠯᠠᠨ ᠤ ᠠᠭᠤᠷᠬᠠᠢ ᠶᠢᠨ ᠣᠰᠣᠨ ᠡᠬᠢ ᠪᠠᠶᠠᠯᠢᠭ ᠤᠨ ᠨᠣᠳᠠᠯᠠᠯᠳᠠ ᠶᠢᠨ ᠮᠡᠳᠡᠬᠦᠯᠦᠯᠳᠡ ᠎ ᠶᠢᠨ ᠬᠠᠷᠢᠭᠤᠯᠳᠠ ᠶᠢ ᠬᠠᠮᠤᠭ ᠤᠨ ᠬᠤᠷᠳᠣᠨ ᠢᠶᠠᠷ ᠭᠠᠷᠳᠠᠵᠦ᠂ ᠨᠡᠬᠦᠷᠡᠰᠣ ᠶᠢᠨ ᠬᠡᠮᠵᠢᠶ᠎ᠡ ᠶᠢ ᠬᠠᠰᠣᠵᠦ ᠣᠷᠣᠯᠠᠬᠤ ᠵᠢᠭᠠᠯᠳᠠ ᠲᠤᠭ᠎ᠠ ᠶᠢ ᠬᠡᠷᠡᠭᠵᠢᠬᠦᠯᠦᠨ᠂ ᠣᠯᠣᠰ ᠤᠨ ᠣᠷᠴᠢᠨ ᠲᠣᠭᠤᠷᠢᠨ ᠢ ᠬᠠᠮᠠᠭᠠᠯᠠᠬᠤ ᠬᠡᠯᠳᠡᠰ ᠯᠤᠭ᠎ᠠ ᠵᠦᠪᠳᠡᠯᠴᠡᠨ ᠲᠦᠰᠦᠯ ᠤᠨ ᠣᠷᠴᠢᠨ ᠲᠣᠭᠤᠷᠢᠨ ᠤ ᠦᠨᠡᠯᠡᠯᠳᠡ ᠶᠢ ᠬᠦᠯᠢᠶᠡᠨ ᠬᠦᠢᠴᠡᠳᠬᠡᠵᠦ᠂ ᠲᠦᠰᠦᠯ ᠤᠨ ᠬᠢᠨᠠᠯᠳᠠ ᠵᠦᠪᠰᠢᠶᠡᠷᠡᠯ ᠢ ᠣᠯᠣᠨ᠎ᠠ᠃ 2X100 ᠲᠦᠮᠡᠨ ᠺᠢᠯᠦᠸᠠᠲ ᠺᠧᠩ ᠺᠧᠦ ᠴᠠᠬᠢᠯᠭᠠᠨ ᠦᠢᠯᠡᠳᠪᠦᠷᠢ ᠶᠢᠨ ᠲᠦᠰᠦᠯ ᠢ ᠦᠷᠬᠦᠯᠵᠢᠯᠡᠨ ᠲᠠᠭᠠᠨ ᠣᠷᠣᠵᠦ᠂ ᠵᠦᠪᠰᠢᠶᠡᠷᠡᠯ ᠳᠤ ᠬᠡᠷᠡᠭᠰᠡᠬᠦ ᠨᠦᠬᠦᠴᠡᠯ ᠢ ᠲᠡᠬᠦᠯᠳᠡᠷᠵᠢᠬᠦᠯᠦᠨ᠂ ᠡᠷᠳᠡ ᠡᠳᠣᠷ ᠣᠯᠣᠰ ᠤᠨ ᠵᠦᠪᠰᠢᠶᠡᠷᠡᠯ ᠢ ᠣᠯᠵᠦ ᠠᠵᠢᠯ ᠡᠬᠢᠯᠡᠬᠦᠯᠦᠨ ᠪᠦᠳᠦᠬᠡᠨ ᠪᠠᠶᠢᠭᠤᠯᠣᠨ᠎ᠠ᠃ ᠰᠢᠨ ᠸᠧᠨ ᠪᠦᠯᠦᠭᠯᠡᠯ ᠪᠣᠯᠣᠨ ᠨᠡᠬᠦᠷᠡᠰᠣ ᠶᠢ ᠬᠤᠪᠢᠷᠠᠭᠤᠯᠬᠤ ᠠᠵᠦ ᠠᠬᠤᠶᠢᠯᠠᠯ ᠯᠤᠭ᠎ᠠ ᠬᠤᠷᠰᠢᠬᠤ ᠶᠢ ᠴᠢᠩᠭᠠᠳᠬᠠᠵᠦ᠂ ᠯᠦ᠋ ᠰᠢᠨ ᠺᠣᠮᠫᠠᠨᠢ ᠶᠢ ᠲᠠᠬᠢᠵᠦ ᠪᠠᠶᠢᠭᠤᠯᠬᠤ ᠪᠣᠯᠣᠨ ᠨᠦᠩ ᠨᠠᠢ ᠰᠦᠮ᠎ᠡ ᠶᠢᠨ ᠠᠭᠤᠷᠬᠠᠢ ᠶᠢᠨ ᠨᠠᠬᠦᠷᠡᠰᠣ ᠶᠢ ᠪᠣᠰᠣᠳ ᠭᠠᠵᠠᠷ ᠬᠤᠪᠢᠷᠠᠭᠤᠯᠬᠤ ᠶᠢ ᠪᠡᠶᠡᠯᠡᠬᠦᠯᠵᠦ᠂ ᠨᠡᠬᠦᠷᠡᠰᠣ ᠶᠢᠨ ᠬᠡᠮᠵᠢᠶ᠎ᠡ ᠶᠢ ᠬᠠᠰᠣᠵᠦ ᠣᠷᠣᠯᠠᠬᠤ ᠵᠢᠭᠠᠯᠳᠠ ᠲᠤᠭ᠎ᠠ ᠶᠢ ᠬᠡᠷᠡᠭᠵᠢᠬᠦᠯᠦᠨ᠂ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠡ ᠶᠢ ᠵᠢᠷᠣᠵᠦ ᠲᠣᠭᠳᠠᠭᠠᠬᠤ᠂ ᠭᠠᠵᠠᠷ ᠰᠢᠷᠣᠢ ᠶᠢ ᠣᠷᠢᠳᠴᠢᠯᠠᠨ ᠰᠢᠬᠦᠬᠦ ᠵᠡᠷᠬᠡ ᠲᠡᠮᠵᠢᠯᠬᠡ ᠶᠢᠨ ᠴᠢᠨᠠᠷᠳᠠᠢ ᠠᠯᠪᠠᠨ ᠪᠢᠴᠢᠭ ᠢ ᠲᠡᠬᠦᠯᠳᠡᠷᠵᠢᠬᠦᠯᠵᠦ᠂ ᠲᠦᠰᠦᠯ ᠢ ᠵᠦᠪᠰᠢᠶᠡᠷᠡᠬᠦ ᠠᠬᠢᠴᠠ ᠶᠢ ᠲᠦᠷᠬᠡᠳᠬᠡᠨ᠎ᠡ᠃ ᠲᠣᠮᠳᠠ ᠪᠠᠭ᠎ᠠ ᠠᠵᠦ ᠠᠬᠤᠶᠢᠯᠠᠯ ᠤᠨ ᠬᠦᠭᠵᠢᠯᠳᠡ ᠶᠢ ᠲᠦᠷᠭᠡᠳᠬᠡᠨ᠎ᠡ᠃ ᠨᠣᠭᠤᠭᠠᠨ ᠲᠠᠷᠢᠶᠠᠯᠠᠩ ᠮᠠᠯ ᠤᠨ ᠪᠦᠳᠦᠬᠡᠭᠳᠡᠬᠦᠨ ᠤ ᠰᠢᠨᠵᠢᠯᠡᠭᠡ ᠮᠡᠷᠬᠡᠵᠢᠯ ᠤᠨ ᠦᠢᠯᠡᠰ ᠤᠨ ᠬᠦᠷᠢᠶᠡᠯᠡᠩ ᠤᠨ ᠰᠠᠭᠤᠷᠢ ᠪᠠᠶᠢᠭᠤᠯᠣᠮᠵᠢ ᠶᠢᠨ ᠪᠦᠳᠦᠬᠡᠨ ᠪᠠᠶᠢᠭᠤᠯᠣᠯᠳᠠ ᠶᠢ ᠲᠡᠬᠦᠯᠳᠡᠷᠵᠢᠬᠦᠯᠵᠦ᠂ ᠮᠠᠯ ᠤᠨ ᠪᠦᠳᠦᠬᠡᠭᠳᠡᠬᠦᠨ ᠢ ᠨᠠᠷᠢᠯᠢᠭ ᠦᠢᠯᠡᠳᠪᠦᠷᠢᠯᠡᠬᠦ 1 ᠡᠷᠦᠬᠡ ᠠᠵᠦ ᠠᠬᠤᠶᠢᠯᠠᠯ ᠢ ᠴᠢᠷᠮᠠᠶᠢᠨ ᠰᠠᠭᠤᠷᠢᠰᠢᠭᠤᠯᠣᠨ᠎ᠠ᠃ ᠬᠠᠪᠣᠷ ᠤᠨ ᠪᠣᠭᠤᠳᠠᠢ ᠶᠢᠨ ᠰᠢᠯᠢᠳᠡᠭ ᠡᠬᠦᠯᠳᠡᠷ ᠢ ᠪᠣᠶᠢᠵᠢᠭᠤᠯᠬᠤ ᠠᠵᠦ ᠦᠢᠯᠡᠰ ᠢ ᠠᠭᠤᠰᠣᠯᠴᠠᠭᠤᠯᠬᠤ ᠲᠦᠰᠦᠯ ᠎ ᠢ ᠠᠵᠢᠯ ᠡᠬᠢᠯᠡᠬᠦᠯᠦᠨ ᠪᠠᠶᠢᠭᠤᠯᠵᠦ᠂ ᠵᠢᠯ ᠤᠨ ᠲᠣᠣᠷ᠎ᠠ ᠪᠠᠶᠢᠭᠤᠯᠣᠨ ᠲᠠᠭᠤᠰᠴᠣ ᠦᠢᠯᠡᠳᠪᠦᠷᠢᠯᠡᠯ ᠳᠤ ᠣᠷᠣᠭᠤᠯᠬᠤ ᠶᠢ ᠪᠠᠳᠣᠯᠠᠨ᠎ᠠ᠃ ᠵᠢᠵᠢᠭ ᠪᠠᠭ᠎ᠠ ᠠᠵᠦ ᠠᠬᠤᠶᠢᠯᠠᠯ ᠢ ᠲᠡᠮᠵᠢᠬᠦ ᠲᠦᠷᠦ ᠶᠢᠨ ᠪᠣᠳᠣᠯᠭ᠎ᠠ ᠶᠢ ᠬᠡᠷᠡᠭᠵᠢᠬᠦᠯᠵᠦ᠂ ᠵᠢᠵᠢᠭ ᠪᠠᠭ᠎ᠠ ᠠᠵᠦ ᠠᠬᠤᠶᠢᠯᠠᠯ ᠤᠨ ᠦᠢᠯᠡᠰ ᠪᠦᠳᠦᠬᠡᠬᠦ ᠲᠠᠪᠴᠠᠩ ᠢ ᠴᠣᠭᠴᠠᠯᠠᠨ᠂ ᠪᠠᠶᠠᠨᠬᠤᠰᠢᠭᠤ ᠪᠠᠯᠭᠠᠰᠣᠨ ᠤ ᠵᠢᠵᠢᠭ ᠪᠠᠭ᠎ᠠ ᠠᠵᠦ ᠠᠬᠤᠶᠢᠯᠠᠯ ᠤᠨ ᠦᠢᠯᠡᠰ ᠪᠦᠳᠦᠬᠡᠬᠦ ᠬᠦᠷᠢᠶᠡᠯᠡᠩ ᠳᠤ ᠣᠷᠣᠬᠤ ᠠᠵᠦ ᠠᠬᠤᠶᠢᠯᠠᠯ ᠢ 30 ᠡᠷᠦᠬᠡ ᠠᠴᠠ ᠲᠡᠭᠡᠭᠰᠢ ᠪᠠᠶᠢᠯᠭᠠᠨ᠎ᠠ᠃ ᠡᠷᠦᠳᠡᠰᠣᠳᠣ ᠣᠰᠣᠨ ᠤ ᠦᠢᠯᠡᠳᠪᠦᠷᠢ ᠶᠢᠨ ᠮᠡᠷᠬᠡᠵᠢᠯ ᠤᠨ ᠦᠬᠡᠷᠡᠴᠢᠯᠠᠯᠳᠡ ᠶᠢ ᠦᠷᠬᠡᠳᠬᠡᠨ ᠪᠠᠶᠢᠭᠤᠯᠬᠤ᠂ ᠣᠷᠭᠠᠨᠢᠭ ᠪᠣᠷᠳᠣᠭᠤᠷ ᠦᠢᠯᠡᠳᠪᠦᠷᠢᠯᠡᠬᠦ ᠲᠦᠰᠦᠯ ᠎ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠦ᠂ 2 ᠡᠷᠦᠬᠡ ᠠᠵᠦ ᠠᠬᠤᠶᠢᠯᠠᠯ ᠢ ᠬᠤᠭᠤᠴᠠᠭ᠎ᠠ ᠲᠣᠭᠳᠠᠭᠠᠵᠦ ᠠᠵᠢᠯᠯᠠᠭᠤᠯᠬᠤ ᠶᠢ ᠪᠡᠶᠡᠯᠡᠬᠦᠯᠦᠨ᠎ᠡ᠃       ᠭᠤᠷᠪᠠᠳᠣᠭᠠᠷ ᠠᠵᠦ ᠦᠢᠯᠡᠰ ᠢ ᠰᠢᠯᠢᠳᠡᠭᠵᠢᠬᠦᠯᠬᠦ ᠲᠣᠭᠤᠷᠢᠨ ᠳᠤ ᠦᠢᠯᠡᠴᠢᠯᠡᠬᠡᠨ ᠤ ᠦᠢᠯᠡᠰ ᠢ ᠬᠡᠪᠴᠢᠶᠡᠵᠢᠬᠦ ᠲᠡᠰᠢ ᠬᠦᠭᠵᠢᠬᠦᠯᠬᠦ ᠶᠢ ᠲᠦᠯᠬᠢᠨ ᠠᠬᠢᠭᠤᠯᠣᠨ᠎ᠠ᠃ ᠦᠪᠡᠷᠮᠢᠴᠡ ᠰᠢᠨᠵᠢᠳᠣ᠂ ᠣᠯᠠᠨ ᠶᠠᠩᠵᠦ ᠶᠢᠨ ᠬᠡᠷᠡᠭᠯᠡᠭᠡ ᠦᠳᠳᠣᠷ ᠲᠦᠷᠬᠡᠨ ᠦᠰᠴᠣ ᠪᠣᠢ ᠱᠠᠭᠠᠷᠳᠠᠯᠭ᠎ᠠ ᠳᠤ ᠰᠠᠨᠠᠭᠠᠴᠢᠯᠠᠭ᠎ᠠ ᠲᠠᠢ ᠪᠠᠷ ᠲᠣᠬᠢᠷᠠᠯᠴᠠᠵᠦ᠂ ᠣᠣᠭᠠᠯ ᠪᠠᠶᠢᠳᠠᠯᠳᠣ ᠲᠠᠯ᠎ᠠ ᠨᠣᠳᠤᠭ ᠢ ᠵᠠᠶᠢᠴᠢᠯᠠᠭᠰᠠᠨ ᠵᠢᠭᠤᠯᠴᠢᠯᠠᠯ ᠤᠨ ᠦᠢᠯᠡᠰ ᠪᠣᠯᠣᠨ ᠰᠢᠨ᠎ᠡ ᠪᠠᠷ ᠮᠠᠨᠳᠣᠭᠰᠠᠨ ᠦᠢᠯᠡᠴᠢᠯᠡᠬᠡᠨ ᠤ ᠦᠢᠯᠡᠰ ᠢ ᠶᠡᠭᠡ ᠪᠠᠷ ᠬᠦᠭᠵᠢᠬᠦᠯᠵᠦ᠂ ᠦᠢᠯᠡᠴᠢᠯᠡᠬᠡᠨ ᠤ ᠦᠢᠯᠡᠰ ᠤᠨ ᠬᠢᠷᠢ ᠵᠡᠷᠬᠡ ᠶᠢ ᠲᠡᠭᠡᠭᠰᠢᠯᠡᠬᠦᠯᠦᠨ᠎ᠡ᠃     ᠣᠣᠭᠠᠯ ᠪᠠᠶᠢᠳᠠᠯᠳᠣ ᠲᠠᠯ᠎ᠠ ᠨᠣᠳᠤᠭ ᠢ ᠵᠠᠶᠢᠴᠢᠯᠠᠭᠰᠠᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠬᠤ ᠶᠢ ᠲᠦᠷᠬᠡᠳᠬᠡᠨ᠎ᠡ᠃ ᠣᠯᠣᠰ ᠤᠨ ᠲᠡᠰ ᠤᠨ ᠣᠷᠣᠨ ᠵᠠᠶᠢᠴᠢᠯᠠᠭᠰᠠᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠣᠷᠣᠨ ᠢ ᠡᠬᠦᠳᠣᠨ ᠪᠦᠳᠦᠬᠡᠬᠦ ᠶᠢᠨ ᠲᠣᠭᠤᠷᠢᠨ ᠳᠤ᠂ ᠪᠦᠬᠦ ᠠᠶᠢᠮᠠᠭ ᠤᠨ ᠵᠡᠬᠦᠨ ᠬᠡᠰᠡᠭ ᠤᠨ ᠵᠢᠭᠤᠯᠴᠢᠯᠠᠯ ᠤᠨ ᠬᠦᠭᠵᠢᠯᠳᠡ ᠶᠢᠨ ᠲᠦᠪ ᠤᠨ ᠦᠢᠯᠡᠳᠣᠯ ᠢ ᠰᠠᠶᠢᠳᠣᠷ ᠪᠠᠳᠠᠷᠠᠭᠤᠯᠵᠦ᠂ ᠣᠷᠣᠨ ᠵᠠᠶᠢᠴᠢᠯᠠᠭᠰᠠᠨ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠰᠡᠳᠣᠨ ᠬᠦᠭᠵᠢᠬᠦᠯᠵᠦ᠂ ᠦᠨᠳᠦᠷ ᠵᠡᠷᠬᠡ ᠶᠢᠨ ᠡᠬᠢᠯᠡᠯᠳᠡ᠂ ᠦᠨᠳᠦᠷ ᠬᠢᠷᠢ ᠲᠦᠪᠰᠢᠨ ᠢᠶᠠᠷ ᠣᠯᠠᠭᠠᠢ ᠨᠠᠭᠤᠷ᠂ ᠬᠡᠰᠡᠭ ᠠᠭᠤᠯᠠ ᠬᠡᠬᠡᠷ᠎ᠡ ᠶᠢᠨ ᠠᠮᠢᠳᠠᠨ ᠣᠷᠭᠤᠮᠠᠯ ᠤᠨ ᠬᠦᠷᠢᠶᠡᠯᠡᠩ ᠵᠡᠷᠬᠡ 11 ᠭᠤᠣᠯᠳᠠᠯᠭ᠎ᠠ ᠲᠠᠢ ᠣᠷᠣᠨ ᠲᠣᠭᠤᠷᠢᠭ ᠢ ᠵᠠᠰᠠᠨ ᠪᠠᠶᠢᠭᠤᠯᠬᠤ ᠴᠢᠨᠠᠷᠳᠠᠢ ᠨᠠᠷᠢᠯᠢᠭ ᠲᠦᠯᠦᠪᠯᠡᠭᠡ ᠬᠢᠵᠦ᠂ ᠦᠷᠳᠡᠭᠡᠳᠣ ᠪᠠᠭᠤᠳᠠᠯᠯᠠᠬᠤ ᠭᠠᠵᠠᠷ ᠢᠶᠠᠷ ᠦᠪᠡᠷ ᠤᠨ ᠮᠠᠰᠢᠨ ᠢᠶᠠᠷ ᠵᠢᠭᠤᠯᠴᠢᠯᠠᠬᠤ ᠰᠠᠭᠤᠷᠢᠨ ᠭᠠᠵᠠᠷ᠂ ᠲᠣᠣᠷ᠎ᠠ ᠦᠨᠳᠣᠷᠴᠡ ᠪᠠᠷ ᠨᠢᠰᠬᠦ ᠵᠢᠭᠤᠯᠴᠢᠯᠠᠯ ᠤᠨ ᠪᠠᠭᠤᠴᠠ᠂ ᠣᠯᠠᠭᠠᠢ ᠨᠠᠭᠤᠷ ᠢ ᠲᠣᠭᠤᠷᠢᠬᠤ ᠣᠰᠣᠨ ᠲᠡᠭᠡᠷᠡᠬᠢ ᠴᠡᠩᠬᠡᠯ ᠵᠡᠷᠬᠡ ᠭᠤᠣᠯᠳᠠᠯᠭ᠎ᠠ ᠲᠠᠢ ᠵᠢᠭᠤᠯᠴᠢᠯᠠᠯ ᠤᠨ ᠲᠦᠰᠦᠯ ᠤᠨ ᠪᠦᠳᠦᠬᠡᠨ ᠪᠠᠶᠢᠭᠤᠯᠣᠯᠳᠠ ᠶᠢ ᠦᠨᠳᠦᠷ ᠪᠠᠷᠢᠮᠵᠢᠶ᠎ᠠ ᠪᠠᠷ ᠲᠦᠯᠬᠢᠨ ᠠᠬᠢᠭᠤᠯᠵᠦ ᠵᠢᠭᠤᠯᠴᠢᠯᠠᠭᠴᠢᠳ ᠢ ᠴᠣᠭᠯᠠᠭᠤᠯᠣᠨ ᠲᠠᠷᠬᠠᠭᠠᠬᠤ ᠲᠦᠪ᠂ ᠵᠢᠭᠤᠯᠴᠢᠯᠠᠯ ᠤᠨ ᠵᠠᠮ᠂ ᠲᠡᠷᠬᠡᠨ ᠵᠣᠭᠰᠣᠭᠠᠯ᠂ ᠲᠡᠮᠳᠡᠭ ᠢᠯᠡᠷᠬᠡᠶᠢᠯᠡᠯ᠂ ᠬᠢᠨᠠᠨ ᠡᠵᠡᠮᠳᠡᠬᠦ ᠲᠦᠬᠦᠬᠡᠷᠦᠮᠵᠢ ᠵᠡᠷᠬᠡ ᠲᠣᠬᠢᠷᠠᠯᠴᠠᠭᠤᠯᠣᠭᠰᠠᠨ ᠦᠢᠯᠡᠴᠢᠯᠡᠬᠡᠨ ᠤ ᠪᠠᠶᠢᠭᠤᠯᠣᠮᠵᠢ ᠶᠢ ᠣᠯᠠᠮ ᠨᠢᠬᠡ ᠠᠯᠬᠤᠮ ᠲᠡᠬᠦᠯᠳᠡᠷᠵᠢᠬᠦᠯᠵᠦ᠂ ᠣᠶᠣᠨᠯᠢᠭ ᠵᠢᠭᠤᠯᠴᠢᠯᠠᠯ ᠤᠨ ᠬᠠᠮᠢᠶᠠᠷᠣᠯᠳᠠ ᠶᠢᠨ ᠰᠢᠰᠲ᠋ᠧᠮ ᠪᠣᠯᠣᠨ ᠬᠡᠷᠡᠭᠯᠡᠬᠦ ᠲᠠᠪᠴᠠᠩ ᠢ ᠪᠠᠶᠢᠭᠤᠯᠵᠦ᠂ ᠵᠢᠭᠤᠯᠴᠢᠯᠠᠯ ᠤᠨ ᠣᠷᠣᠨ ᠤ ᠵᠡᠷᠭᠡ ᠲᠡᠰ ᠪᠣᠯᠣᠨ ᠶᠠᠰᠣ ᠴᠢᠨᠠᠷ ᠢ ᠪᠦᠬᠦ ᠲᠠᠯ᠎ᠠ ᠪᠠᠷ ᠲᠠᠭᠡᠭᠰᠢᠯᠡᠬᠦᠯᠦᠨ᠎ᠡ᠃ ︽ᠵᠢᠭᠤᠯᠴᠢᠯᠠᠯ +︾᠎ ᠶᠢᠨ ᠲᠣᠭᠤᠷᠢᠨ ᠳᠤ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠲᠦᠷᠬᠡᠳᠬᠡᠬᠦ ᠶᠢ ᠬᠡᠷᠡᠭᠵᠢᠬᠦᠯᠬᠦ ᠰᠠᠨᠠᠯ ᠢ ᠰᠣᠳᠣᠯᠣᠨ ᠭᠠᠷᠭᠠᠵᠦ᠂ ᠲᠠᠮᠢᠷ ᠤᠨ ᠣᠷᠣᠯᠳᠣᠭᠠᠨ ᠤ ᠵᠢᠭᠤᠯᠴᠢᠯᠠᠯ᠂ ᠡᠷᠡᠬᠦᠯ ᠮᠡᠨᠳᠣ ᠪᠡᠶ᠎ᠡ ᠰᠣᠪᠢᠯᠠᠯ ᠤᠨ ᠵᠢᠭᠤᠯᠴᠢᠯᠠᠯ᠂ ᠰᠡᠯᠡᠬᠦᠴᠡᠨ ᠠᠮᠠᠷᠠᠬᠤ ᠵᠢᠭᠤᠯᠴᠢᠯᠠᠯ᠂ ᠺᠢᠨᠣ᠋ ᠵᠢᠷᠤᠭ ᠠᠪᠬᠤ ᠵᠢᠭᠤᠯᠴᠢᠯᠠᠯ᠂ ᠵᠣᠭᠠᠴᠠᠵᠦ ᠰᠣᠨᠢᠷᠬᠠᠬᠤ ᠵᠢᠭᠤᠯᠴᠢᠯᠠᠯ ᠢ ᠬᠠᠶᠢᠨ ᠬᠦᠭᠵᠢᠬᠦᠯᠵᠦ᠂ ᠵᠢᠭᠤᠯᠴᠢᠯᠠᠯ ᠢ ᠰᠣᠶᠣᠯ᠂ ᠠᠷᠠᠯᠵᠢᠶ᠎ᠠ᠂ ᠡᠷᠡᠬᠦᠯ ᠮᠡᠨᠳᠣ ᠪᠡᠶ᠎ᠡ ᠰᠣᠪᠢᠯᠠᠯ ᠤᠨ ᠦᠢᠯᠡᠰ ᠯᠤᠭ᠎ᠠ ᠬᠦᠨᠵᠡᠬᠡᠢ ᠠᠭᠤᠰᠣᠯᠴᠠᠭᠤᠯᠣᠨ᠎ᠠ᠃ ᠵᠢᠭᠤᠯᠴᠢᠯᠠᠯ ᠤᠨ ᠣᠯᠠᠨ ᠨᠡᠶᠢᠳᠡ ᠎ ᠶᠢᠨ ᠦᠢᠯᠡᠴᠢᠯᠡᠭᠡ ᠶᠢᠨ ᠲᠦᠪᠰᠢᠨ ᠢ ᠲᠡᠭᠡᠭᠰᠢᠯᠡᠬᠦᠯᠬᠦ ᠶᠢ ᠲᠦᠷᠭᠡᠳᠬᠡᠬᠦ ᠶᠢᠨ ᠲᠣᠭᠤᠷᠢᠨ ᠳᠤ᠂ ᠲᠠᠯᠠᠪᠠᠢ ᠪᠠᠯᠭᠠᠰᠣᠨ ᠤ ᠣᠯᠠᠨ ᠨᠡᠶᠢᠳᠡ ᠶᠢᠨ ᠦᠢᠯᠡᠴᠢᠯᠡᠭᠡ ᠶᠢᠨ ᠪᠠᠶᠢᠭᠤᠯᠣᠮᠵᠢ ᠶᠢᠨ ᠪᠦᠳᠦᠭᠡᠨ ᠪᠠᠶᠢᠭᠤᠯᠣᠯᠳᠠ ᠪᠣᠯᠣᠨ ᠵᠢᠭᠤᠯᠴᠢᠯᠠᠯ ᠤᠨ ᠵᠠᠰᠠᠮᠠᠯ ᠵᠠᠮ ᠤᠨ ᠱᠣᠭᠤᠮ ᠲᠠᠭᠠᠣ ᠶᠢ ᠨᠣᠭᠤᠭᠠᠷᠠᠭᠤᠯᠬᠤ ᠭᠤᠶᠣᠵᠢᠭᠤᠯᠬᠤ ᠬᠦᠴᠦ ᠶᠢ ᠶᠡᠬᠡᠳᠭᠡᠵᠦ᠂ ︽ᠵᠣᠷᠯᠣᠩ ᠤᠨ ᠬᠤᠪᠢᠰᠬᠠᠯ︾᠎ ᠢ ᠶᠡᠭᠡ ᠬᠦᠴᠦ ᠪᠠᠷ ᠲᠦᠯᠬᠢᠨ ᠠᠬᠢᠭᠤᠯᠵᠦ᠂ ᠵᠢᠭᠤᠯᠴᠢᠯᠠᠯ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠬᠦᠯᠦᠨ᠎ᠡ᠃ ᠵᠢᠭᠤᠯᠴᠢᠯᠠᠯ ᠤᠨ ᠠᠵᠢᠯ ᠦᠢᠯᠡᠰ ᠤᠨ ᠬᠠᠮᠢᠶᠠᠷᠣᠯᠳᠠ ᠶᠢᠨ ᠬᠦᠴᠦ ᠶᠢ ᠶᠡᠬᠡᠳᠬᠡᠵᠦ᠂ ᠵᠢᠭᠤᠯᠴᠢᠯᠠᠯ ᠤᠨ ᠠᠵᠢᠯ ᠦᠢᠯᠡᠰ ᠤᠨ ᠣᠷᠣᠵᠦ ᠢᠷᠡᠬᠦ ᠪᠣᠯᠣᠨ ᠦᠢᠯᠡᠴᠢᠯᠡᠬᠡᠨ ᠤ ᠪᠠᠷᠢᠮᠵᠢᠶ᠎ᠠ ᠶᠢ ᠪᠠᠶᠢᠭᠤᠯᠣᠨ ᠡᠷᠡᠬᠦᠯᠵᠢᠬᠦᠯᠵᠦ᠂ ᠪᠦᠷᠢᠯᠳᠦᠭᠰᠡᠨ ᠪᠠᠷᠢᠮᠵᠢᠶ᠎ᠠ ᠲᠣᠳᠣ᠂ ᠠᠵᠢᠯᠯᠠᠭᠤᠯᠬᠤ ᠴᠢᠨᠠᠷ ᠢᠶᠠᠷ ᠴᠢᠩᠭ᠎ᠠ ᠣᠷᠣᠨ ᠵᠠᠶᠢᠴᠢᠯᠠᠭᠰᠠᠨ ᠵᠢᠭᠤᠯᠴᠢᠯᠠᠯ ᠤᠨ ᠬᠦᠭᠵᠢᠯᠳᠡ ᠶᠢᠨ ᠲᠦᠷᠢᠮ ᠤᠨ ᠰᠢᠰᠲ᠋ᠧᠮ ᠤᠨ ᠪᠦᠷᠢᠯᠳᠦᠯ ᠢ ᠲᠦᠷᠬᠡᠳᠭᠡᠨ᠎ᠡ᠃ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠣᠯᠳᠠ ᠎ ᠶᠢ ᠴᠢᠩᠭᠠᠳᠬᠠᠵᠦ᠂ ᠵᠠᠰᠠᠭ᠂ ᠵᠠᠬ᠎ᠠ ᠲᠡᠯᠬᠡᠬᠦᠷ ᠵᠡᠷᠬᠡ ᠶᠡᠷᠦᠩᠬᠡᠶᠢᠯᠡᠭᠰᠡᠨ ᠠᠷᠭ᠎ᠠ ᠪᠠᠷᠢᠯ ᠢ ᠠᠰᠢᠭᠯᠠᠵᠦ᠂ ᠵᠢᠭᠤᠯᠴᠢᠯᠠᠯ ᠤᠨ ᠢᠳᠡᠵᠦ ᠬᠤᠨᠣᠬᠤ ᠬᠦᠯᠢᠶᠡᠨ ᠵᠣᠴᠢᠯᠠᠬᠤ ᠦᠢᠯᠡᠴᠢᠯᠡᠬᠡᠨ ᠤ ᠴᠢᠳᠠᠯ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠵᠢᠭᠤᠯᠴᠢᠯᠠᠨ ᠨᠠᠭᠠᠳᠬᠤ ᠲᠦᠰᠦᠯ ᠨᠡᠬᠡᠬᠡᠬᠦ ᠶᠢ ᠲᠦᠷᠢᠮᠵᠢᠬᠦᠯᠵᠦ᠂ ᠣᠷᠣᠨ ᠵᠠᠶᠢᠴᠢᠯᠠᠭᠰᠠᠨ ᠵᠢᠭᠤᠯᠴᠢᠯᠠᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠳᠣᠷ ᠬᠠᠮᠠᠭᠠᠯᠠᠨ᠎ᠠ᠃ ᠨᠡᠷᠡᠳᠣ ᠲᠡᠮᠳᠡᠭᠴᠢᠯᠡᠭᠰᠡᠨ ᠪᠦᠳᠦᠬᠡᠨ ᠪᠠᠶᠢᠭᠤᠯᠣᠯᠳᠠ ᠶᠢᠨ ᠲᠣᠭᠤᠷᠢᠨ ᠳᠤ᠂ ᠵᠢᠭᠤᠯᠴᠢᠯᠠᠯ ᠤᠨ ᠠᠵᠦ ᠦᠢᠯᠡᠰ ᠤᠨ ᠲᠣᠳᠣᠭᠠᠳᠣ ᠠᠭᠤᠯᠠᠭᠳᠠᠬᠤᠨ ᠢ ᠪᠠᠶᠠᠯᠢᠭᠵᠢᠭᠤᠯᠵᠦ᠂ ᠵᠢᠭᠤᠯᠴᠢᠯᠠᠯ ᠤᠨ ᠠᠵᠢᠯ ᠲᠦᠷᠦᠯ ᠤᠨ ᠨᠡᠶᠢᠬᠡᠮᠯᠢᠭ ᠤᠨ ᠦᠢᠯᠡᠳᠦᠯ ᠢ ᠪᠠᠳᠠᠷᠠᠭᠤᠯᠵᠦ᠂ ᠵᠢᠭᠤᠯᠴᠢᠯᠠᠯ ᠤᠨ ᠪᠦᠯᠦᠭᠯᠡᠯ ᠺᠣᠮᠫᠠᠨᠢ ᠶᠢ ᠨᠢᠬᠡᠳᠦᠬᠦᠯᠦᠨ ᠠᠵᠢᠯᠯᠠᠭᠤᠯᠵᠦ ᠬᠠᠮᠢᠶᠠᠷᠬᠤ ᠪᠠᠨ ᠴᠢᠩᠭᠠᠳᠬᠠᠵᠦ᠂ ᠬᠢᠩᠭᠠᠨ ᠠᠶᠢᠮᠠᠭ᠂ ᠲᠦᠩᠯᠢᠶᠣᠣ ᠬᠤᠳᠠ᠂ ᠰᠢᠯᠢ ᠶᠢᠨ ᠬᠤᠳᠠ ᠵᠡᠷᠬᠡ ᠣᠶᠢᠷ᠎ᠠ ᠬᠠᠪᠢ ᠣᠷᠣᠨ ᠎ ᠯᠤᠭ᠎ᠠ ᠶᠢᠨ ᠬᠤᠷᠰᠢᠯᠳᠡ ᠶᠢ ᠴᠢᠩᠭᠠᠳᠬᠠᠵᠦ ᠭᠠᠵᠠᠷ ᠣᠷᠣᠨ ᠤ ᠵᠢᠭᠤᠯᠴᠢᠯᠠᠯ ᠤᠨ ᠬᠤᠯᠪᠣᠭᠠᠯᠠᠨ ᠬᠦᠭᠵᠢᠬᠦ ᠶᠢ ᠲᠦᠯᠬᠢᠨ ᠠᠬᠢᠭᠤᠯᠣᠨ᠎ᠠ᠃ ︽ᠬᠦᠰᠡᠯ ᠪᠡᠶᠡᠯᠡᠭᠳᠡᠬᠦ ᠣᠯᠠᠭᠠᠢ ᠲᠠᠯ᠎ᠠ ᠨᠣᠳᠤᠭ︾᠎ ᠢᠶᠠᠷ ᠭᠤᠣᠯ ᠰᠡᠳᠦᠪ ᠪᠣᠯᠭᠠᠵᠦ᠂ ᠵᠢᠭᠤᠯᠴᠢᠯᠠᠯ ᠤᠨ ᠠᠵᠦ ᠠᠬᠤᠶᠢᠯᠠᠯ ᠢ ᠵᠣᠷᠢᠭᠵᠢᠭᠤᠯᠣᠨ ᠬᠤᠷᠰᠢᠨ ᠣᠬᠠᠭᠤᠯᠵᠦ᠂ ᠰᠢᠷᠢᠰ ᠬᠦᠳᠡᠯᠬᠡᠬᠡᠨ ᠦᠷᠨᠢᠬᠦᠯᠬᠦ ᠪᠠᠷ ᠲᠠᠮᠵᠢᠵᠦ᠂ ︽ᠲᠡᠭᠷᠢ ᠶᠢᠨ ᠬᠠᠶᠠᠭᠠᠨ ᠤ ᠲᠡᠨᠢᠬᠡᠷ ᠲᠠᠯ᠎ᠠ ᠨᠣᠳᠤᠭ᠂ ᠴᠡᠪᠡᠷ ᠠᠷᠢᠭᠤᠨ ᠣᠯᠠᠭᠠᠢ︾ ᠬᠡᠮᠡᠬᠦ ᠰᠣᠶᠣᠯ ᠤᠨ ᠵᠢᠭᠤᠯᠴᠢᠯᠠᠯ ᠤᠨ ᠨᠡᠷᠡᠳᠣ ᠲᠡᠮᠳᠡᠭ ᠢ ᠴᠣᠭᠴᠠᠯᠠᠨ᠎ᠠ᠃       ᠣᠳᠣᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠣᠳᠣᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠲᠦᠯᠦᠪᠯᠡᠭᠡ ᠶᠢ ᠲᠣᠭᠳᠠᠭᠠᠵᠦ᠂ ᠲᠣᠬᠢᠷᠠᠯᠴᠠᠭᠰᠠᠨ ᠲᠦᠷᠦ ᠶᠢᠨ ᠪᠣᠳᠣᠯᠭ᠎ᠠ ᠶᠢ ᠬᠡᠷᠡᠭᠵᠢᠬᠦᠯᠦᠨ᠂ ᠦᠢᠯᠡᠴᠢᠯᠡᠬᠡᠨ ᠤ ᠦᠢᠯᠡᠰ ᠤᠨ ᠡᠷᠡᠬᠦᠯ ᠢᠶᠠᠷ ᠬᠦᠭᠵᠢᠬᠦ ᠠᠬᠢᠭᠤᠯᠣᠨ᠎ᠠ᠃ ᠮᠡᠳᠡᠭᠡ ᠵᠠᠩᠬᠢ ᠶᠢᠨ ᠰᠠᠭᠤᠷᠢ ᠪᠦᠳᠦᠬᠡᠨ ᠪᠠᠶᠢᠭᠤᠯᠣᠯᠳᠠ ᠶᠢ ᠶᠡᠬᠡᠳᠬᠡᠵᠦ᠂ ᠴᠠᠬᠢᠯᠭᠠᠨ ᠮᠡᠳᠡᠭᠡ ᠶᠢᠨ ᠲᠦᠬᠡᠮᠡᠯ ᠲᠣᠷᠰᠢᠯᠳᠠ ᠎ ᠶᠢᠨ ᠴᠡᠭ ᠤᠨ ᠦᠢᠯᠡᠴᠢᠯᠡᠬᠡᠨ ᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠵᠦ᠂ 4G ᠰᠦᠯᠵᠢᠶ᠎ᠡ ᠶᠢᠨ ᠪᠦᠷᠬᠦᠴᠡ ᠶᠢᠨ ᠬᠦᠷᠢᠶ᠎ᠡ ᠶᠢ ᠦᠷᠬᠡᠳᠬᠡᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ ᠱᠣᠭᠤᠮ ᠪᠣᠯᠣᠨ ᠵᠢᠭᠤᠯᠴᠢᠯᠠᠯ ᠎ ᠤᠨ ᠣᠷᠣᠨ ᠳᠤ ᠮᠡᠳᠡᠭᠡ ᠲᠣᠯᠬᠢᠶᠠᠨ ᠪᠦᠷᠬᠦᠬᠦ ᠠᠵᠢᠯ ᠢ ᠪᠠᠶᠡᠯᠡᠬᠦᠯᠦᠨ᠎ᠡ᠃ ᠲᠠᠪᠣᠨ ᠦᠨᠳᠦᠰᠦᠨ ᠲᠤᠭ᠎ᠠ ᠪᠠᠷᠢᠮᠳᠠ ᠎ ᠶᠢᠨ ᠬᠦᠮᠦᠷᠬᠡ ᠶᠢ ᠨᠢᠳᠬᠡᠬᠦ ᠠᠵᠢᠯ ᠢ ᠲᠦᠷᠭᠡᠳᠬᠡᠵᠦ᠂ ᠪᠦᠬᠦ ᠠᠶᠢᠮᠠᠭ ᠯᠤᠭ᠎ᠠ ᠲᠤᠭ᠎ᠠ ᠪᠠᠷᠢᠮᠳᠠ ᠶᠢᠨ ᠰᠣᠷᠠᠭ ᠵᠠᠩᠬᠢ ᠶᠢᠨ ᠡᠬᠢ ᠪᠠᠶᠠᠯᠢᠭ ᠢ ᠨᠢᠳᠬᠡᠵᠦ ᠬᠠᠮᠳᠣ ᠪᠠᠷ ᠡᠳ᠋ᠯᠡᠬᠦ ᠶᠢ ᠵᠡᠷᠭᠡᠴᠡᠯ ᠢᠶᠠᠷ ᠪᠡᠶᠡᠯᠡᠬᠦᠯᠵᠦ᠂ ᠲᠣᠮᠣ ᠲᠤᠭ᠎ᠠ ᠪᠠᠷᠢᠮᠳᠠ ᠶᠢᠨ ᠬᠡᠷᠡᠭᠯᠡᠬᠦᠷ ᠣᠷᠣᠭᠤᠯᠣᠨ ᠠᠪᠴᠢᠷᠠᠵᠦ᠂ ᠡᠯ᠎ᠡ ᠠᠵᠢᠯ ᠲᠦᠷᠦᠯ ᠤᠨ ᠬᠠᠮᠢᠶᠠᠷᠣᠯᠳᠠ ᠶᠢᠨ ᠲᠦᠪᠰᠢᠨ ᠢ ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃ ᠬᠤᠳᠠ ᠬᠦᠳᠡᠭᠡ ᠶᠢᠨ ᠶᠡᠷᠦᠩᠬᠡᠶᠢᠯᠡᠭᠰᠡᠨ ᠴᠠᠬᠢᠮ ᠬᠤᠳᠠᠯᠳᠤᠭ᠎ᠠ ᠶᠢᠨ ᠰᠢᠰᠲ᠋ᠧᠮ ᠢ ᠲᠡᠬᠦᠯᠳᠡᠷᠵᠢᠬᠦᠯᠵᠦ᠂ ᠵᠢᠵᠢᠭᠯᠡᠨ ᠬᠤᠳᠠᠯᠳᠣᠬᠤ᠂ ᠬᠤᠨᠤᠭ᠂ ᠬᠤᠭᠤᠯᠠ ᠣᠮᠳᠠ᠂ ᠵᠢᠭᠤᠯᠴᠢᠯᠠᠯ᠂ ᠭᠡᠷ ᠠᠬᠤᠢ ᠶᠢᠨ ᠦᠢᠯᠡᠴᠢᠯᠡᠭᠡ᠂ ᠬᠤᠪᠴᠠᠰᠣ ᠣᠬᠢᠶᠠᠯᠭ᠎ᠠ᠂ ᠬᠡᠷ ᠤᠨ ᠴᠠᠬᠢᠯᠭᠠᠨ ᠰᠡᠯᠪᠢᠨ ᠵᠠᠰᠠᠬᠤ᠂ ᠪᠢᠯᠧᠲ ᠤᠨ ᠶᠠᠪᠣᠳᠠᠯ᠂ ᠲᠦᠬᠦᠬᠡᠢ ᠰᠣᠷᠭᠤᠭ ᠲᠣᠬᠢᠷᠠᠭᠤᠯᠣᠨ ᠬᠦᠷᠬᠡᠬᠦ ᠵᠡᠷᠬᠡ᠂ ᠠᠮᠢᠳᠣᠷᠠᠯ ᠤᠨ ᠦᠢᠯᠡᠴᠢᠯᠡᠭᠡ ᠶᠢᠨ ᠲᠦᠷᠦᠯ ᠎ ᠤᠨ ᠠᠵᠦ ᠠᠬᠤᠶᠢᠯᠠᠯ ᠢ ᠵᠣᠷᠢᠭᠵᠢᠭᠤᠯᠣᠨ ᠣᠳᠣᠷᠢᠳᠣᠨ ᠴᠠᠬᠢᠮ ᠠᠷᠠᠯᠵᠢᠶᠠᠨ ᠤ ᠲᠠᠪᠴᠠᠩ ᠳᠤ ᠣᠷᠣᠭᠤᠯᠵᠦ᠂ ᠰᠦᠯᠵᠢᠶᠡᠨ ᠲᠡᠭᠡᠷ᠎ᠡ ᠵᠠᠬᠢᠶᠠᠯᠠᠨ ᠠᠪᠬᠤ᠂ ᠦᠢᠯᠡᠴᠢᠯᠡᠭᠡ ᠶᠢ ᠣᠷᠢᠳᠴᠢᠯᠠᠨ ᠪᠣᠯᠵᠣᠬᠤ᠂ ᠨᠡᠶᠢᠬᠡᠮ ᠲᠣᠭᠤᠷᠢᠭ ᠲᠤ ᠲᠣᠬᠢᠷᠠᠭᠤᠯᠣᠨ ᠬᠦᠷᠬᠡᠬᠦ ᠵᠡᠷᠬᠡ ᠠᠷᠠᠳ ᠲᠤ ᠣᠶᠢᠷᠠᠳᠣᠭᠰᠠᠨ ᠦᠢᠯᠡᠴᠢᠯᠡᠭᠡ ᠶᠢ ᠦᠷᠬᠡᠨ ᠢᠶᠠᠷ ᠦᠷᠨᠢᠬᠦᠯᠦᠨ᠎ᠡ᠃ ᠡᠷᠡᠬᠦᠯ ᠮᠡᠨᠳᠣ ᠨᠠᠰᠣᠳᠠᠨ ᠢ ᠠᠰᠠᠷᠠᠬᠤ᠂ ᠮᠦᠩᠬᠦᠨ ᠬᠦᠢᠯᠬᠡᠬᠡ ᠪᠠᠷᠠᠭᠠᠨ ᠤ ᠬᠦᠢᠯᠬᠡᠬᠡ ᠵᠡᠷᠬᠡ ᠰᠢᠨ᠎ᠡ ᠪᠠᠷ ᠮᠠᠨᠳᠣᠭᠰᠠᠨ ᠠᠵᠦ ᠦᠢᠯᠡᠰ ᠢ ᠶᠡᠭᠡ ᠬᠦᠴᠦ ᠪᠠᠷ ᠰᠠᠶᠢᠳᠣᠷ ᠠᠳᠬᠤᠵᠦ᠂ ᠦᠢᠯᠡᠴᠢᠯᠡᠭᠡ ᠶᠢᠨ ᠣᠬᠤᠷ ᠬᠠᠪᠳᠠᠰᠣ ᠎ ᠪᠠᠨ ᠨᠦᠬᠦᠵᠦ᠂ ᠠᠵᠢᠯ ᠣᠯᠭᠤᠬᠤ ᠶᠢ ᠲᠠᠳᠠᠬᠤ ᠪᠣᠯᠣᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠎ ᠶᠢ ᠨᠡᠮᠡᠭᠳᠡᠬᠦᠯᠦᠨ᠎ᠡ᠃      ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠪᠦᠳᠦᠬᠡᠨ ᠪᠠᠶᠢᠭᠤᠯᠣᠯᠳᠠ ᠶᠢ ᠣᠯᠠᠮ ᠨᠢᠬᠡ ᠠᠯᠬᠤᠮ ᠴᠢᠩᠭᠠᠳᠬᠠᠵᠦ᠂ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠎ᠡ᠃ ᠨᠣᠭᠤᠭᠠᠨ ᠦᠩᠭᠡ ᠪᠣᠯ ᠣᠯᠠᠭᠠᠢ ᠶᠢᠨ ᠮᠦᠨ ᠦᠩᠭᠡ᠂ ᠠᠮᠢ ᠠᠬᠤᠢ ᠪᠣᠯ ᠣᠯᠭᠠᠢ ᠶᠢᠨ ᠨᠡᠷ᠎ᠡ ᠶᠢᠨ ᠬᠠᠭᠤᠳᠠᠰᠣ᠃ ᠨᠣᠭᠤᠭᠠᠨ ᠢᠶᠠᠷ ᠣᠷᠣᠨ ᠢᠶᠠᠨ ᠪᠠᠶᠠᠵᠢᠭᠤᠯᠬᠤ᠂ ᠨᠣᠭᠤᠭᠠᠨ ᠢᠶᠠᠷ ᠠᠷᠠᠳ ᠢᠶᠠᠨ ᠢᠪᠡᠬᠡᠵᠦ᠂ ᠠᠮᠢ ᠠᠬᠤᠢ ᠶᠢᠨ ᠰᠡᠷᠬᠦᠬᠡᠯᠳᠡ ᠪᠣᠯᠣᠨ ᠣᠷᠴᠢᠨ ᠲᠣᠭᠤᠷᠢᠨ ᠤ ᠵᠠᠰᠠᠯᠳᠠ ᠶᠢ ᠰᠠᠶᠢᠳᠣᠷ ᠠᠳᠬᠤᠵᠦ᠂ ᠡᠬᠢ ᠪᠠᠶᠠᠯᠢᠭ ᠢ ᠭᠠᠮᠨᠠᠬᠤ ᠪᠠ ᠣᠷᠴᠢᠯ ᠬᠦᠭᠵᠢᠯᠳᠡ ᠶᠢ ᠲᠦᠯᠬᠢᠨ ᠠᠬᠢᠭᠤᠯᠵᠦ᠂ ᠦᠵᠡᠰᠬᠦᠯᠡᠩ ᠬᠢᠬᠡᠳ ᠬᠦᠭᠵᠢᠯᠳᠡ ᠶᠢᠨ ᠬᠤᠣᠰ ᠢᠯᠡᠯᠳᠡ ᠶᠢ ᠪᠡᠶᠡᠯᠡᠬᠦᠯᠦᠨ᠎ᠡ᠃       ᠨᠢᠬᠡ ᠳᠤ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠦᠳᠦᠬᠡᠨ ᠪᠠᠶᠢᠭᠤᠯᠣᠯᠳᠠ ᠶᠢ ᠲᠦᠷᠬᠡᠳᠭᠡᠨ᠎ᠡ᠃ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠣᠯᠠᠭᠠᠨ ᠱᠣᠭᠤᠮ ᠤᠨ ᠲᠦᠷᠢᠮ ᠢ ᠴᠢᠩᠭ᠎ᠠ ᠬᠠᠳᠠᠭᠤ ᠬᠡᠷᠡᠭᠵᠢᠬᠦᠯᠵᠦ᠂  ᠬᠠᠮᠢᠶᠠᠷᠣᠯᠳᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠬᠡ ᠶᠢᠨ ᠦᠷᠢ ᠶᠢᠨ ᠬᠦᠰᠦᠨᠦᠭᠳᠣ ᠶᠢ ᠨᠠᠶᠢᠷᠠᠭᠤᠯᠣᠨ ᠲᠠᠭᠤᠰᠬᠠᠵᠦ᠂ ᠠᠮᠢ ᠠᠬᠤᠢ ᠶᠢᠨ ᠣᠷᠴᠢᠨ ᠲᠣᠭᠤᠷᠢᠨ ᠤ ︽ᠨᠠᠵᠠᠭᠠᠢ ᠲᠠᠯ᠎ᠠ ᠶᠢᠨ ᠲᠠᠩᠰᠠ ᠪᠦᠷᠢᠳᠦᠯ︾᠎ ᠢ ᠵᠣᠬᠢᠶᠠᠵᠦ᠂ ᠠᠮᠢ ᠠᠬᠤᠢ ᠶᠢᠨ ᠪᠣᠯᠪᠠᠰᠣᠨ ᠤ ᠪᠦᠳᠦᠬᠡᠨ ᠪᠠᠶᠢᠭᠤᠯᠣᠯᠳᠠ ᠶᠢ ᠲᠦᠷᠢᠮᠵᠢᠭᠰᠡᠨ᠂ ᠬᠠᠣᠯᠢᠵᠢᠭᠰᠠᠨ ᠵᠠᠮ ᠳᠤ ᠣᠷᠣᠭᠤᠯᠣᠨ᠎ᠠ᠃ ᠰᠢᠨ᠎ᠡ ᠡᠬᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠬᠡᠷᠡᠭᠵᠢᠬᠦᠯᠵᠦ᠂ ᠨᠡᠩ ᠬᠠᠳᠠᠭᠤ ᠪᠠᠷᠢᠮᠵᠢᠶ᠎ᠠ ᠪᠠᠷ ᠨᠡᠩ ᠴᠢᠩᠭ᠎ᠠ ᠬᠢᠨᠠᠯᠳᠠ ᠬᠠᠮᠢᠶᠠᠷᠣᠯᠳᠠ ᠪᠠᠷ ᠨᠡᠩ ᠴᠢᠩᠭ᠎ᠠ ᠰᠢᠯᠭᠠᠯᠳᠠ ᠪᠠᠷ ᠨᠡᠩ ᠬᠠᠳᠠᠭᠤ ᠬᠠᠷᠢᠭᠤᠴᠠᠯᠭ᠎ᠠ ᠠᠰᠠᠭᠤᠬᠤ ᠠᠷᠭ᠎ᠠ ᠪᠠᠷᠢᠯ ᠢ ᠲᠠᠯ᠎ᠠ ᠨᠣᠳᠤᠭ ᠤᠨ ᠨᠦᠬᠦᠵᠦ ᠱᠠᠩᠨᠠᠬᠤ ᠪᠡᠯᠡ ᠮᠦᠩᠬᠦ ᠶᠢ ᠮᠠᠯᠴᠢᠨ ᠲᠠᠷᠢᠶᠠᠴᠢᠨ ᠤ ᠮᠠᠯᠵᠢᠬᠤ ᠶᠢ ᠵᠣᠭᠰᠣᠭᠠᠭᠰᠠᠨ᠂ ᠪᠡᠯᠴᠢᠭᠡᠷ ᠮᠠᠯ ᠤᠨ ᠲᠡᠩᠴᠡᠬᠦᠷᠢ᠂ ᠪᠠᠶᠢᠭᠠᠯᠢ ᠶᠢᠨ ᠬᠠᠳᠣᠯᠠᠩ ᠢ ᠬᠠᠮᠠᠭᠠᠯᠠᠬᠤ ᠠᠰᠢᠭᠯᠠᠬᠤ ᠲᠦᠷᠢᠮ ᠤᠨ ᠬᠠᠷᠢᠭᠤᠴᠠᠯᠭ᠎ᠠ ᠡᠬᠦᠷᠬᠡᠯᠡᠭᠰᠡᠨ ᠪᠠᠶᠢᠳᠠᠯ ᠯᠤᠭ᠎ᠠ ᠬᠠᠷᠢᠯᠴᠠᠨ ᠣᠶᠠᠯᠳᠣᠭᠤᠯᠵᠦ᠂ ᠲᠠᠯ᠎ᠠ ᠨᠣᠳᠤᠭ ᠢ ᠠᠰᠢᠭᠯᠠᠬᠤ ᠲᠠᠭᠠᠭᠠᠴᠠ ᠪᠣᠯᠣᠨ ᠪᠡᠯᠴᠢᠭᠡᠷ ᠡᠪᠡᠰᠣ ᠶᠢ ᠠᠰᠢᠭᠯᠠᠬᠤ ᠶᠡᠷᠦᠩᠬᠡᠢ ᠬᠡᠮᠵᠢᠶ᠎ᠡ ᠶᠢ ᠴᠢᠩᠭ᠎ᠠ ᠡᠵᠡᠮᠳᠡᠨ᠂ ᠪᠠᠶᠢᠭᠠᠯᠢ ᠶᠢᠨ ᠲᠠᠯ᠎ᠠ ᠨᠣᠳᠤᠭ ᠤᠨ ᠬᠦᠢᠳᠡᠨ ᠲᠣᠯᠠᠭᠠᠨ ᠣᠯᠠᠷᠢᠯ ᠳᠤ ᠵᠣᠬᠢᠰᠳᠡᠢ ᠮᠠᠯ ᠠᠳᠣᠭᠤᠯᠬᠤ ᠬᠡᠮᠵᠢᠶ᠎ᠡ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠵᠦ᠂ ᠴᠢᠩᠭ᠎ᠠ ᠬᠦᠴᠦᠳᠡᠢ ᠠᠷᠭ᠎ᠠ ᠬᠡᠮᠵᠢᠶ᠎ᠡ ᠎ ᠪᠠᠷ᠂ ᠲᠠᠯ᠎ᠠ ᠨᠣᠳᠤᠭ ᠤᠨ ᠠᠮᠢ ᠠᠬᠤᠢ ᠶᠢᠨ ᠣᠯᠠᠮ ᠨᠢᠬᠡ ᠠᠯᠬᠤᠮ ᠰᠠᠶᠢᠵᠢᠷᠠᠯᠳᠠ ᠶᠢ ᠠᠬᠢᠭᠤᠯᠣᠨ᠎ᠠ᠃ ᠲᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠤᠯᠪᠣᠭᠠᠯᠠᠨ ᠬᠠᠣᠯᠢ ᠬᠡᠷᠡᠭᠵᠢᠬᠦᠯᠬᠦ ᠲᠣᠭᠳᠠᠯᠴᠠᠭ᠎ᠠ ᠶᠢ ᠪᠠᠶᠢᠭᠤᠯᠵᠦ᠂ ᠮᠠᠵᠢᠯᠬᠤ ᠶᠢ ᠵᠣᠭᠰᠣᠭᠠᠬᠤ ᠪᠣᠯᠣᠨ ᠪᠡᠯᠴᠢᠬᠡᠷ ᠮᠠᠯ ᠤᠨ ᠲᠡᠩᠴᠡᠬᠦᠷᠢ᠂ ᠪᠠᠶᠢᠭᠠᠯᠢ ᠎ ᠶᠢᠨ ᠬᠠᠳᠣᠯᠠᠩ ᠪᠣᠯᠣᠨ ᠦᠨᠳᠦᠷ ᠣᠨᠠᠯᠳᠠ ᠲᠠᠢ ᠪᠣᠷᠳᠤᠭ᠎ᠠ ᠶᠢᠨ ᠭᠠᠵᠠᠷ ᠤᠨ ᠬᠠᠮᠢᠶᠠᠷᠣᠯᠳᠠ᠂ ᠬᠠᠣᠯᠢ ᠪᠣᠰᠣ ᠪᠠᠷ ᠲᠠᠯ᠎ᠠ ᠨᠣᠳᠤᠭ ᠢ ᠲᠠᠳᠠᠪᠣᠷᠢᠯᠠᠨ ᠡᠵᠡᠯᠡᠵᠦ ᠬᠡᠷᠡᠭᠯᠡᠬᠦ᠂ ᠲᠣᠷ᠎ᠠ ᠪᠠᠷ ᠮᠠᠯᠳᠠᠵᠦ ᠲᠠᠪᠠ ᠪᠠᠷ ᠲᠡᠬᠦᠬᠦ᠂ ᠬᠡᠬᠡᠷ᠎ᠡ ᠶᠢᠨ ᠠᠷᠢᠶᠠᠳᠠᠨ ᠢ ᠠᠪᠠᠯᠠᠬᠤ ᠵᠡᠷᠬᠡ ᠬᠦᠷᠢᠶ᠎ᠡ ᠬᠡᠪᠴᠢᠶᠡᠨ ᠳᠠᠬᠢ ᠬᠤᠯᠪᠣᠭᠠᠯᠠᠨ ᠬᠠᠣᠯᠢ ᠬᠡᠷᠡᠭᠵᠢᠬᠦᠯᠬᠦ ᠶᠢ ᠭᠤᠣᠯᠳᠠᠯᠭ᠎ᠠ ᠎ ᠲᠠᠢ ᠴᠢᠩᠭᠠᠳᠬᠠᠵᠦ᠂ ᠲᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠣᠯᠢ ᠬᠡᠷᠡᠭᠵᠢᠬᠦᠯᠦᠯᠳᠡ ᠳᠤ ᠬᠦᠴᠦ ᠪᠠᠨ ᠬᠠᠮᠳᠣᠳᠬᠠᠨ᠂ ᠬᠠᠣᠯᠢ ᠬᠡᠷᠡᠭᠵᠢᠬᠦᠯᠬᠦ ᠶᠢᠨ ᠬᠠᠳᠠᠭᠤ ᠴᠢᠨᠠᠷ ᠢ ᠨᠡᠮᠡᠭᠳᠡᠬᠦᠯᠦᠨ᠎ᠡ      ᠬᠤᠶᠠᠷ ᠲᠤ ᠠᠮᠢ ᠠᠬᠤᠢ ᠶᠢᠨ ᠰᠢᠰᠲ᠋ᠧᠮ ᠤᠨ ᠰᠡᠷᠬᠦᠬᠡᠯᠳᠡ ᠵᠠᠰᠠᠯᠳᠠ ᠶᠢ ᠴᠢᠩᠭᠠᠳᠬᠠᠨ᠎ᠠ᠃ ᠵᠢᠩ ᠶᠢᠨ ᠰᠠᠯᠬᠢ ᠡᠯᠡᠰᠣᠨ ᠤ ᠡᠬᠢ ᠶᠢ ᠵᠠᠰᠠᠬᠤ ᠬᠤᠶᠠᠳᠣᠭᠠᠷ ᠬᠤᠭᠤᠴᠠᠭ᠎ᠠ᠂ ᠨᠢᠬᠡᠨᠳᠡ ᠬᠠᠭᠠᠯᠪᠣᠷᠢᠯᠠᠭᠰᠠᠨ ᠲᠠᠯ᠎ᠠ ᠨᠣᠳᠤᠭ ᠎ ᠤᠨ ᠵᠠᠰᠠᠯᠳᠠ ᠵᠡᠷᠬᠡ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠶᠢᠨ ᠢᠨᠵᠧᠨᠧᠷᠢᠩ ᠢ ᠰᠠᠶᠢᠳᠣᠷ ᠵᠣᠬᠢᠶᠠᠨ ᠪᠠᠶᠢᠭᠤᠯᠣᠨ ᠴᠢᠨᠠᠷᠯᠢᠭ ᠬᠡᠷᠡᠭᠵᠢᠬᠦᠯᠵᠦ᠂ ᠮᠧᠩ ᠼᠣᠣ ᠺᠣᠮᠫᠠᠨᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠰᠢᠰᠲ᠋ᠧᠮ ᠤᠨ ᠰᠣᠳᠣᠯᠣᠯᠳᠠ ᠶᠢᠨ ᠬᠦᠷᠢᠶᠡᠯᠡᠩ ᠤᠨ ᠣᠯᠠᠭᠠᠢ ᠶᠢᠨ ᠬᠤᠪᠢᠶᠠᠷᠢ ᠬᠦᠷᠢᠶᠡᠯᠡᠩ ᠲᠠᠯ᠎ᠠ ᠨᠣᠳᠤᠭ ᠢ ᠬᠠᠮᠠᠭᠠᠯᠠᠨ ᠠᠰᠢᠭᠯᠠᠬᠤ ᠰᠡᠳᠦᠪᠳᠣ ᠰᠣᠳᠣᠯᠣᠯ ᠵᠢᠴᠢ ᠦᠷ᠎ᠡ ᠪᠦᠳᠦᠬᠡᠯ ᠢ ᠲᠡᠯᠬᠡᠷᠡᠬᠦᠯᠬᠦ ᠠᠵᠢᠯ ᠢ ᠲᠡᠮᠵᠢᠨ᠂ ᠣᠢ ᠶᠢᠨ ᠢᠨᠵᠧᠨᠧᠷᠢᠩ ᠢᠶᠠᠷ ᠡᠯᠡᠰᠣ ᠶᠢ 1000 ᠮᠦ ᠲᠣᠭᠳᠠᠪᠣᠷᠢᠵᠢᠭᠤᠯᠵᠦ᠂ ᠭᠤᠣᠯᠳᠠᠯᠭ᠎ᠠ ᠲᠠᠢ ᠣᠷᠣᠨ ᠢ 500 ᠮᠦ ᠨᠣᠭᠤᠭᠠᠷᠠᠭᠤᠯᠣᠨ᠂ 5 ᠲᠦᠮᠡᠨ ᠮᠦ ᠶᠢ ᠪᠢᠳᠡᠬᠦᠮᠵᠢᠯᠡᠨ ᠪᠣᠶᠢᠵᠢᠭᠤᠯᠵᠦ᠂ ᠨᠢᠬᠡᠨᠳᠡ ᠬᠠᠭᠠᠯᠪᠣᠷᠢᠯᠠᠭᠰᠠᠨ ᠲᠠᠯ᠎ᠠ ᠨᠣᠳᠤᠭ ᠤᠨ ᠵᠠᠰᠠᠯᠳᠠ ᠶᠢ 4.4 ᠲᠦᠮᠡᠨ ᠮᠦ ᠬᠢᠵᠦ᠂ ᠡᠯᠡᠰᠦᠷᠬᠡᠭᠵᠢᠰᠡᠨ᠂ ᠮᠠᠭᠤᠳᠠᠭᠰᠠᠨ᠂ ᠬᠤᠵᠢᠷᠰᠢᠭᠰᠠᠨ ᠪᠡᠯᠴᠢᠬᠡᠷ ᠢ 5000 ᠮᠦ ᠠᠴᠠ ᠲᠡᠭᠡᠭᠰᠢ ᠵᠠᠰᠠᠨ᠎ᠠ᠃ ᠠᠭᠤᠷᠬᠠᠢ ᠶᠢᠨ ᠠᠭᠤᠯᠠᠨ ᠎ ᠤ ᠭᠸᠣᠯᠣᠬᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠦᠷᠬᠦᠯᠵᠢᠯᠡᠨ ᠰᠠᠶᠢᠳᠣᠷ ᠠᠳᠬᠤᠵᠦ᠂ ᠪᠠᠶᠠᠨᠬᠤᠰᠢᠭᠤ ᠪᠠᠯᠭᠠᠰᠣᠨ ᠤ ᠣᠶᠢᠷ᠎ᠠ ᠬᠠᠪᠢ ᠪᠣᠯᠣᠨ ᠣᠯᠠᠭᠠᠢ ᠠᠴᠠ ᠷᠠᠰᠢᠶᠠᠨ ᠤ ᠵᠢᠭᠤᠯᠴᠢᠯᠠᠯ ᠤᠨ ᠱᠣᠭᠤᠮ ᠲᠠᠭᠠᠣ ᠬᠠᠷᠠᠭᠠᠨ ᠳᠤ ᠣᠷᠣᠬᠤ ᠣᠷᠣᠨ ᠤ ᠬᠠᠶᠠᠭᠳᠠᠮᠠᠯ ᠮᠠᠯᠳᠠᠭᠰᠠᠨ ᠨᠦᠬᠡ ᠶᠢᠨ ᠭᠸᠣᠯᠣᠬᠢ ᠶᠢᠨ ᠣᠷᠴᠢᠨ ᠤ ᠵᠠᠰᠠᠯᠳᠠ ᠶᠢᠨ ᠲᠦᠰᠦᠯ ᠢ ᠪᠣᠳᠠᠳᠠᠶᠢᠵᠢᠭᠤᠯᠣᠨ ᠬᠡᠷᠡᠭᠵᠢᠬᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠢ ᠪᠦᠷᠢᠳᠬᠡᠬᠦ ᠬᠢᠨᠠᠨ ᠬᠡᠮᠵᠢᠬᠦ ᠴᠢᠳᠠᠪᠣᠷᠢ ᠶᠢᠨ ᠪᠦᠳᠦᠬᠡᠨ ᠪᠠᠶᠢᠭᠤᠯᠣᠯᠳᠠ ᠶᠢ ᠲᠦᠷᠭᠡᠳᠬᠡᠵᠦ᠂ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠬᠠᠮᠢᠶᠠᠷᠣᠯᠳᠠ ᠶᠢᠨ ᠰᠣᠷᠠᠭ ᠵᠠᠩᠬᠢ ᠶᠢᠨ ᠰᠢᠰᠲ᠋ᠧᠮ ᠢ ᠵᠢᠯ ᠲᠣᠳᠣᠷ᠎ᠠ ᠪᠠᠶᠢᠭᠤᠯᠣᠨ ᠲᠠᠭᠤᠰᠴᠣ ᠠᠰᠢᠭᠯᠠᠯᠳᠠ ᠳᠤ ᠣᠷᠣᠭᠤᠯᠣᠨ᠎ᠠ᠃     ᠭᠤᠷᠪᠠ ᠳᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠦᠴᠦ ᠪᠠᠨ ᠶᠡᠬᠡᠳᠬᠡᠨ᠎ᠡ᠃ ᠠᠭᠠᠷ ᠮᠠᠨᠳᠠᠯ᠂ ᠣᠰᠣ᠂ ᠬᠦᠷᠦᠰᠣ ᠰᠢᠷᠣᠢ ᠶᠢᠨ ᠪᠣᠬᠢᠷᠳᠣᠯ ᠢ ᠶᠡᠷᠦᠩᠬᠡᠶᠢᠯᠡᠨ ᠰᠡᠷᠬᠡᠶᠢᠯᠡᠬᠦ ᠠᠵᠢᠯᠯᠠᠭ᠎ᠠ ᠶᠢ ᠬᠢᠨᠠᠮᠠᠭᠠᠢ ᠦᠷᠨᠢᠬᠦᠯᠵᠦ᠂ ᠠᠵᠦ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠠᠭᠤᠯᠵᠦ᠂ ᠰᠢᠯᠢ ᠶᠢᠨ ᠭᠤᠣᠯ ᠢᠯᠴᠢ ᠶᠢᠨ ᠬᠦᠴᠦᠨ ᠤ ᠺᠣᠮᠫᠠᠨᠢ ᠶᠢᠨ ᠠᠭᠠᠷ ᠮᠠᠨᠳᠠᠯ ᠤᠨ ᠪᠣᠬᠢᠷᠳᠣᠯ ᠢ ᠰᠡᠷᠬᠡᠶᠢᠯᠡᠨ ᠵᠠᠰᠠᠬᠤ ᠲᠦᠰᠦᠯ ᠪᠣᠯᠣᠨ ᠹᠦ᠋ ᠶᠠᠩ ᠢᠯᠴᠢ ᠶᠢᠨ ᠬᠦᠴᠦᠨ ᠤ ᠺᠣᠮᠫᠠᠨᠢ ᠶᠢᠨ ᠬᠦᠬᠦᠷ ᠢ ᠰᠠᠯᠭᠠᠵᠦ ᠲᠣᠭᠤᠰᠣ ᠶᠢ ᠠᠷᠢᠯᠭᠠᠬᠤ ᠲᠦᠬᠦᠬᠡᠷᠦᠮᠵᠢ ᠶᠢᠨ ᠮᠡᠷᠬᠡᠵᠢᠯ ᠤᠨ ᠦᠬᠡᠷᠡᠴᠢᠯᠡᠯᠳᠡ ᠶᠢ ᠲᠦᠯᠬᠢᠨ ᠬᠦᠳᠡᠯᠬᠡᠵᠦ᠂ ᠵᠢᠯ ᠲᠣᠳᠣᠷ᠎ᠠ ᠪᠠᠶᠠᠨᠬᠤᠰᠢᠭᠤ ᠪᠠᠯᠭᠠᠰᠣᠨ ᠤ ᠲᠣᠳᠣᠷᠠᠬᠢ 10 ᠲᠣᠨ ᠠᠭᠤᠷᠰᠢᠯᠳᠠ ᠠᠴᠠ ᠲᠣᠷᠣᠭᠰᠢ ᠶᠢᠨ ᠨᠡᠬᠦᠷᠡᠰᠦ ᠰᠢᠳᠠᠭᠠᠭᠴᠢ ᠪᠣᠴᠠᠯᠭᠠᠭᠴᠢ ᠎ ᠶᠢ ᠪᠦᠬᠦᠨ ᠢ ᠰᠢᠭᠰᠢᠵᠦ ᠬᠠᠶᠠᠨ᠎ᠠ᠃ ᠣᠣᠭᠤᠬᠤ ᠣᠰᠣᠨ ᠤ ᠣᠰᠣᠨ ᠰᠣᠷᠪᠣᠯᠵᠢ ᠶᠢᠨ ᠣᠷᠣᠨ ᠤ ᠬᠠᠮᠢᠶᠠᠷᠣᠯᠳᠠ ᠎ ᠶᠢ ᠴᠢᠩᠭᠠᠳᠬᠠᠵᠦ᠂ ᠣᠣᠭᠤᠬᠤ ᠣᠰᠣᠨ ᠤ ᠠᠮᠣᠷ ᠲᠦᠪᠰᠢᠨ ᠢ ᠪᠠᠳᠣᠯᠠᠨ᠎ᠠ᠃ ᠡᠯ᠎ᠡ ᠠᠵᠢᠯ ᠲᠦᠷᠦᠯ ᠤᠨ ᠬᠦᠷᠢᠶᠡᠨ ᠳᠠᠬᠢ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠳᠬᠠᠵᠦ᠂ ᠲᠦᠪ ᠤᠨ ᠣᠷᠴᠢᠨ ᠲᠣᠭᠤᠷᠢᠨ ᠤ ᠬᠠᠮᠠᠭᠠᠯᠠᠯᠳᠠ ᠶᠢ ᠱᠠᠭᠠᠷᠳᠠᠨ ᠪᠠᠶᠢᠴᠠᠭᠠᠬᠤ ᠪᠠᠭ ᠤᠨ ᠡᠬᠡᠬᠦᠯᠦᠭᠰᠡᠨ ᠰᠠᠨᠠᠯ ᠢᠶᠠᠷ ᠵᠠᠰᠠᠨ ᠬᠡᠷᠡᠭᠵᠢᠬᠦᠯᠬᠦ ᠎ ᠶᠢ ᠦᠨᠡᠨᠬᠦ ᠰᠠᠶᠢᠳᠣᠷ ᠠᠳᠬᠤᠵᠦ᠂ ᠬᠡᠰᠡᠭ ᠨᠠᠭᠤᠷ ᠨᠣᠶᠢᠳᠠᠨ ᠭᠠᠵᠠᠷ ᠤᠨ ᠬᠠᠮᠠᠭᠠᠯᠠᠯᠳᠠ ᠶᠢᠨ ᠣᠷᠣᠨ ᠤ ᠪᠦᠳᠦᠬᠡᠨ ᠪᠠᠶᠢᠭᠤᠯᠣᠯᠳᠠ ᠶᠢᠨ ᠬᠠᠮᠢᠶᠠᠷᠣᠯᠳᠠ ᠶᠢ ᠴᠢᠩᠭᠠᠳᠬᠠᠵᠦ᠂ ᠬᠠᠮᠠᠭᠠᠯᠠᠯᠳᠠ ᠶᠢᠨ ᠣᠷᠣᠨ ᠲᠣᠳᠣᠷ᠎ᠠ ᠨᠡᠬᠡᠬᠡᠵᠦ ᠪᠦᠳᠦᠬᠡᠨ ᠪᠠᠶᠢᠭᠤᠯᠣᠯᠳᠠ ᠬᠢᠬᠦ ᠶᠢ ᠴᠡᠭᠴᠡᠯᠡᠬᠦ ᠶᠢ ᠲᠦᠷᠬᠡᠳᠬᠡᠵᠦ᠂ ᠬᠠᠮᠠᠭᠠᠯᠠᠯᠳᠠ ᠶᠢᠨ ᠣᠷᠣᠨ ᠲᠣᠳᠣᠷᠠᠬᠢ ᠣᠭ ᠤᠨ ᠰᠠᠭᠤᠭᠠᠯᠢ ᠠᠷᠠᠳ ᠢ ᠰᠢᠯᠵᠢᠬᠦᠯᠬᠦ ᠲᠣᠭᠳᠠᠯᠴᠠᠭ᠎ᠠ ᠶᠢ ᠪᠠᠶᠢᠭᠤᠯᠵᠦ᠂ ᠪᠠᠶᠢᠭᠠᠯᠢ ᠶᠢᠨ ᠬᠠᠮᠭᠠᠯᠠᠯᠳᠠ ᠶᠢᠨ ᠣᠷᠣᠨ ᠤ ᠠᠮᠢ ᠠᠬᠤᠢ ᠶᠢᠨ ᠴᠢᠳᠠᠮᠵᠢ ᠶᠢ ᠭᠤᠣᠯᠳᠠᠯᠭ᠎ᠠ ᠲᠠᠢ ᠪᠠᠳᠠᠷᠠᠭᠤᠯᠣᠨ᠎ᠠ᠃       ︵ᠲᠦᠷᠪᠡ︶ ᠰᠢᠨ᠎ᠡ ᠮᠠᠶ᠋ᠢᠭ ᠤᠨ ᠬᠤᠳᠠᠴᠢᠯᠠᠯᠳᠠ ᠪᠣᠯᠣᠨ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠳᠦᠬᠡᠨ ᠪᠠᠶᠢᠭᠤᠯᠣᠯᠳᠠ ᠶᠢ ᠲᠦᠷᠭᠡᠳᠬᠡᠵᠦ᠂ ᠬᠤᠳᠠ ᠬᠦᠳᠡᠭᠡ ᠶᠢᠨ ᠨᠢᠬᠡᠳᠦᠯᠳᠡᠢ ᠬᠦᠭᠵᠢᠯᠳᠡ ᠶᠢ ᠴᠢᠷᠮᠠᠶᠢᠨ ᠠᠬᠢᠭᠤᠯᠣᠨ᠎ᠠ᠃ ᠬᠤᠳᠠ ᠪᠠᠷ ᠬᠦᠳᠡᠭᠡ ᠶᠢ ᠲᠠᠶᠢᠴᠢᠯᠠᠬᠤ᠂ ᠬᠤᠳᠠ ᠬᠦᠳᠡᠭᠡ ᠶᠢ ᠬᠠᠮᠳᠣ ᠪᠠᠷ ᠪᠠᠶᠢᠭᠤᠯᠬᠤ ᠶᠢ ᠪᠠᠷᠢᠮᠳᠠᠯᠠᠵᠦ᠂ ᠡᠯ᠎ᠡ ᠲᠦᠷᠦᠯ ᠤᠨ ᠬᠦᠴᠦᠨ ᠵᠦᠢᠯ ᠤᠨ ᠵᠣᠬᠢᠰᠳᠡᠢ ᠬᠤᠪᠢᠶᠠᠷᠯᠠᠯᠳᠠ ᠶᠢ ᠲᠦᠯᠬᠢᠨ ᠬᠦᠳᠡᠯᠬᠡᠵᠦ᠂ ᠬᠤᠳᠠ ᠬᠦᠳᠡᠭᠡ ᠶᠢᠨ ᠵᠣᠬᠢᠴᠠᠩᠭᠤᠢ ᠬᠦᠭᠵᠢᠯᠳᠡ ᠶᠢᠨ ᠰᠢᠨ᠎ᠡ ᠬᠡᠰᠡᠭᠯᠡᠯ ᠢ ᠪᠠᠶᠢᠭᠤᠯᠣᠨ᠎ᠠ᠃       ᠨᠢᠬᠡ ᠳᠤ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠪᠣᠯᠣᠨ ᠬᠠᠮᠢᠶᠠᠷᠣᠯᠳᠠ ᠶᠢᠨ ᠲᠦᠪᠰᠢᠨ ᠤ ᠲᠡᠭᠡᠭᠰᠢᠯᠡᠯᠳᠡ ᠶᠢ ᠲᠦᠷᠭᠡᠳᠬᠡᠨ᠎ᠡ᠃ ︽ᠠᠮᠢ ᠠᠬᠤᠢ᠂ ᠰᠡᠯᠡᠬᠦᠴᠡᠯ᠂ ᠰᠠᠭᠤᠷᠢᠰᠢᠯ᠂ ᠦᠵᠡᠰᠬᠦᠯᠡᠩ᠂ ᠣᠶᠣᠨᠯᠢᠭ︾ ᠪᠦᠬᠦ ᠣᠯᠣᠰ ᠤᠨ ᠣᠨᠴᠠᠯᠢᠭᠳᠣ ᠦᠵᠡᠮᠵᠢ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠨᠡᠷᠡᠳᠣ ᠪᠠᠯᠭᠠᠰᠣ ᠶᠢ ᠪᠠᠶᠢᠭᠤᠯᠬᠤ ᠲᠣᠭᠤᠷᠢᠨ ᠳᠤ᠂ ᠦᠨᠳᠦᠷ ᠡᠬᠢᠯᠡᠯᠳᠡ ᠶᠢᠨ ᠴᠡᠭ ᠲᠠᠢ ᠲᠦᠯᠦᠪᠯᠡᠭᠡ ᠬᠢᠵᠦ᠂ ᠦᠨᠳᠦᠷ ᠪᠠᠷᠢᠮᠵᠢᠶ᠎ᠠ ᠪᠠᠷ ᠪᠠᠶᠢᠭᠤᠯᠣᠨ᠂ ᠦᠨᠳᠦᠷ ᠡᠷᠴᠢᠮ ᠲᠠᠢ ᠣᠷᠣᠭᠤᠯᠣᠯᠳᠠ᠂ ᠦᠨᠳᠦᠷ ᠪᠦᠳᠦᠮᠵᠢᠳᠡᠢ ᠬᠠᠮᠢᠶᠠᠷᠣᠯᠳᠠ᠂ ᠦᠨᠳᠦᠷ ᠲᠦᠪᠰᠢᠨ ᠤ ᠡᠵᠡᠩᠨᠡᠯᠳᠡ ᠬᠢᠵᠦ᠂ ᠬᠤᠳᠠ ᠪᠠᠯᠭᠠᠰᠣᠨ ᠤ ᠶᠡᠷᠦᠩᠬᠡᠶᠢᠯᠡᠭᠰᠡᠨ ᠲᠠᠭᠠᠭᠠᠬᠤ ᠴᠢᠳᠠᠪᠣᠷᠢ ᠶᠢ ᠲᠡᠭᠡᠭᠰᠢᠯᠡᠬᠦᠯᠵᠦ᠂ ᠪᠦᠬᠦ ᠠᠶᠢᠮᠠᠭ ᠤᠨ ᠵᠣᠷᠢᠭ ᠰᠠᠨᠠᠭᠠᠨ ᠤ ᠪᠣᠯᠪᠠᠰᠣᠨ ᠤ ᠪᠦᠳᠦᠬᠡᠨ ᠪᠠᠶᠢᠭᠤᠯᠣᠯᠳᠠ ᠶᠢᠨ ᠲᠣᠷᠰᠢᠯᠭ᠎ᠠ ᠶᠢᠨ ᠰᠣᠯᠢᠯᠴᠠᠭᠠᠨ ᠤ ᠠᠬᠤᠢ ᠲᠠᠯᠠᠪᠠᠢ ᠶᠢᠨ ᠬᠤᠷᠠᠯ ᠤᠨ ᠰᠠᠭᠠᠳ ᠦᠬᠡᠢ ᠬᠤᠷᠠᠯᠳᠣᠬᠤ ᠶᠢ ᠣᠭᠳᠣᠨ᠎ᠠ᠃ ᠬᠤᠳᠠ ᠪᠠᠯᠭᠠᠰᠣᠨ ᠤ ᠬᠠᠮᠢᠶ᠎ᠠ ᠪᠦᠬᠦᠢ ᠲᠦᠯᠦᠪᠯᠡᠭᠡ ᠶᠢᠨ ᠲᠡᠬᠦᠯᠳᠡᠷᠵᠢᠬᠦ ᠶᠢ ᠲᠦᠷᠬᠡᠳᠬᠡᠨ᠎ᠡ᠃ ᠪᠠᠶᠠᠨᠬᠤᠰᠢᠭᠤ ᠪᠠᠯᠭᠠᠰᠣᠨ ᠤ ᠶᠡᠷᠦᠩᠬᠡᠢ ᠴᠣᠭᠴᠠ ᠶᠢᠨ ᠲᠦᠯᠦᠪᠯᠡᠭᠡ ᠵᠢᠴᠢ ᠡᠵᠡᠮᠳᠡᠯ ᠤᠨ ᠴᠢᠨᠠᠷ ᠲᠠᠢ ᠨᠠᠷᠢᠯᠢᠭ ᠲᠦᠯᠦᠪᠯᠡᠭᠡ ᠶᠢᠨ ᠪᠦᠳᠦᠭᠦᠪᠴᠢ ᠲᠣᠣᠷ᠎ᠠ᠂ ᠪᠠᠶᠠᠨ ᠨᠠᠭᠤᠷ ᠤᠨ ᠬᠤᠳᠠ ᠲᠣᠭᠤᠷᠢᠭᠰᠠᠨ ᠣᠰᠣᠨ ᠰᠢᠰᠲ᠋ᠧᠮ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ᠂ ᠬᠤᠳᠠ ᠪᠠᠯᠭᠠᠰᠣᠨ ᠤ ᠣᠷᠣᠵᠦ ᠭᠠᠷᠬᠤ ᠵᠠᠮ᠂ ᠰᠦᠨᠢ ᠶᠢᠨ ᠦᠵᠡᠮᠵᠢ᠂ ᠢᠯᠴᠢ ᠬᠠᠩᠭᠠᠬᠤ᠂ ᠬᠤᠳᠠ ᠶᠢᠨ ᠲᠦᠯᠦᠪᠯᠡᠭᠡ ᠵᠡᠷᠬᠡ ᠲᠣᠰᠬᠠᠢ ᠲᠦᠰᠦᠯ ᠤᠨ ᠲᠦᠯᠦᠪᠯᠡᠭᠡ ᠶᠢ ᠲᠡᠬᠦᠯᠳᠡᠷᠵᠢᠬᠦᠯᠬᠦ ᠶᠢ ᠲᠦᠷᠭᠡᠳᠬᠡᠵᠦ᠂ 3 ᠰᠠᠷ᠎ᠠ ᠶᠢᠨ ᠰᠡᠬᠦᠯᠴᠢ ᠪᠠᠷ ᠦᠷ᠎ᠡ ᠪᠦᠳᠦᠬᠡᠯ ᠢᠶᠠᠨ ᠲᠣᠰᠢᠶᠠᠬᠤ ᠬᠡᠷᠡᠭᠳᠡᠢ ᠃ ᠪᠦᠬᠦ ᠬᠦᠴᠦᠨ ᠢᠶᠠᠷ ᠨᠡᠬᠡᠬᠡᠵᠦ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠪᠣᠳᠠᠳᠣ ᠬᠦᠴᠦᠨ ᠲᠠᠢ ᠬᠤᠳᠠᠯᠳᠣᠨ ᠠᠪᠬᠤ ᠡᠳᠡᠭᠡᠳ ᠯᠤᠭ᠎ᠠ ᠬᠤᠷᠰᠢᠬᠤ ᠶᠢ ᠴᠢᠩᠭᠠᠳᠬᠠᠵᠦ᠂ ᠵᠢᠯ ᠤᠨ ᠲᠣᠳᠣᠷ᠎ᠠ PPP ᠲᠦᠰᠦᠯ ᠢᠶᠠᠷ ᠲᠠᠮᠵᠢᠵᠦ 4.3 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠬᠤ ᠪᠠᠷ ᠲᠡᠮᠡᠴᠡᠵᠦ᠂ ᠨᠢᠬᠡ ᠪᠦᠯᠦᠭ ᠨᠣᠭᠤᠭᠠᠷᠠᠭᠤᠯᠬᠤ᠂ ᠬᠠᠳᠠᠭᠤᠷᠠᠭᠤᠯᠬᠤ᠂ ᠭᠤᠶᠣᠵᠢᠭᠤᠯᠬᠤ᠂ ᠬᠡᠷᠡᠯᠳᠦᠬᠦᠯᠬᠦ᠂ ᠴᠡᠪᠡᠷᠰᠢᠬᠦᠯᠬᠦ ᠢᠨᠵᠧᠨ᠋ᠷᠢᠩ ᠢ ᠭᠤᠣᠯᠳᠠᠯᠭ᠎ᠠ ᠲᠠᠢ ᠬᠡᠷᠡᠭᠵᠢᠬᠦᠯᠵᠦ᠂ 12.2 ᠲᠦᠮᠡᠨ ᠲᠡᠭᠰᠢ ᠲᠦᠷᠪᠡᠯᠵᠢᠨ ᠮᠧᠲᠷ ᠵᠡᠮ ᠱᠣᠭᠤᠮ ᠢ ᠦᠬᠡᠷᠡᠴᠢᠯᠡᠨ ᠪᠠᠶᠢᠭᠤᠯᠵᠦ᠂ 34.6 ᠲᠦᠮᠡᠨ ᠲᠡᠭᠰᠢ ᠲᠦᠷᠪᠡᠯᠵᠢᠨ ᠮᠧᠲᠷ ᠶᠠᠪᠠᠭᠠᠨ ᠤ ᠵᠠᠮ ᠵᠢᠴᠢ ᠲᠠᠯᠠᠪᠣᠷ ᠢ ᠬᠠᠳᠠᠭᠤᠷᠠᠭᠤᠯᠵᠦ ᠂ 20 ᠲᠦᠮᠡᠨ ᠲᠡᠭᠰᠢ ᠲᠦᠷᠪᠡᠯᠵᠢᠨ ᠮᠧᠲᠷ ᠣᠶᠢᠵᠢᠭᠤᠯᠵᠦ᠂ 2.4 ᠺᠢᠯᠦᠮᠧᠲᠷ ᠪᠣᠵᠠᠷ ᠣᠰᠣᠨ ᠤ ᠬᠤᠭᠤᠯᠠᠢ ᠲᠣᠣᠷ ᠢ ᠰᠢᠨ᠎ᠡ ᠪᠠᠷ ᠪᠠᠶᠢᠭᠤᠯᠵᠦ᠂ 4.8 ᠺᠢᠯᠦᠮᠧᠲᠷ ᠪᠣᠷᠣᠭᠠᠨ ᠤ ᠣᠰᠣᠨ ᠬᠤᠭᠤᠯᠠᠢ ᠶᠢ ᠰᠢᠨ᠎ᠡ ᠪᠠᠷ ᠪᠠᠶᠢᠭᠤᠯᠣᠨ᠎ᠠ᠃ ᠪᠠᠶᠠᠨ ᠨᠠᠭᠤᠷ ᠤᠨ ᠬᠤᠳᠠ ᠲᠣᠭᠤᠷᠢᠭᠰᠠᠨ ᠣᠰᠣᠨ ᠰᠢᠰᠲ᠋ᠧᠮ ᠤᠨ ᠬᠤᠶᠠᠳᠣᠭᠠᠷ ᠬᠤᠭᠤᠴᠠᠭᠠᠨ ᠎ ᠤ ᠢᠨᠵᠧᠨᠧᠷᠢᠩ ᠢ ᠡᠬᠢᠯᠡᠬᠦᠯᠵᠦ᠂ ᠲᠦᠬᠡᠬᠡᠯ ᠣᠰᠣᠨ ᠤ ᠬᠤᠭᠤᠯᠠᠢ ᠲᠣᠣᠷ ᠤᠨ ᠪᠦᠳᠦᠬᠡᠨ ᠪᠠᠶᠢᠭᠤᠯᠣᠯᠳᠠ᠂ ᠪᠠᠶᠠᠨᠬᠤᠰᠢᠭᠤ ᠪᠠᠯᠭᠠᠰᠣᠨ ᠤ ᠣᠷᠣᠵᠦ ᠭᠠᠷᠬᠤ ᠵᠠᠮ ᠤᠨ ᠴᠡᠭᠴᠡᠯᠡᠯᠳᠡ᠂ ᠭᠤᠣᠯᠳᠠᠯᠭ᠎ᠠ ᠲᠠᠢ ᠵᠠᠮ ᠬᠡᠰᠡᠭ ᠤᠨ ᠰᠦᠨᠢ ᠶᠢᠨ ᠦᠵᠡᠮᠵᠢ ᠶᠢ ᠬᠡᠷᠡᠯᠳᠦᠬᠦᠯᠬᠦ᠂ ᠵᠠᠮ ᠤᠨ ᠳ᠋ᠧᠩ ᠢ ᠦᠬᠡᠷᠡᠴᠢᠯᠡᠬᠦ ᠵᠡᠷᠬᠡ ᠢᠨᠵᠧᠨᠧᠷᠢᠩ ᠢ ᠬᠡᠷᠡᠭᠵᠢᠬᠦᠯᠵᠦ ᠂ ᠪᠠᠶᠠᠨᠬᠤᠰᠢᠭᠤ ᠪᠠᠯᠭᠠᠰᠣᠨ ᠤ ᠣᠨᠴᠠᠯᠢᠭᠳᠣ ᠦᠵᠡᠮᠵᠢ ᠶᠢᠨ ᠵᠢᠭᠤᠯᠴᠢᠯᠠᠯ ᠤᠨ ᠨᠡᠷᠡᠳᠣ ᠪᠠᠯᠭᠠᠰᠣ ᠶᠢᠨ ᠪᠦᠳᠦᠬᠡᠨ ᠪᠠᠶᠢᠭᠤᠯᠣᠯᠳᠠ ᠶᠢ ᠲᠦᠷᠬᠡᠳᠬᠡᠨ᠎ᠡ᠃ ᠪᠠᠶᠠᠨᠬᠤᠰᠢᠭᠤ ᠪᠠᠯᠭᠠᠰᠣᠨ ᠤ ᠪᠧᠢ ᠶᠠ ᠢᠯᠴᠢ ᠴᠠᠬᠢᠯᠭᠠᠨ ᠢ ᠬᠤᠯᠪᠣᠨ ᠦᠢᠯᠡᠳᠪᠦᠷᠢᠯᠡᠬᠦ ᠲᠦᠰᠦᠯ ᠤᠨ ᠡᠮᠦᠨ᠎ᠡ ᠬᠤᠭᠤᠴᠠᠭᠠᠨ ᠤ ᠠᠵᠢᠯ ᠢ ᠢᠳᠡᠪᠬᠢᠳᠡᠢ ᠦᠷᠨᠢᠬᠦᠯᠵᠦ᠂ ᠠᠯᠢ ᠡᠷᠳᠡ ᠵᠦᠪᠰᠢᠶᠡᠷᠡᠬᠦᠯᠵᠦ ᠠᠵᠢᠯ ᠡᠬᠢᠯᠡᠬᠦᠯᠦᠨ ᠪᠠᠶᠢᠭᠤᠯᠬᠤ ᠪᠠᠷ ᠲᠡᠮᠡᠴᠡᠵᠦ᠂ ᠬᠤᠳᠠ ᠪᠠᠯᠭᠠᠰᠣᠨ ᠤ ᠢᠯᠴᠢ ᠬᠠᠩᠭᠠᠬᠤ ᠠᠮᠣᠷ ᠲᠦᠪᠰᠢᠨ ᠪᠣᠯᠣᠨ ᠢᠯᠴᠢ ᠬᠠᠩᠭᠠᠬᠤ ᠴᠢᠨᠠᠷ ᠢ ᠲᠡᠭᠡᠭᠰᠢᠯᠡᠬᠦᠯᠦᠨ᠎ᠡ᠃ ᠨᠠᠷᠢᠯᠢᠭ ᠬᠠᠮᠢᠶᠠᠷᠣᠯᠳᠠ ᠶᠢ ᠴᠢᠩᠭᠠᠳᠬᠠᠨ᠎ᠠ᠃ ︽ᠬᠤᠳᠠ ᠬᠦᠳᠡᠭᠡ ᠶᠢᠨ ᠬᠠᠮᠢᠶᠠᠷᠣᠯᠳᠠ ᠶᠢ ᠵᠡᠷᠬᠡ ᠲᠠᠪᠰᠢᠬᠦᠯᠬᠦ ᠠᠵᠢᠯᠯᠠᠭ᠎ᠠ︾᠎ ᠶᠢ ᠰᠠᠭᠤᠷᠢ ᠎ ᠲᠠᠢ ᠦᠷᠨᠢᠬᠦᠯᠵᠦ᠂ ᠣᠶᠣᠨᠯᠢᠭ ᠬᠤᠳᠠ ᠶᠢᠨ ᠬᠠᠮᠢᠶᠠᠷᠣᠯᠳᠠ ᠶᠢᠨ ᠲᠣᠭᠠᠵᠢᠭᠤᠯᠬᠤ ᠲᠠᠪᠴᠠᠩ ᠤᠨ ᠪᠦᠳᠦᠬᠡᠨ ᠪᠠᠶᠢᠭᠤᠯᠣᠯᠳᠠ ᠶᠢ ᠡᠬᠢᠯᠡᠬᠦᠯᠵᠦ᠂ ᠬᠤᠳᠠ ᠶᠢᠨ ᠲᠦᠷᠢ ᠲᠦᠷᠰᠦ᠂ ᠬᠤᠳᠠ ᠶᠢᠨ ᠵᠠᠰᠠᠭ ᠤᠨ ᠪᠠᠶᠢᠭᠤᠯᠣᠮᠵᠢ ᠵᠡᠷᠭᠡ ᠬᠤᠳᠠ ᠶᠢᠨ ᠬᠠᠮᠢᠶᠠᠷᠣᠯᠳᠠ ᠶᠢᠨ ᠰᠡᠯᠪᠢᠭ᠂ ᠬᠡᠷᠡᠭ ᠣᠴᠢᠷ ᠢ ᠲᠣᠭᠠᠵᠢᠭᠤᠯᠬᠤ᠂ ᠲᠣᠣᠷᠵᠢᠭᠤᠯᠣᠨ ᠬᠡᠰᠡᠭᠵᠢᠬᠦᠯᠬᠦ ᠪᠣᠯᠣᠨ ᠣᠷᠣᠨ ᠵᠠᠢ ᠶᠢ ᠲᠣᠳᠣᠷᠠᠭᠤᠯᠣᠨ ᠬᠠᠮᠢᠶᠠᠷᠴᠣ᠂ ᠬᠠᠮᠢᠶᠠᠷᠣᠯᠳᠠ ᠶᠢᠨ ᠲᠦᠪᠰᠢᠨ ᠢᠶᠠᠨ ᠣᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ ᠬᠤᠳᠠ ᠬᠦᠳᠡᠭᠡ ᠶᠢᠨ ᠬᠠᠮᠢᠶᠠᠷᠣᠯᠳᠠ ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠦᠯᠳᠡ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠬᠦ ᠬᠦᠴᠦ᠂ ᠬᠠᠭᠤᠴᠢᠨ ᠰᠠᠭᠤᠭᠠᠯᠢ ᠲᠣᠭᠤᠷᠢᠭ ᠢ ᠬᠤᠪᠢᠷᠠᠭᠤᠯᠬᠤ ᠢᠨᠵᠧᠨᠧᠷᠢᠩ ᠢ ᠡᠬᠢᠯᠡᠬᠦᠯᠵᠦ᠂ ᠡᠳᠡᠯᠡᠩ ᠤᠨ ᠬᠠᠮᠢᠶᠠᠷᠣᠯᠳᠠ ᠶᠢ ᠴᠢᠩᠭᠠᠳᠬᠠᠵᠦ᠂ ᠬᠤᠳᠠ ᠰᠠᠭᠤᠭᠠᠯᠢ ᠶᠢᠨ ᠣᠷᠴᠢᠨ ᠲᠣᠭᠤᠷᠢᠨ ᠢ ᠣᠯᠠᠮ ᠨᠢᠬᠡ ᠠᠯᠬᠤᠮ ᠰᠢᠯᠢᠳᠡᠭᠵᠢᠬᠦᠯᠦᠨ᠎ᠡ᠃       ᠬᠤᠶᠠᠷ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠳᠦᠬᠡᠨ ᠪᠠᠶᠢᠭᠤᠯᠣᠯᠳᠠ ᠶᠢ ᠲᠦᠷᠭᠡᠳᠬᠡᠨ᠎ᠡ᠃ ︽ᠦᠢᠯᠡᠳᠪᠦᠷᠢᠯᠡᠯ ᠬᠦᠭᠵᠢᠬᠦᠨ᠂ ᠠᠮᠢᠳᠣᠷᠠᠯ ᠴᠢᠨᠠᠭᠡᠯᠢᠭ᠂ ᠠᠶᠢᠯ ᠤᠨ ᠰᠣᠷᠳᠠᠯ ᠪᠣᠯᠪᠠᠰᠣᠨ᠂ ᠲᠣᠰᠬᠤᠨ ᠤ ᠲᠦᠷᠰᠣ ᠴᠡᠪᠡᠷ ᠲᠡᠭᠰᠢ᠂ ᠬᠠᠮᠢᠶᠠᠷᠣᠯᠳᠠ ᠠᠷᠠᠳᠴᠢᠯᠠᠯ︾ ᠰᠢᠨ᠎ᠡ ᠬᠦᠳᠡᠭᠡ ᠲᠣᠰᠬᠤᠨ ᠤ ᠪᠠᠶᠢᠭᠤᠯᠣᠯᠳᠠ ᠶᠢᠨ ᠴᠢᠭᠯᠡᠯ ᠢᠶᠠᠷ ᠰᠢᠨ᠎ᠡ ᠬᠦᠳᠡᠭᠡ ᠲᠣᠰᠬᠤᠨ ᠰᠢᠨ᠎ᠡ ᠮᠠᠯᠵᠢᠬᠤ ᠣᠷᠣᠨ ᠤ ᠪᠦᠳᠦᠬᠡᠨ ᠪᠠᠶᠢᠭᠤᠯᠣᠯᠳᠠ ᠶᠢᠨ ᠲᠦᠯᠦᠪᠯᠡᠭᠡ ᠶᠢ ᠲᠡᠬᠦᠯᠳᠡᠷᠵᠢᠬᠦᠯᠵᠦ᠂ ᠲᠣᠰᠬᠤᠨ ᠪᠣᠯᠣᠨ ᠠᠵᠦ ᠦᠢᠯᠡᠰ ᠤᠨ ᠪᠠᠶᠢᠷᠢᠰᠢᠯᠳᠡ ᠎ ᠶᠢ ᠰᠢᠯᠢᠳᠡᠭᠵᠢᠬᠦᠯᠦᠨ᠎ᠡ᠃ ᠦᠵᠡᠰᠬᠦᠯᠡᠩᠳᠣ ᠬᠦᠳᠡᠭᠡ ᠲᠣᠰᠬᠤᠨ ᠤ ᠪᠦᠳᠦᠬᠡᠨ ᠪᠠᠶᠢᠭᠤᠯᠣᠯᠳᠠ ᠶᠢ ᠶᠡᠭᠡ ᠪᠠᠷ ᠦᠷᠨᠢᠬᠦᠯᠵᠦ᠂ ᠨᠣᠭᠤᠭᠠᠷᠠᠭᠤᠯᠬᠤ᠂ ᠬᠠᠳᠠᠭᠤᠷᠠᠭᠤᠯᠬᠤ᠂ ᠭᠤᠶᠣᠵᠢᠭᠤᠯᠬᠤ᠂ ᠬᠡᠷᠡᠯᠳᠦᠬᠦᠯᠬᠦ᠂ ᠴᠡᠪᠡᠷᠰᠢᠬᠦᠯᠬᠦ ᠢᠨᠵᠧᠨ᠋ᠷᠢᠩ ᠢ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷ᠂ ᠣᠰᠣ᠂ ᠵᠠᠮ᠂ ᠴᠠᠬᠢᠯᠭᠠᠨ᠂ ᠰᠦᠯᠵᠢᠶ᠎ᠡ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠵᠡᠷᠬᠡ ᠪᠠᠶᠢᠭᠤᠯᠣᠮᠵᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠦ ᠵᠡᠷᠬᠡ ᠲᠡᠪᠰᠢᠬᠦᠯᠦᠨ᠎ᠡ᠃ ᠮᠠᠯᠴᠢᠨ ᠲᠠᠷᠢᠶᠠᠴᠢᠨ ᠤ ᠣᠳᠣ ᠪᠠᠶᠢᠭ᠎ᠠ ᠬᠦᠷᠦᠩᠭᠡ ᠶᠢ ᠪᠦᠳᠦᠮᠵᠢᠳᠡᠢ ᠨᠢᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠪᠠᠶᠠᠵᠢᠯ ᠢ ᠲᠠᠭᠠᠭᠤᠯᠣᠭᠴᠢ ᠶᠢ ᠬᠦᠮᠦᠵᠢᠬᠦᠯᠵᠦ᠂ ᠮᠠᠯᠴᠢᠨ ᠲᠠᠷᠢᠶᠠᠴᠢᠨ ᠢ ᠣᠳᠣᠷᠢᠳᠣᠨ ᠬᠤᠷᠰᠢᠶᠠᠵᠢᠯ ᠡᠵᠡᠩᠨᠡᠯᠳᠡ ᠪᠠᠷ ᠵᠠᠮᠨᠠᠭᠤᠯᠵᠦ᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠢ︶᠎ ᠤ ᠨᠡᠶᠢᠳᠡ ᠶᠢᠨ ᠠᠵᠦ ᠠᠬᠤᠢ ᠶᠢ ᠬᠦᠭᠵᠢᠬᠦᠯᠦᠨ ᠬᠦᠴᠦᠷᠬᠡᠭᠵᠢᠬᠦᠯᠦᠨ᠎ᠡ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠰᠡᠬᠦᠯᠴᠢ ᠶᠢᠨ ᠬᠤᠭᠤᠴᠠᠭᠠᠨ ᠤ ᠬᠠᠮᠢᠶᠠᠷᠣᠯᠳᠠ ᠲᠣᠳᠣᠮᠳᠠᠯ ᠪᠣᠯᠣᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠢᠶᠠᠷᠬᠤ ᠲᠦᠷᠢᠮ ᠢ ᠴᠢᠩᠭ᠎ᠠ ᠬᠡᠷᠡᠭᠵᠢᠬᠦᠯᠵᠦ ᠣᠷᠳᠣ ᠬᠤᠭᠤᠴᠠᠭᠠᠳᠣ ᠬᠠᠮᠢᠶᠠᠷᠣᠯᠳᠠ ᠲᠣᠳᠣᠮᠳᠠᠯ ᠤᠨ ᠲᠣᠭᠳᠠᠯᠴᠠᠭ᠎ᠠ ᠶᠢ ᠪᠠᠶᠢᠭᠤᠯᠣᠨ ᠡᠷᠡᠬᠦᠯᠵᠢᠬᠦᠯᠵᠦ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢᠨ ᠪᠦᠳᠦᠬᠡᠯ ᠢ ᠦᠨᠡᠨᠬᠦ ᠪᠠᠬᠢᠵᠢᠬᠦᠯᠦᠨ᠎ᠡ᠃ ᠲᠣᠰᠬᠤᠨ ᠳᠤ ᠨᠡᠪᠳᠡᠷᠡᠬᠦ ᠵᠠᠰᠠᠮᠠᠯ ᠤᠨ ᠲᠣᠣᠷ ᠢ ᠲᠡᠬᠦᠯᠳᠡᠷᠵᠢᠬᠦᠯᠵᠦ᠂ S303 — ᠣᠯᠠᠭᠠᠨ ᠬᠠᠳᠠ᠂ ᠦᠨᠳᠦᠷ ᠣᠪᠣᠭ᠎ᠠ — ᠱᠧᠪᠡᠷᠳᠣ᠂ Y258 — ᠱᠧᠪᠡᠷᠳᠣ ᠬᠦᠷᠬᠦ ᠵᠠᠰᠠᠮᠠᠯ ᠵᠠᠮ ᠤᠨ ᠲᠦᠰᠦᠯ ᠢ ᠵᠢᠯ ᠲᠣᠳᠣᠷ᠎ᠠ ᠵᠠᠰᠠᠵᠦ ᠲᠡᠷᠭᠡ ᠨᠡᠪᠳᠡᠷᠡᠬᠦᠯᠦᠨ᠎ᠡ᠃ ᠣᠣᠭᠤᠬᠤ ᠣᠰᠣᠨ ᠤ ᠠᠮᠣᠷ ᠲᠦᠪᠰᠢᠨ ᠵᠡᠷᠬᠡ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ 35 ᠬᠤᠳᠳᠤᠭ ᠴᠣᠬᠢᠨ᠎ᠠ᠃     ︵ᠲᠠᠪᠤ︶ ᠨᠡᠶᠢᠳᠡ ᠶᠢᠨ ᠦᠢᠯᠡᠴᠢᠯᠡᠭᠡ ᠪᠣᠯᠣᠨ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠲᠦᠪᠰᠢᠨ ᠤ ᠲᠡᠭᠡᠭᠰᠢᠯᠡᠬᠦᠯᠦᠯᠳᠡ ᠶᠢ ᠲᠦᠷᠬᠡᠳᠬᠡᠵᠦ᠂ ᠦᠷᠬᠡᠨ ᠣᠯᠠᠨ ᠲᠦᠮᠡᠨ ᠢ ᠬᠠᠮᠳᠣ ᠶᠢᠨ ᠪᠦᠳᠦᠬᠡᠨ ᠪᠠᠶᠢᠭᠤᠯᠣᠯᠳᠠ ᠬᠠᠮᠳᠣ ᠶᠢᠨ ᠡᠳ᠋ᠯᠡᠯ ᠲᠣᠮᠳᠠ ᠨᠡᠩ ᠣᠯᠠᠨ ᠣᠯᠣᠯᠳᠠ ᠶᠢᠨ ᠲᠦᠷᠦᠭᠳᠡᠯ ᠲᠠᠢ ᠪᠣᠯᠭᠠᠨ᠎ᠠ᠃ ᠠᠷᠠᠳ ᠤᠨ ᠠᠮᠢᠳᠣᠷᠠᠯ ᠎ ᠢ ᠣᠷᠢᠳᠡᠪᠡᠷ ᠪᠣᠳᠣᠯᠬᠢᠯᠠᠬᠤ ᠣᠶᠢᠯᠠᠭᠠᠯᠳᠠ ᠶᠢ ᠪᠣᠢ ᠪᠣᠯᠭᠠᠵᠦ᠂ ᠦᠨᠳᠦᠰᠦᠨ ᠱᠠᠭᠠᠷᠳᠠᠯᠭ᠎ᠠ ᠶᠢ ᠪᠠᠷᠢᠮᠳᠠᠯᠠᠬᠤ᠂ ᠭᠤᠣᠯᠳᠠᠯᠭ᠎ᠠ ᠶᠢ ᠲᠣᠪᠣᠶᠢᠯᠭᠠᠬᠤ᠂ ᠲᠦᠷᠢᠮ ᠢ ᠲᠡᠬᠦᠯᠳᠡᠷᠵᠢᠬᠦᠯᠬᠦ᠂ ᠣᠷᠢᠳᠴᠢᠯᠠᠭᠰᠠᠨ ᠰᠡᠳᠬᠢᠮᠵᠢ ᠶᠢ ᠣᠳᠣᠷᠢᠳᠣᠨ ᠂ ᠠᠷᠠᠳ ᠤᠨ ᠠᠮᠢᠳᠣᠷᠠᠯ ᠤᠨ ᠦᠨᠳᠦᠰᠣᠨ ᠱᠠᠭᠠᠷᠳᠠᠯᠭ᠎ᠠ ᠶᠢ ᠪᠠᠷᠢᠮᠳᠠᠯᠠᠨ᠂ ᠠᠷᠠᠳ ᠤᠨ ᠠᠮᠢᠳᠣᠷᠠᠯ ᠤᠨ ᠠᠮᠣᠷ ᠲᠦᠪᠰᠢᠨ ᠲᠣᠣᠷ ᠢ ᠪᠡᠳᠣ ᠪᠠᠬᠢ ᠰᠦᠯᠵᠢᠵᠦ᠂ ᠣᠯᠠᠨ ᠲᠦᠮᠡᠨ ᠳᠤ ᠦᠬᠡᠷᠡᠴᠢᠯᠡᠯᠳᠡ ᠨᠡᠬᠡᠬᠡᠯᠳᠡ ᠶᠢᠨ ᠦᠷ᠎ᠡ ᠪᠦᠳᠦᠬᠡᠯ ᠢ ᠨᠡᠩ ᠰᠠᠶᠢᠨ ᠡᠳ᠋ᠯᠡᠬᠦᠯᠦᠨ᠎ᠡ᠃      ᠨᠢᠬᠡ ᠳᠤ ᠶᠡᠳᠠᠭᠤ ᠶᠢ ᠲᠡᠳᠬᠦᠬᠦ ᠶᠢᠨ ᠠᠮᠵᠢᠯᠳᠠ ᠪᠦᠳᠦᠬᠡᠯ ᠢ ᠪᠠᠬᠢᠵᠢᠬᠦᠯᠦᠨ ᠲᠡᠭᠡᠭᠰᠢᠯᠡᠬᠦᠯᠦᠨ᠎ᠡ᠃ ᠶᠠᠳᠠᠭᠤ ᠡᠷᠦᠬᠡ ᠶᠢ ᠢᠯᠭᠠᠨ ᠲᠣᠭᠳᠠᠭᠠᠬᠤ ᠪᠣᠯᠣᠨ ᠶᠠᠳᠠᠭᠤ ᠡᠷᠦᠬᠡ ᠠᠴᠠ ᠮᠣᠯᠳᠣᠷᠠᠬᠤ ᠶᠢ ᠬᠠᠮᠢᠶᠠᠷᠬᠤ ᠠᠷᠭ᠎ᠠ ᠶᠢ ᠲᠣᠭᠳᠠᠭᠠᠨ ᠬᠡᠷᠡᠭᠵᠢᠬᠦᠯᠵᠦ᠂ ᠪᠠᠷᠢᠮᠵᠢᠶ᠎ᠠ ᠪᠣᠯᠣᠨ ᠶᠠᠪᠣᠴᠠ ᠶᠢ ᠲᠣᠳᠣᠳᠬᠠᠵᠦ᠂ ᠣᠨᠣᠪᠴᠢᠳᠠᠢ ᠢᠯᠭᠠᠨ᠂ ᠣᠨᠣᠪᠴᠢᠳᠠᠢ ᠬᠠᠪᠰᠣᠷᠴᠣ᠂ ᠣᠨᠣᠪᠴᠢᠳᠠᠢ ᠮᠣᠯᠳᠣᠷᠠᠬᠤ᠂ ᠬᠤᠪᠢᠷᠠᠯ ᠪᠠᠶᠢᠳᠠᠯ ᠢ ᠬᠠᠮᠢᠶᠠᠷᠴᠣ᠂ ᠬᠠᠪᠰᠣᠷᠬᠤ ᠴᠢᠬᠤᠯᠠ ᠲᠠᠢ ᠶᠢ ᠡᠷᠬᠡᠪᠡᠰᠢ ᠬᠠᠪᠰᠣᠷᠣᠭᠰᠠᠨ ᠪᠠᠶᠢᠬᠤ ᠶᠢ ᠪᠠᠳᠣᠯᠠᠵᠦ᠂ ᠠᠯᠬᠤᠮ ᠲᠠᠷᠠᠭ᠎ᠠ ᠲᠠᠢ ᠣᠬᠤᠷᠢᠨ ᠭᠠᠷᠣᠨ᠎ᠠ᠃ ᠠᠵᠦ ᠦᠢᠯᠡᠰ ᠤᠨ ᠶᠠᠳᠠᠭᠤ ᠶᠢ ᠲᠡᠳᠬᠦᠬᠦ ᠶᠢ ᠣᠨᠴᠣᠭᠤᠶᠢᠯᠠᠨ ᠰᠠᠶᠢᠳᠣᠷ ᠠᠳᠬᠤᠵᠦ᠂ ᠶᠡᠳᠠᠭᠤ ᠶᠢ ᠲᠡᠳᠬᠦᠬᠦ ᠲᠣᠰᠬᠠᠢ ᠲᠦᠰᠦᠯ ᠤᠨ ᠪᠡᠯᠡ ᠮᠦᠩᠬᠦ ᠶᠢᠨ ᠲᠦᠰᠦᠯ ᠢ ᠵᠣᠬᠢᠶᠠᠨ ᠪᠠᠶᠢᠭᠤᠯᠵᠦ ᠰᠠᠶᠢᠳᠣᠷ ᠬᠡᠷᠡᠭᠵᠢᠬᠦᠯᠦᠨ ᠂ ᠲᠦᠰᠦᠯ ᠤᠨ ᠲᠣᠬᠢᠷᠠᠭᠤᠯᠣᠯᠳᠠ ᠶᠢᠨ ᠣᠨᠣᠪᠴᠢᠳᠠᠢ ᠪᠠᠶᠢᠬᠤ᠂ ᠪᠡᠯᠡ ᠮᠦᠩᠬᠦ ᠶᠢᠨ ᠠᠰᠢᠭᠯᠠᠯᠳᠠ ᠣᠨᠣᠪᠴᠢᠳᠠᠢ᠂ ᠠᠷᠭ᠎ᠠ ᠬᠡᠮᠵᠢᠶ᠎ᠡ ᠡᠷᠦᠬᠡ ᠳᠤ ᠣᠷᠣᠭᠰᠠᠨ ᠣᠨᠣᠪᠴᠢᠳᠠᠢ ᠪᠠᠶᠢᠵᠦ᠂ ᠦᠢᠯᠡᠳᠪᠦᠷᠢᠯᠡᠯ ᠤᠨ ᠨᠦᠬᠦᠴᠡᠯ ᠢ ᠰᠠᠶᠢᠵᠢᠷᠠᠭᠤᠯᠣᠨ᠂ ᠲᠣᠳᠣᠭᠠᠳᠣ ᠲᠦᠷᠦᠯᠳᠡ ᠶᠢᠨ ᠬᠦᠳᠡᠯᠬᠡᠬᠦ ᠬᠦᠴᠦᠨ ᠢ ᠲᠡᠭᠡᠭᠰᠢᠯᠡᠬᠦᠯᠵᠦ᠂ ᠶᠠᠳᠠᠭᠤ ᠡᠷᠦᠬᠡ ᠶᠢ ᠣᠳᠣᠷᠢᠳᠣᠨ ᠲᠡᠮᠵᠢᠵᠦ ᠶᠡᠳᠡᠭᠤ ᠠᠴᠠ ᠠᠩᠬᠢᠵᠢᠷᠠᠭᠤᠯᠣᠨ ᠴᠢᠨᠡᠬᠡᠯᠢᠭᠵᠢᠬᠦᠯᠦᠨ᠎ᠡ᠃ ᠰᠠᠯᠠᠭ᠎ᠠ ᠮᠦᠴᠢᠷ ᠤᠨ ᠬᠠᠷᠢᠭᠤᠴᠯᠠᠭ᠎ᠠ ᠠᠵᠢᠯ ᠤᠨ ᠬᠤᠪᠢᠶᠠᠷᠠᠯ ᠢ ᠲᠣᠳᠣᠳᠬᠠᠵᠦ᠂ ᠠᠵᠢᠯ ᠲᠦᠷᠦᠯ ᠤᠨ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ᠂ ᠶᠠᠳᠠᠭᠤ ᠶᠢ ᠲᠡᠳᠬᠦᠬᠦ ᠠᠵᠢᠯ ᠢ ᠵᠣᠬᠢᠰᠳᠡᠢ ᠲᠦᠯᠬᠢᠨ ᠠᠬᠢᠭᠤᠯᠬᠤ ᠲᠦᠷᠦ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠴᠣᠭᠴᠠᠯᠠᠨ᠎ᠠ᠃ ᠬᠤᠣᠰᠯᠠᠨ ᠲᠠᠮᠵᠢᠬᠦ ᠠᠵᠢᠯ ᠤᠨ ᠲᠣᠭᠳᠠᠯᠴᠠᠭ᠎ᠠ ᠶᠢ ᠡᠷᠡᠬᠦᠯᠵᠢᠬᠦᠯᠵᠦ᠂ ᠲᠠᠮᠵᠢᠬᠦ ᠬᠠᠷᠢᠭᠤᠴᠠᠯᠭ᠎ᠠ ᠶᠢ ᠲᠣᠳᠣᠳᠬᠠᠵᠦ᠂ ᠲᠡᠮᠵᠢᠬᠦ ᠠᠷᠭ᠎ᠠ ᠬᠡᠮᠵᠢᠶ᠎ᠠ ᠶᠢ ᠬᠡᠷᠡᠭᠵᠢᠬᠦᠯᠵᠦ᠂ ᠶᠠᠳᠠᠭᠤ ᠡᠷᠦᠬᠡ ᠶᠢ ᠬᠠᠮᠵᠢᠨ ᠪᠣᠳᠠᠳᠠᠢ ᠬᠦᠴᠢᠷᠡᠳᠡᠯ ᠪᠣᠯᠣᠨ ᠠᠰᠠᠭᠤᠳᠠᠯ ᠢ ᠰᠢᠢᠳᠪᠦᠷᠢᠯᠡᠵᠦ᠂ ᠲᠠᠬᠢᠨ ᠶᠠᠳᠠᠭᠤᠷᠠᠬᠤ ᠶᠠᠳᠠᠭᠤ ᠪᠣᠯᠬᠤ ᠶᠢ ᠬᠤᠷᠢᠭᠯᠠᠨ ᠲᠠᠰᠣᠯᠠᠬᠤ ᠣᠷᠳᠣ ᠬᠤᠭᠤᠴᠠᠭᠠᠨ ᠤ ᠪᠦᠳᠦᠮᠵᠢᠳᠣ ᠲᠣᠭᠳᠠᠯᠴᠠᠭ᠎ᠠ ᠶᠢ ᠪᠦᠷᠢᠯᠳᠦᠬᠦᠯᠦᠨ᠎ᠡ᠃      ᠬᠤᠶᠠᠷ ᠲᠤ ᠬᠦᠴᠢᠷᠳᠡᠯᠳᠡᠢ ᠠᠷᠠᠳ ᠲᠦᠮᠡᠨ ᠤ ᠦᠢᠯᠡᠳᠪᠦᠷᠢᠯᠡᠯ ᠠᠮᠢᠳᠣᠷᠠᠯ ᠢ ᠦᠨᠡᠨᠬᠦ ᠪᠠᠳᠣᠯᠠᠨ᠎ᠠ᠃ ᠲᠣᠣᠷ᠎ᠠ ᠣᠷᠣᠯᠭᠠᠳᠣ ᠮᠠᠯᠴᠢᠨ ᠲᠠᠷᠢᠶᠠᠴᠢᠨ ᠡᠷᠦᠬᠡ ᠳᠤ ︽ᠨᠢᠬᠡ ᠲᠣᠨ ᠨᠡᠬᠦᠷᠡᠰᠣ︾ ᠦᠭᠬᠦ ᠶᠠᠪᠣᠳᠠᠯ᠂ ᠶᠠᠳᠠᠭᠤ ᠬᠡᠷ ᠪᠦᠯᠢ ᠶᠢᠨ ᠣᠶᠣᠳᠠᠨ ᠢ ᠲᠡᠮᠵᠢᠬᠦ᠂ ᠠᠵᠢᠯ ᠦᠬᠡᠢ ᠬᠡᠷ ᠪᠦᠯᠢ ᠳᠤ ᠠᠵᠢᠯ ᠣᠯᠭᠤᠬᠤ ᠵᠡᠷᠬᠡ ᠠᠷᠠᠳ ᠤᠨ ᠠᠮᠢᠳᠣᠷᠠᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠶᠠᠪᠣᠵᠦ ᠰᠣᠷᠪᠣᠯᠵᠢᠯᠠᠬᠤ ᠲᠣᠬᠤᠨᠢᠭᠤᠯᠬᠤ᠂ ᠲᠣᠰᠬᠠᠢ ᠲᠣᠰᠠᠯᠠᠯᠳᠠ᠂ ᠬᠠᠯᠠᠭᠤᠨ ᠲᠣᠯᠠᠭᠠᠨ ᠬᠦᠷᠬᠡᠵᠦ ᠬᠠᠶᠢᠷ᠎ᠠ ᠲᠣᠰᠠᠯᠠᠮᠵᠢ ᠬᠦᠷᠳᠡᠬᠡᠬᠦ ᠬᠦᠳᠡᠯᠬᠡᠬᠡᠨ ᠢ ᠬᠢᠨᠠᠮᠠᠭᠠᠢ ᠦᠷᠨᠢᠬᠦᠯᠵᠦ᠂ ᠲᠠᠷᠢᠶᠠᠯᠠᠩ ᠮᠠᠯᠵᠢᠯ ᠢ ᠲᠡᠮᠵᠢᠬᠦ ᠪᠡᠯᠡ ᠮᠦᠩᠬᠦ᠂ ᠶᠠᠳᠠᠭᠤ ᠶᠢ ᠬᠠᠪᠰᠣᠷᠴᠦ ᠲᠣᠰᠠᠯᠠᠬᠤ ᠪᠡᠯᠡ ᠮᠦᠩᠬᠦ᠂ ᠨᠠᠰᠣᠳᠠᠨ ᠢ ᠠᠰᠠᠷᠠᠬᠤ ᠪᠡᠯᠡ ᠮᠦᠩᠬᠦ᠂ ᠲᠠᠭᠠᠳᠬᠠᠯ ᠤᠨ ᠮᠦᠩᠬᠦ᠂ ᠬᠠᠷᠠᠭᠠᠯᠵᠠᠯ ᠬᠦᠩᠬᠡᠯᠡᠮᠵᠢ ᠨᠦᠬᠦᠪᠦᠷᠢ ᠵᠡᠷᠬᠡ ᠲᠦᠷᠦᠯ ᠤᠨ ᠮᠦᠩᠬᠦ ᠶᠢ ᠴᠠᠭ ᠲᠣᠬᠠᠢ ᠳᠤᠨᠢ ᠲᠤᠭ᠎ᠠ ᠨᠣᠷᠮ᠎ᠠ ᠪᠠᠷ ᠣᠯᠭᠤᠵᠦ᠂ ᠶᠠᠳᠠᠭᠤ ᠠᠷᠠᠳ ᠤᠨ ᠦᠢᠯᠡᠳᠪᠦᠷᠢᠯᠡᠯ ᠠᠮᠢᠳᠣᠷᠠᠯ ᠢ ᠪᠦᠬᠦ ᠲᠠᠯ᠎ᠠ ᠪᠠᠷ ᠪᠠᠳᠣᠯᠠᠨ᠎ᠠ᠃ ᠲᠣᠣᠷ᠎ᠠ ᠪᠠᠳᠣᠯᠠᠭ᠎ᠠ ᠶᠢᠨ ᠡᠳᠡᠭᠡᠳ᠂ ᠶᠠᠳᠠᠭᠤ ᠬᠡᠷ ᠪᠦᠯᠢ᠂ ᠠᠵᠢᠯ ᠣᠯᠬᠤ ᠳᠤ ᠬᠦᠴᠢᠷᠳᠡᠢ ᠬᠦᠮᠦᠰ᠂ ᠵᠡᠮᠳᠡᠭ ᠬᠦᠮᠦᠨ᠂ ᠬᠠᠯᠠᠮᠵᠢᠯᠠᠬᠤ ᠡᠳᠡᠭᠡᠳ᠂ ᠭᠠᠭᠴᠠᠭᠠᠷ ᠪᠠᠶᠢᠬᠤ ᠨᠠᠰᠣᠳᠠᠶᠢᠴᠣᠳ᠂ ᠬᠦᠳᠡᠭᠡ ᠲᠣᠰᠬᠤᠨ ᠮᠠᠯᠵᠢᠬᠤ ᠣᠷᠣᠨ ᠤ ᠭᠡᠷ ᠲᠡᠭᠡᠨ ᠬᠤᠴᠣᠷᠠᠭᠰᠠᠨ ᠬᠡᠦᠬᠡᠳ᠂ ᠦᠨᠦᠴᠢᠨ ᠬᠡᠦᠬᠡᠳ ᠵᠡᠷᠬᠡ ᠣᠨᠴᠣᠭᠤᠢ ᠬᠠᠮᠳᠣ ᠴᠣᠭᠴᠠ ᠶᠢ ᠬᠠᠶᠢᠷᠠᠯᠠᠨ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠵᠦ᠂ ᠨᠠᠮ ᠪᠡ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠣᠯᠣᠨ ᠲᠣᠯᠠᠭᠠᠨ ᠪᠦᠯᠢᠶᠡᠨ ᠢ ᠴᠠᠭ ᠲᠣᠬᠠᠢ ᠳᠤᠨᠢ ᠠᠷᠠᠳ ᠲᠦᠮᠡᠨ ᠤ ᠰᠡᠳᠬᠢᠯ ᠳᠤ ᠬᠦᠷᠬᠡᠨ᠎ᠡ᠃ ᠭᠠᠮᠰᠢᠭ ᠢ ᠡᠰᠡᠷᠬᠦᠴᠡᠬᠦ ᠰᠡᠷᠬᠡᠶᠢᠯᠡᠬᠦ ᠠᠵᠢᠯ᠂ ᠬᠠᠳᠠᠭᠤ ᠪᠡᠷᠬᠡ ᠴᠠᠭ ᠠᠭᠠᠷ ᠢ ᠰᠠᠨᠠᠭᠠᠴᠢᠯᠠᠭ᠎ᠠ ᠲᠠᠢ ᠪᠠᠷ ᠠᠷᠭᠠᠴᠠᠵᠦ᠂ ᠪᠣᠷᠳᠤᠭ᠎ᠠ ᠡᠪᠡᠰᠣ ᠶᠢ ᠲᠣᠬᠢᠷᠠᠭᠤᠯᠣᠨ ᠵᠦᠬᠡᠬᠡᠪᠦᠷᠢᠯᠡᠬᠦ᠂ ᠵᠠᠮ ᠬᠠᠷᠢᠯᠴᠠᠭᠠᠨ ᠤ ᠠᠮᠣᠷ ᠲᠦᠪᠰᠢᠨ ᠲᠦᠭᠵᠢᠷᠡᠯ ᠦᠬᠡᠢ᠂ ᠲᠦᠯ ᠲᠣᠰᠴᠣ ᠪᠣᠶᠢᠵᠢᠭᠤᠯᠣᠯᠳᠠ ᠶᠢ ᠠᠷᠭᠠᠴᠠᠬᠤ ᠪᠣᠯᠣᠨ ᠮᠠᠯ ᠤᠨ ᠬᠢᠵᠢᠭ ᠡᠪᠡᠳᠴᠢᠨ ᠢ ᠰᠡᠷᠬᠡᠶᠢᠯᠡᠬᠦ ᠵᠡᠷᠬᠡ ᠠᠵᠢᠯ ᠢ ᠣᠷᠢᠳᠴᠢᠯᠠᠨ ᠰᠠᠶᠢᠳᠣᠷ ᠬᠢᠨ᠎ᠡ᠃      ᠭᠤᠷᠪᠠ ᠳᠤ ᠦᠢᠯᠡᠰ ᠪᠣᠰᠬᠠᠬᠤ ᠠᠵᠢᠯ ᠣᠯᠭᠤᠬᠤ ᠢᠨᠵᠧᠨᠧᠷᠢᠩ ᠢ ᠪᠡᠳᠣ ᠪᠠᠬᠢ ᠠᠬᠢᠭᠤᠯᠣᠨ᠎ᠠ᠃ ᠦᠢᠯᠡᠰ ᠪᠣᠰᠬᠠᠬᠤ ᠶᠢ ᠲᠡᠮᠵᠢᠬᠦ᠂ ᠠᠵᠢᠯ ᠣᠯᠬᠤ ᠶᠢ ᠲᠡᠮᠵᠢᠬᠦ᠂ ᠮᠡᠷᠬᠡᠵᠢᠯ ᠤᠨ ᠲᠠᠰᠬᠠᠯᠵᠢᠭᠤᠯᠭ᠎ᠠ᠂ ᠦᠢᠯᠡᠰ ᠪᠣᠰᠬᠠᠬᠤ ᠦᠢᠯᠡᠴᠢᠯᠡᠬᠡᠨ ᠤ ᠠᠵᠢᠯ᠂ ᠣᠯᠠᠨ ᠵᠠᠮ ᠰᠣᠪᠠᠭ ᠢᠶᠠᠷ ᠲᠡᠮᠵᠢᠬᠦ ᠪᠣᠯᠣᠨ ᠲᠡᠭᠡᠳᠣ ᠰᠣᠷᠭᠠᠭᠤᠯᠢ ᠲᠡᠭᠦᠰᠦᠭᠰᠡᠨ ᠰᠣᠷᠣᠭᠴᠢᠳ᠂ ᠬᠤᠳᠠ ᠬᠦᠳᠡᠭᠡ ᠶᠢᠨ ᠠᠵᠢᠯ ᠦᠬᠡᠢ ᠬᠡᠷ ᠪᠦᠯᠢ᠂ ᠬᠦᠳᠡᠭᠡ ᠲᠣᠰᠬᠤᠨ ᠮᠠᠯᠵᠢᠬᠤ ᠣᠷᠣᠨ ᠤ ᠬᠦᠳᠡᠯᠮᠦᠷᠢ ᠬᠦᠴᠦ ᠶᠢ ᠰᠢᠯᠵᠢᠬᠦᠯᠬᠦ ᠵᠡᠷᠬᠡ ᠬᠠᠮᠳᠣ ᠴᠣᠭᠴᠠ ᠶᠢᠨ ᠠᠵᠢᠯ ᠣᠯᠬᠤ ᠶᠢ ᠲᠡᠮᠵᠢᠬᠦ ᠪᠣᠯᠣᠨ ᠲᠣᠬᠢᠨᠠᠭᠤᠯᠵᠦ᠂ ᠵᠢᠯ ᠲᠣᠳᠣᠷ᠎ᠠ ᠪᠠᠭ᠎ᠠ ᠲᠣᠭᠠᠨ ᠤ ᠲᠠᠭᠠᠭᠠᠯᠳᠠ ᠲᠠᠢ ᠵᠢᠭᠡᠯᠡᠯᠬᠡ ᠶᠢ 1200 ᠲᠦᠮᠡᠨ ᠲᠦᠬᠦᠷᠢᠭ ᠲᠠᠯᠪᠢᠵᠦ᠂ ᠠᠵᠢᠯ ᠣᠯᠭᠤᠬᠤ ᠠᠵᠢᠯ ᠤᠨ ᠪᠠᠶᠢᠷᠢ ᠶᠢ 2500᠎ ᠶᠢ ᠲᠠᠳᠠᠪᠣᠷᠯᠠᠨ ᠬᠤᠳᠠ ᠬᠦᠳᠡᠭᠡ ᠶᠢᠨ ᠡᠯ᠎ᠡ ᠲᠦᠷᠦᠯ ᠤᠨ 1300 ᠬᠦᠮᠦᠨ ᠳᠤ ᠠᠵᠢᠯ ᠣᠯᠭᠤᠵᠦ᠂ ᠬᠤᠳᠠ ᠪᠠᠯᠭᠠᠰᠣᠨ ᠤ ᠲᠠᠩᠰᠠᠨ ᠳᠠᠬᠢ ᠠᠵᠢᠯ ᠠᠯᠳᠠᠭᠰᠠᠨ ᠨᠣᠷᠮ᠎ᠠ ᠶᠢ 2.9% ᠲᠣᠳᠣᠷ᠎ᠠ ᠬᠢᠵᠠᠭᠠᠷᠯᠠᠨ᠎ᠠ᠃ ︽ᠣᠯᠠᠨ ᠢᠶᠠᠷ ᠢᠶᠠᠨ ᠦᠢᠯᠡᠰ ᠪᠣᠰᠬᠠᠵᠦ᠂ ᠲᠦᠮᠡᠨ ᠢᠶᠠᠷ ᠢᠶᠠᠨ ᠰᠢᠨ᠎ᠡ ᠶᠢ ᠡᠬᠦᠳᠬᠦ︾᠎ ᠶᠢ ᠲᠦᠯᠬᠢᠨ ᠠᠬᠢᠭᠤᠯᠵᠦ᠂ ︽ᠦᠢᠯᠡᠰ ᠪᠣᠰᠬᠠᠬᠤ ᠰᠢᠯᠢ ᠶᠢᠨ ᠭᠤᠣᠯ ᠠᠵᠢᠯᠯᠠᠭᠠᠨ ᠤ ᠲᠦᠯᠦᠪᠯᠡᠭᠡ︾᠎ ᠶᠢ ᠬᠦᠨᠵᠡᠬᠡᠢ ᠬᠡᠷᠡᠭᠵᠢᠬᠦᠯᠵᠦ᠂ ᠭᠠᠵᠠᠷ ᠣᠷᠣᠨ ᠤ ᠣᠨᠴᠠᠯᠢᠭ ᠲᠠᠢ ᠦᠢᠯᠡᠰ ᠪᠣᠰᠬᠠᠭᠴᠢ ᠶᠢᠨ ᠣᠷᠣᠨ ᠵᠠᠢ ᠶᠢ ᠡᠬᠦᠳᠴᠦ᠂ ᠣᠯᠠᠨ ᠲᠦᠮᠡᠨ ᠤ ᠦᠢᠯᠡᠰ ᠪᠣᠰᠬᠠᠬᠤ ᠶᠢ ᠣᠳᠣᠷᠢᠳᠣᠨ᠎ᠠ᠃      ᠲᠦᠷᠪᠡ ᠳᠤ ᠰᠣᠷᠭᠠᠨ ᠬᠦᠮᠦᠵᠢᠯ ᠵᠢᠭᠠᠨ ᠰᠣᠷᠭᠠᠬᠤ ᠶᠢᠨ ᠴᠢᠨᠠᠷ ᠴᠢᠨᠰᠠᠭ᠎ᠠ ᠶᠢ ᠶᠡᠭᠡ ᠬᠦᠴᠦ ᠪᠠᠷ ᠲᠡᠭᠡᠭᠰᠢᠯᠡᠬᠦᠯᠦᠨ᠎ᠡ᠃ ᠰᠣᠷᠭᠠᠨ ᠬᠦᠮᠦᠵᠢᠯ ᠤᠨ ᠴᠢᠨᠠᠷ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠬᠢᠨᠠᠮᠠᠭᠠᠢ ᠬᠡᠷᠡᠭᠵᠢᠬᠦᠯᠵᠦ᠂ ᠲᠣᠮᠳᠠᠳᠣ ᠪᠠᠭ᠎ᠠ ᠰᠣᠷᠭᠠᠭᠤᠯᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠣᠯᠳᠠ ᠶᠢ ᠰᠠᠶᠢᠳᠣᠷ ᠠᠳᠬᠤᠵᠦ᠂ ᠲᠣᠮᠳᠠᠳᠣ ᠰᠣᠷᠭᠠᠭᠤᠯᠢ ᠶᠢᠨ ᠰᠣᠷᠭᠠᠭᠤᠯᠢ ᠶᠢᠨ ᠬᠦᠷᠢᠶ᠎ᠡ ᠶᠢ ᠲᠠᠬᠢᠨ ᠲᠦᠯᠦᠪᠯᠡᠨ ᠦᠬᠡᠷᠡᠴᠢᠯᠡᠵᠦ᠂ ᠮᠣᠩᠭᠤᠯ ᠰᠣᠷᠭᠠᠭᠤᠯᠢ ᠶᠢᠨ ᠲᠣᠷᠰᠢᠯᠳᠠ ᠶᠢᠨ ᠠᠰᠠᠷ᠂ ᠹᠧᠩ ᠢᠦᠢ ᠲᠠᠮᠢᠷ ᠤᠨ ᠲᠠᠯᠠᠪᠣᠷ᠂ ᠴᠦᠨ ᠬᠤᠢ ᠪᠠᠭ᠎ᠠ ᠰᠣᠷᠭᠠᠭᠤᠯᠢ ᠶᠢ 9 ᠰᠠᠷ᠎ᠠ ᠠᠴᠠ ᠡᠮᠦᠨ᠎ᠡ ᠠᠰᠢᠭᠯᠠᠯᠳᠠ ᠳᠤ ᠣᠷᠣᠭᠤᠯᠵᠦ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠹᠧᠩ ᠢᠦᠢ ᠲᠠᠮᠢᠷ ᠤᠨ ᠲᠠᠯᠠᠪᠣᠷ᠂ ᠨᠢᠬᠡᠳᠦᠬᠡᠷ ᠪᠠᠭ᠎ᠠ ᠰᠣᠷᠭᠠᠭᠤᠯᠢ ᠶᠢᠨ ᠬᠦᠯ ᠪᠦᠮᠪᠦᠬᠡᠨ ᠎ ᠤ ᠣᠷᠳᠣᠨ ᠤ ᠲᠦᠰᠦᠯ ᠢ ᠰᠠᠨᠠᠭᠠᠴᠢᠯᠠᠭ᠎ᠠ ᠲᠠᠢ ᠲᠠᠮᠡᠴᠡᠨ ᠬᠡᠷᠡᠭᠵᠢᠬᠦᠯᠦᠨ᠎ᠡ᠃ ᠣᠳᠣᠬᠢᠴᠢᠯᠠᠭᠰᠠᠨ ᠰᠣᠷᠭᠠᠨ ᠬᠦᠮᠦᠵᠢᠯ ᠤᠨ ᠮᠡᠳᠡᠭᠡ ᠵᠠᠩᠬᠢᠴᠢᠯᠠᠯᠳᠠ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠲᠣᠮᠳᠠᠳᠣ ᠪᠠᠭ᠎ᠠ ᠰᠣᠷᠭᠠᠭᠤᠯᠢ ᠶᠢᠨ ᠮᠡᠳᠡᠭᠡ ᠵᠠᠩᠬᠢᠴᠢᠯᠠᠯᠳᠠ ᠶᠢᠨ ᠣᠨ ᠤ ᠪᠦᠳᠦᠬᠡᠨ ᠪᠠᠶᠢᠭᠤᠯᠣᠯᠳᠠ ᠶᠢᠨ ᠡᠬᠦᠷᠬᠡ ᠶᠢ ᠪᠡᠶᠡᠯᠡᠬᠦᠯᠦᠨ᠎ᠡ᠃ ᠰᠣᠷᠭᠠᠨ ᠬᠦᠮᠦᠵᠢᠯ ᠤᠨ ᠡᠬᠢ ᠪᠠᠶᠠᠯᠢᠭ ᠢ ᠣᠯᠠᠮ ᠨᠢᠬᠡ ᠠᠯᠬᠤᠮ ᠰᠢᠯᠢᠳᠡᠭᠵᠢᠬᠦᠯᠵᠦ᠂ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠨᠠᠷ ᠢ ᠲᠡᠭᠡᠭᠰᠢᠯᠡᠬᠦᠯᠬᠦ ᠳᠤ ᠬᠡᠷᠡᠭᠵᠢᠬᠦᠯᠬᠦ ᠰᠠᠨᠠᠯ ᠢ ᠲᠣᠭᠳᠠᠭᠠᠨ ᠭᠠᠷᠭᠠᠵᠦ᠂ ᠲᠣᠮᠳᠠᠳᠣ ᠪᠠᠭ᠎ᠠ ᠰᠣᠷᠭᠠᠭᠤᠯᠢ ᠶᠢᠨ ᠵᠠᠬᠢᠷᠣᠯ᠂ ᠪᠠᠭᠰᠢ ᠶᠢ ᠬᠢᠨᠠᠨ ᠰᠢᠯᠭᠠᠬᠤ ᠦᠨᠡᠯᠡᠬᠦ ᠰᠢᠰᠲ᠋ᠧᠮ ᠢ ᠲᠡᠬᠦᠯᠳᠡᠷᠵᠢᠬᠦᠯᠵᠦ᠂ ᠬᠢᠷᠢ ᠪᠦᠳᠦᠮᠵᠢ ᠶᠢᠨ ᠴᠠᠯᠢᠩ ᠤᠨ ᠬᠦᠰᠢᠬᠦᠷᠬᠡ ᠶᠢᠨ ᠦᠢᠯᠡᠳᠦᠯ ᠢ ᠰᠢᠨᠵᠢᠯᠡᠬᠦ ᠣᠬᠠᠭᠠᠨᠴᠢ ᠎ ᠪᠠᠷ ᠠᠵᠯᠯᠠᠭᠤᠯᠵᠦ᠂ ᠪᠠᠭᠰᠢ ᠶᠢᠨ ᠰᠣᠷᠣᠭᠴᠢ ᠬᠦᠮᠦᠵᠢᠬᠦᠯᠬᠦ ᠢᠳᠡᠪᠬᠢ ᠴᠢᠨᠠᠷ ᠢ ᠬᠦᠳᠡᠯᠬᠡᠨ᠂ ᠰᠣᠷᠭᠠᠨ ᠬᠦᠮᠦᠵᠢᠯ ᠵᠢᠭᠠᠨ ᠰᠣᠷᠭᠠᠬᠤ ᠶᠢᠨ ᠲᠦᠪᠰᠢᠨ ᠢ ᠲᠡᠭᠡᠭᠰᠢᠯᠡᠬᠦᠯᠦᠨ᠂ ᠰᠣᠷᠭᠠᠨ ᠬᠦᠮᠦᠵᠢᠯ ᠣᠯᠠᠨ ᠲᠦᠮᠡᠨ ᠤ ᠰᠡᠳᠬᠢᠯ ᠳᠤ ᠬᠦᠷᠬᠦ ᠬᠡᠮᠵᠢᠶ᠎ᠡ ᠶᠢ ᠲᠡᠭᠡᠭᠰᠢᠯᠡᠬᠦᠯᠦᠨ᠎ᠡ᠃       ᠲᠠᠪᠤ ᠳᠤ ᠡᠷᠡᠬᠦᠯ ᠡᠰᠡᠨ ᠣᠯᠠᠭᠠᠢ ᠶᠢᠨ ᠪᠦᠳᠦᠬᠡᠨ ᠪᠠᠶᠢᠭᠤᠯᠣᠯᠳᠠ ᠶᠢ ᠶᠡᠭᠡ ᠬᠦᠴᠦ ᠪᠠᠷ ᠲᠦᠯᠬᠢᠨ ᠠᠬᠢᠭᠤᠯᠣᠨ᠎ᠠ᠃ ︽ᠶᠡᠭᠡ ᠡᠷᠡᠬᠦᠯ︾ ᠣᠶᠢᠯᠠᠭᠠᠯᠳᠠ ᠶᠢ ᠪᠣᠢ ᠪᠣᠯᠭᠠᠵᠦ᠂ ︽ᠡᠷᠡᠬᠦᠯ ᠡᠰᠡᠨ ᠣᠯᠠᠭᠠᠢ︾᠎ ᠶᠢᠨ ᠪᠦᠳᠦᠬᠡᠨ ᠪᠠᠶᠢᠭᠤᠯᠣᠯᠳᠠ ᠶᠢ ᠬᠦᠨᠵᠡᠬᠡᠢ ᠲᠦᠯᠬᠢᠨ ᠠᠬᠢᠭᠤᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠲᠣᠭᠳᠠᠯᠴᠠᠭ᠎ᠠ ᠶᠢᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠣᠯᠣᠰ ᠤᠨ ᠲᠡᠰ ᠤᠨ ᠣᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠡᠵᠡᠮᠳᠡᠬᠦ ᠵᠢᠱᠢᠶ᠎ᠠ ᠦᠵᠡᠬᠦᠯᠬᠦ ᠣᠷᠣᠨ ᠢ ᠡᠬᠦᠳᠦᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ᠦᠪᠦᠷ ᠮᠣᠩᠭᠤᠯ ᠤᠨ ᠠᠷᠠᠳ ᠤᠨ ᠡᠮᠨᠡᠯᠬᠡ ᠶᠢᠨ ᠬᠤᠷᠢᠶ᠎ᠠ ᠯᠤᠭ᠎ᠠ ᠶᠢᠨ ᠬᠤᠷᠰᠢᠯᠳᠡ ᠶᠢ ᠴᠢᠩᠭᠠᠳᠬᠠᠵᠦ ᠨᠡᠶᠢᠳᠡ ᠶᠢᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠲᠦᠯᠬᠢᠨ ᠠᠬᠢᠭᠤᠯᠵᠦ᠂ ︽1322︾ ᠢᠨᠵᠧᠨᠧᠷᠢᠩ ᠢ ᠬᠡᠷᠡᠭᠵᠢᠬᠦᠯᠬᠦ ᠶᠢ ᠲᠦᠷᠭᠡᠳᠬᠡᠵᠦ᠂ ᠬᠤᠳᠠ ᠪᠠᠯᠭᠠᠰᠣᠨ ᠤ ᠠᠵᠢᠯᠳᠠᠨ ᠎ ᠤ ᠦᠨᠳᠦᠰᠦᠨ ᠡᠮᠨᠡᠯᠬᠡ ᠶᠢᠨ ᠲᠠᠭᠠᠳᠬᠠᠯ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠎ ᠶᠢᠨ ᠲᠠᠭᠠᠳᠬᠠᠯ ᠪᠣᠯᠣᠨ ᠰᠢᠨ᠎ᠡ ᠮᠠᠶ᠋ᠢᠭ ᠤᠨ ᠬᠦᠳᠡᠭᠡ ᠲᠣᠰᠬᠤᠨ ᠮᠠᠯᠵᠢᠬᠤ ᠣᠷᠣᠨ ᠤ ᠬᠤᠷᠰᠢᠭᠰᠠᠨ ᠡᠮᠨᠡᠯᠬᠡ ᠶᠢᠨ ᠲᠠᠭᠠᠳᠬᠠᠯ ᠳᠤ ᠣᠷᠣᠯᠴᠠᠬᠤ ᠨᠣᠷᠮ᠎ᠠ ᠶᠢ ᠲᠣᠭᠳᠠᠭᠤᠨ ᠢᠶᠠᠷ ᠲᠡᠭᠡᠭᠰᠢᠯᠡᠬᠦᠯᠦᠨ᠎ᠡ᠃ ᠦᠨᠳᠦᠰᠦᠨ ᠡᠮ ᠤᠨ ᠲᠦᠷᠢᠮ ᠎ ᠢ ᠦᠷᠬᠦᠯᠵᠢᠯᠡᠨ ᠬᠡᠷᠡᠭᠵᠢᠬᠦᠯᠵᠦ᠂ ︽ᠲᠣᠭᠳᠠᠮᠠᠯ ᠪᠣᠯᠣᠨ ᠣᠷᠣᠰᠬᠠᠯᠳᠣ ᠬᠤᠶᠠᠷ ᠢ ᠣᠶᠠᠯᠳᠣᠭᠤᠯᠬᠤ︾ ᠦᠢᠯᠡᠴᠢᠯᠡᠬᠡᠨ ᠤ ᠵᠠᠭᠪᠣᠷ ᠢ ᠪᠠᠬᠢᠵᠢᠬᠦᠯᠦᠨ᠎ᠡ᠃ ᠡᠷᠡᠬᠦᠯ ᠮᠡᠨᠳᠣ ᠶᠢᠨ ᠪᠠᠳᠣᠯᠠᠭ᠎ᠠ ᠶᠢᠨ ᠵᠢᠵᠢᠭ ᠡᠮ ᠤᠨ ᠬᠠᠶᠢᠷᠴᠠᠭ ᠎ ᠤᠨ ᠬᠠᠮᠢᠶᠠᠷᠣᠯᠳᠠ ᠶᠢ ᠴᠢᠩᠭᠠᠳᠬᠠᠵᠦ᠂ ᠰᠠᠭᠤᠭᠠᠯᠢ ᠠᠷᠠᠳ ᠤᠨ ᠴᠠᠬᠢᠮ ᠡᠷᠡᠬᠦᠯ ᠮᠡᠨᠳᠣ ᠶᠢᠨ ᠲᠠᠩᠰᠠ ᠶᠢᠨ ᠲᠠᠩᠰᠠ ᠪᠠᠶᠢᠭᠤᠯᠬᠤ ᠨᠣᠷᠮ᠎ᠠ ᠶᠢ 90%᠎ ᠠᠴᠠ ᠲᠡᠭᠡᠭᠰᠢ ᠪᠠᠶᠢᠬᠤ ᠶᠢ ᠪᠠᠷᠢᠮᠳᠠᠯᠠᠵᠦ᠂ ᠭᠤᠣᠯᠳᠠᠯᠭ᠎ᠠ ᠲᠠᠢ ᠬᠦᠮᠦᠰ ᠎ ᠤᠨ ᠲᠦᠷᠢᠮᠴᠢᠯᠡᠭᠰᠡᠨ ᠬᠠᠮᠢᠶᠠᠷᠣᠯᠳᠠ ᠶᠢᠨ ᠨᠣᠷᠮ᠎ᠠ ᠶᠢ 85%᠎ ᠳᠤ ᠬᠦᠷᠬᠡᠨ᠎ᠡ᠃ ᠣᠯᠣᠰ ᠤᠨ ᠲᠦᠯᠦᠪᠯᠡᠬᠡᠳᠣ ᠦᠷᠡᠵᠢᠯ ᠤᠨ ᠬᠤᠶᠠᠷ ᠬᠡᠦᠬᠡᠳ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠪᠠᠶᠢᠷᠢᠰᠢᠭᠤᠯᠵᠦ᠂ ᠣᠷᠣᠰᠬᠠᠯᠳᠣ ᠬᠦᠮᠦᠨ ᠠᠮᠠ ᠶᠢᠨ ᠦᠢᠯᠡᠴᠢᠯᠡᠭᠡ ᠶᠢᠨ ᠬᠠᠮᠢᠶᠠᠷᠣᠯᠳᠠ ᠵᠡᠷᠬᠡ ᠭᠤᠣᠯᠳᠠᠯᠭ᠎ᠠ ᠲᠠᠢ ᠠᠵᠢᠯ ᠢ ᠰᠠᠭᠤᠷᠢᠯᠢᠭ ᠬᠢᠨ᠎ᠠ᠃     ᠵᠢᠷᠭᠤᠭ᠎ᠠ ᠳᠤ ᠰᠣᠶᠣᠯ ᠲᠠᠮᠢᠷ ᠤᠨ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠬᠡᠨ ᠤ ᠲᠣᠭᠳᠠᠯᠴᠠᠭ᠎ᠠ ᠶᠢᠨ ᠪᠦᠳᠦᠬᠡᠨ ᠪᠠᠶᠢᠭᠤᠯᠣᠯᠳᠠ ᠶᠢ ᠣᠯᠠᠮ ᠨᠢᠬᠡ ᠠᠯᠬᠤᠮ ᠡᠷᠡᠬᠦᠯᠵᠢᠬᠦᠯᠦᠨ ᠲᠡᠬᠦᠯᠳᠡᠷᠵᠢᠬᠦᠯᠵᠦ᠂ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠪᠠᠶᠠᠷ ᠢ ᠣᠭᠳᠣᠬᠤ᠂ ᠪᠦᠬᠦ ᠠᠶᠢᠮᠠᠭ ᠤᠨ ᠵᠣᠷᠢᠭ ᠰᠠᠨᠠᠭᠠᠨ ᠤ ᠪᠣᠯᠪᠠᠰᠣᠨ ᠤ ᠪᠦᠳᠦᠬᠡᠨ ᠪᠠᠶᠢᠭᠤᠯᠣᠯᠳᠠ ᠶᠢᠨ ᠲᠣᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠪᠠᠷ ᠲᠣᠬᠢᠶᠠᠯ ᠪᠣᠯᠭᠠᠵᠦ᠂ ᠣᠯᠠᠨ ᠲᠦᠮᠡᠨ ᠤ ᠦᠵᠡᠵᠦ ᠰᠣᠨᠣᠰᠬᠤ ᠲᠣᠷᠠᠳᠠᠢ ᠰᠣᠶᠣᠯ ᠲᠠᠮᠢᠷ ᠤᠨ ᠬᠦᠳᠡᠯᠬᠡᠬᠡᠨ ᠢ ᠵᠣᠬᠢᠶᠠᠨ ᠪᠠᠶᠢᠭᠤᠯᠣᠨ ᠦᠷᠨᠢᠬᠦᠯᠵᠦ᠂ ᠣᠯᠠᠭᠠᠢ ᠭᠤᠣᠯ ᠤᠨ ᠡᠬᠢ ᠎ ᠶᠢ ᠶᠠᠪᠠᠭᠠᠨ ᠢᠶᠠᠷ ᠬᠠᠶᠢᠬᠤ ᠵᠢᠭᠤᠯᠴᠢᠯᠠᠯ᠂ ᠠᠷᠮᠠᠢ ᠶᠢᠨ ᠰᠣᠶᠣᠯ ᠤᠨ ᠭᠠᠷᠠᠭ ᠵᠡᠷᠬᠡ ᠰᠢᠷᠢᠰ ᠨᠡᠷᠡᠳᠣ ᠲᠡᠮᠳᠡᠭᠳᠣ ᠰᠣᠶᠣᠯ ᠵᠢᠭᠤᠯᠴᠢᠯᠠᠯ ᠤᠨ ᠬᠦᠳᠡᠯᠬᠡᠬᠡᠨ ᠢ ᠪᠡᠯᠡᠳᠬᠡᠨ ᠰᠠᠶᠢᠳᠣᠷ ᠬᠦᠢᠴᠡᠳᠬᠡᠨ᠎ᠡ᠃ ᠬᠠᠮᠢᠶᠠᠷᠣᠯᠳᠠ ᠶᠢᠨ ᠣᠷᠣᠨ ᠤ ᠪᠦᠬᠦ ᠠᠷᠠᠳ ᠤᠨ ᠪᠡᠶ᠎ᠡ ᠪᠣᠯᠪᠠᠰᠣᠷᠠᠯ 2016 —2020 ᠣᠨ ᠤ ᠬᠡᠷᠡᠭᠵᠢᠬᠦᠯᠬᠦ ᠲᠦᠰᠦᠯ ᠢ ᠬᠢᠨᠠᠮᠠᠭᠠᠢ ᠲᠣᠣᠱᠯᠠᠭᠤᠯᠣᠨ ᠪᠠᠶᠢᠷᠢᠯᠠᠭᠤᠯᠵᠦ᠂ ᠰᠣᠷ ᠬᠠᠷᠪᠣᠬᠤ᠂ ᠵᠢᠣᠳᠣᠣ ᠵᠡᠷᠬᠡ ᠦᠷᠢᠰᠦᠯᠳᠦᠭᠴᠢ ᠪᠡᠶ᠎ᠡ ᠲᠠᠮᠢᠷ ᠤᠨ ᠲᠦᠰᠦᠯ ᠢ ᠬᠡᠷᠡᠭᠵᠢᠬᠦᠯᠬᠦ ᠶᠢ ᠲᠦᠷᠬᠡᠳᠬᠡᠵᠦ᠂ 3 ᠦᠪᠡᠷᠳᠡᠬᠡᠨ ᠵᠠᠰᠠᠬᠤ ᠣᠷᠣᠨ ᠤ ᠲᠡᠰ ᠤᠨ ᠦᠷᠢᠰᠦᠯᠳᠦᠭᠴᠢ ᠪᠡᠶ᠎ᠡ ᠲᠠᠮᠢᠷ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠣᠯᠳᠠ ᠶᠢ ᠲᠡᠬᠦᠯᠳᠡᠷᠵᠢᠬᠦᠯᠵᠦ᠂ ᠬᠤᠶᠠᠳᠣᠭᠠᠷ ᠬᠤᠭᠤᠴᠠᠭᠠᠨ ᠤ ︽ᠣᠯᠠᠭᠠᠢ ᠬᠤᠨᠳᠠᠭᠠᠳᠣ︾ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠲᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢᠳ ᠤᠨ ᠵᠢᠣᠳᠣᠣ ᠶᠢᠨ ᠱᠠᠩᠨᠠᠯᠳᠣ ᠣᠷᠣᠯᠳᠣᠭᠠᠨ ᠶᠢ ᠵᠣᠬᠢᠶᠠᠨ ᠪᠠᠶᠢᠭᠤᠯᠵᠦ ᠲᠠᠭᠠᠭᠠᠴᠢᠯᠠᠨ ᠡᠷᠬᠢᠯᠡᠨ᠎ᠡ᠃ ᠭᠠᠵᠠᠷ ᠲᠡᠭᠡᠷᠡᠬᠢ ᠲᠣᠭᠠᠳᠣ ᠲᠧᠯᠸᠢᠰ ᠤᠨ ᠰᠠᠭᠤᠷᠢ ᠦᠷᠳᠡᠭᠡ ᠶᠢ ᠢᠳᠡᠪᠬᠢᠳᠡᠢ ᠭᠤᠶᠣᠴᠢᠯᠠᠨ ᠪᠠᠶᠢᠭᠤᠯᠵᠦ᠂ ᠠᠶᠢᠮᠠᠭ ᠠᠴᠠ ᠦᠢᠯᠡᠳᠦᠭᠰᠡᠨ᠂ ᠦᠪᠡᠷᠳᠡᠬᠡᠨ ᠦᠢᠯᠡᠳᠦᠭᠰᠡᠨ ᠲᠣᠭᠯᠠᠯᠳᠠ ᠶᠢᠨ ᠪᠦᠷᠬᠦᠴᠡ ᠶᠢ ᠣᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃      ᠲᠣᠯᠤᠭ᠎ᠠ ᠳᠤ ᠨᠡᠶᠢᠬᠡᠮ ᠤᠨ ᠪᠠᠳᠣᠯᠠᠭ᠎ᠠ ᠶᠢᠨ ᠰᠢᠰᠲ᠋ᠧᠮ ᠢ ᠲᠡᠬᠦᠯᠳᠡᠷᠵᠢᠬᠦᠯᠦᠨ᠎ᠡ᠃ ᠪᠦᠬᠦᠨ ᠢ ᠪᠦᠷᠬᠦᠬᠦᠯᠬᠦ ᠎ ᠪᠠᠷ ᠬᠠᠷᠠᠯᠳᠠ ᠪᠣᠯᠭᠠᠵᠦ᠂ ᠨᠡᠶᠢᠬᠡᠮ ᠤᠨ ᠲᠠᠭᠠᠳᠬᠠᠯ ᠢ ᠦᠷᠭᠡᠳᠬᠡᠵᠦ ᠲᠠᠳᠠᠪᠣᠷᠢᠯᠠᠨ ᠲᠣᠰᠢᠶᠠᠨ᠎ᠠ᠃ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ ᠶᠢ ᠨᠢᠭᠡᠳᠦᠬᠦᠯᠬᠦ᠂ ᠣᠨᠴᠠ ᠶᠠᠳᠠᠭᠤ ᠬᠦᠮᠦᠰ ᠢ ᠠᠰᠠᠷᠠᠬᠤ᠂ ᠵᠡᠮᠳᠡᠭ ᠬᠦᠮᠦᠰ ᠢ ᠲᠡᠮᠵᠢᠬᠦ᠂ ᠶᠠᠳᠠᠭᠤ ᠣᠯᠠᠨ ᠲᠦᠮᠡᠨ ᠤ ᠰᠠᠭᠤᠬᠤ ᠭᠡᠷ ᠤᠨ ᠪᠠᠳᠣᠯᠠᠭ᠎ᠠ ᠵᠡᠷᠬᠡ ᠰᠠᠭᠤᠷᠢ ᠶᠢᠨ ᠴᠢᠨᠠᠷ ᠲᠠᠢ ᠲᠦᠷᠦ ᠎ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠤᠳᠠ ᠬᠦᠳᠡᠭᠡ ᠶᠢᠨ ᠨᠡᠶᠢᠬᠡᠮ ᠤᠨ ᠲᠣᠰᠠᠯᠠᠮᠵᠢ᠂ ᠠᠰᠠᠷᠠᠮᠵᠢ ᠶᠢᠨ ᠰᠢᠰᠲ᠋ᠧᠮ ᠢ ᠨᠢᠭᠡᠳᠬᠡᠵᠦ᠂ ᠦᠨᠳᠦᠰᠦᠨ ᠨᠡᠶᠢᠳᠡ ᠶᠢᠨ ᠦᠢᠯᠡᠴᠢᠯᠡᠭᠡ ᠶᠢ ᠲᠡᠩᠴᠡᠬᠦᠷᠢᠰᠢᠬᠦᠯᠬᠦ ᠶᠢ ᠲᠦᠯᠬᠢᠨ ᠠᠬᠢᠭᠤᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠬᠡᠮ ᠤᠨ ᠪᠠᠳᠣᠯᠠᠭ᠎ᠠ ᠶᠢᠨ ᠰᠢᠰᠲ᠋ᠧᠮ ᠎ ᠢ ᠡᠷᠡᠬᠦᠯᠵᠢᠬᠦᠯᠦᠨ ᠪᠦᠷᠬᠦᠬᠦᠯᠦᠨ᠎ᠡ᠃ ᠨᠡᠶᠢᠬᠡᠮ ᠲᠡᠭᠡᠷᠡᠬᠢ ᠬᠦᠴᠦᠨ ᠢ ᠲᠡᠮᠵᠢᠨ ᠨᠠᠰᠣᠳᠠᠨ ᠢ ᠠᠰᠠᠷᠠᠬᠤ ᠦᠢᠯᠡᠴᠢᠯᠡᠭᠡ ᠶᠢᠨ ᠪᠠᠶᠢᠭᠤᠯᠭ᠎ᠠ ᠢ ᠡᠷᠬᠢᠯᠡᠨ ᠪᠠᠶᠢᠭᠤᠯᠵᠦ᠂ ᠨᠠᠰᠣᠳᠠᠨ ᠢ ᠠᠰᠠᠷᠠᠬᠤ ᠬᠤᠷᠢᠶ᠎ᠠ ᠶᠢ ᠵᠢᠯ ᠤᠨ ᠲᠣᠳᠣᠷ᠎ᠠ ᠠᠰᠢᠭᠯᠠᠯᠳᠠ ᠳᠤ ᠣᠷᠣᠭᠤᠯᠣᠨ᠎ᠠ᠃      ︵ᠵᠢᠷᠭᠤᠭ᠎ᠠ︶ ᠭᠤᠣᠯᠳᠠᠯᠭ᠎ᠠ ᠲᠠᠢ ᠬᠦᠷᠢᠶᠡᠨ ᠳᠠᠬᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠠᠮᠢᠵᠢᠷᠠᠯ ᠤᠨ ᠬᠦᠴᠦ ᠶᠢ ᠣᠯᠠᠮ ᠨᠢᠬᠡ ᠠᠯᠬᠤᠮ ᠣᠷᠠᠮᠰᠢᠭᠤᠯᠣᠨ᠎ᠠ᠃ ᠦᠬᠡᠷᠡᠴᠢᠯᠡᠯᠳᠡ ᠪᠣᠯ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠤ ᠡᠬᠢ᠂ ᠬᠦᠳᠡᠯᠬᠡᠬᠦ ᠬᠦᠴᠦᠨ ᠤ ᠱᠠᠭᠠᠷᠳᠠᠯᠭ᠎ᠠ᠂ ᠮᠠᠨ ᠤ ᠡᠶᠢᠮᠦ ᠬᠦᠭᠵᠢᠯᠳᠡ ᠲᠣᠳᠠᠮᠠᠭ ᠭᠠᠵᠠᠷ ᠣᠷᠣᠨ ᠳᠤ ᠠᠪᠴᠣ ᠬᠡᠯᠡᠪᠡᠯ ᠨᠡᠩ ᠢᠯᠡᠬᠦᠦ ᠦᠬᠡᠷᠡᠴᠢᠯᠳᠡ ᠶᠢ ᠬᠦᠨᠵᠡᠬᠡᠶᠢᠷᠡᠬᠦᠯᠬᠦ ᠪᠠᠷ ᠲᠠᠮᠵᠢᠵᠦ ᠪᠦᠳᠦᠴᠡ ᠲᠠᠭᠳᠠᠯᠴᠠᠭ᠎ᠠ ᠶᠢᠨ ᠬᠠᠷᠰᠢ ᠰᠠᠭᠠᠳ ᠢ ᠡᠪᠳᠡᠵᠦ᠂ ᠠᠵᠦ ᠠᠬᠤᠢ ᠶᠢᠨ ᠬᠦᠭᠵᠢᠯᠳᠡ ᠶᠢᠨ ᠬᠦᠳᠡᠯᠬᠡᠬᠦ ᠬᠦᠴᠦ ᠪᠣᠯᠣᠨ ᠠᠮᠢᠵᠢᠷᠠᠯ ᠤᠨ ᠬᠦᠴᠦ ᠶᠢ ᠨᠡᠮᠡᠭᠳᠡᠬᠦᠯᠦᠨ᠎ᠡ᠃ ᠨᠢᠬᠡ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠬᠦᠴᠦ ᠶᠢ ᠶᠡᠬᠡᠳᠬᠡᠨ᠎ᠡ᠃ ᠵᠠᠰᠠᠭ ᠢ ᠲᠣᠪᠴᠢᠯᠠᠨ ᠡᠷᠬᠡ ᠶᠢ ᠲᠠᠯᠪᠢᠵᠦ᠂ ᠲᠠᠯᠪᠢᠬᠤ ᠬᠠᠮᠢᠶᠠᠷᠬᠤ ᠶᠢ ᠣᠶᠠᠯᠳᠣᠭᠤᠯᠣᠨ᠂ ᠦᠢᠯᠡᠴᠢᠯᠡᠭᠡ ᠶᠢ ᠰᠢᠯᠢᠳᠡᠭᠵᠢᠬᠦᠯᠵᠦ᠂ ︽ᠡᠷᠬᠡ ᠬᠠᠷᠢᠭᠤᠴᠠᠯᠭ᠎ᠠ ᠶᠢᠨ ᠬᠠᠭᠤᠳᠠᠰᠣ︾᠎ ᠶᠢᠨ ᠲᠦᠷᠢᠮ ᠢ ᠬᠢᠨᠠᠮᠠᠭᠠᠢ ᠬᠡᠷᠡᠭᠵᠢᠬᠦᠯᠵᠦ᠂ ᠬᠤᠳᠠᠯᠳᠣᠭᠠᠨ ᠤ ᠲᠦᠷᠢᠮ ᠪᠣᠯᠣᠨ ᠵᠠᠰᠠᠭ ᠤᠨ ᠰᠢᠬᠦᠨ ᠵᠦᠪᠰᠢᠶᠡᠷᠡᠯ ᠤᠨ ᠲᠦᠷᠢᠮ ᠤᠨ ᠦᠬᠡᠷᠡᠴᠢᠯᠡᠯᠳᠡ ᠶᠢ ᠣᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠲᠠᠯᠪᠢᠬᠤ ᠵᠦᠢᠯᠡᠰ ᠢ ᠲᠣᠶᠢᠯᠪᠣᠷᠢᠳᠡᠢ ᠲᠠᠯᠪᠢᠵᠦ᠂ ᠬᠠᠰᠣᠬᠤ ᠵᠦᠢᠯᠡᠰ ᠢ ᠰᠢᠭᠤᠳ ᠬᠠᠰᠣᠵᠦ᠂ ᠴᠡᠪᠡᠷᠯᠡᠬᠦ ᠵᠦᠢᠯᠡᠰ ᠢ ᠦᠯᠡᠳᠡᠬᠡᠯ ᠦᠬᠡᠢ ᠴᠡᠪᠡᠷᠯᠡᠵᠦ᠂ ᠬᠠᠮᠢᠶᠠᠷᠬᠤ ᠵᠦᠢᠯᠡᠰ ᠢᠶᠠᠨ ᠰᠠᠶᠢᠳᠣᠷ ᠬᠠᠮᠢᠶᠠᠷᠣᠨ᠎ᠠ᠃ ᠬᠤᠶᠠᠷ ᠲᠤ ᠣᠯᠣᠰ ᠤᠨ ᠦᠮᠴᠢᠯᠡᠯᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ ᠦᠬᠡᠷᠡᠴᠢᠯᠡᠯᠳᠡ ᠶᠢ ᠰᠠᠨᠠᠭᠠᠴᠢᠯᠠᠭ᠎ᠠ ᠲᠠᠢ ᠲᠦᠯᠬᠢᠨ ᠠᠬᠢᠭᠤᠯᠣᠨ᠎ᠠ᠃ ᠲᠡᠷᠢᠬᠦᠨ ᠤ  ᠠᠳᠠᠷ ᠬᠠᠭᠠᠯᠪᠣᠷᠢᠯᠠᠭᠰᠠᠨ ᠣᠷᠣᠨ ᠪᠦᠰᠡ ᠶᠢᠨ ᠡᠵᠡᠩᠨᠡᠯᠳᠡ ᠶᠢᠨ ᠣᠶᠢᠯᠠᠭᠠᠯᠳᠠ ᠪᠣᠯᠣᠨ ᠬᠠᠮᠢᠶᠠᠷᠬᠤ ᠲᠣᠷᠰᠢᠯᠭ᠎ᠠ ᠶᠢ ᠰᠣᠷᠴᠣ ᠰᠣᠷᠭᠠᠮᠵᠢ ᠪᠣᠯᠭᠠᠬᠤ ᠶᠢᠨ ᠰᠠᠭᠤᠷᠢᠨ ᠲᠡᠭᠡᠷ᠎ᠡ᠂ ᠠᠳᠠᠷ ᠬᠠᠭᠠᠯᠪᠣᠷᠢᠯᠠᠬᠤ ᠪᠦᠰᠡ ᠶᠢᠨ ᠲᠣᠭᠤᠷᠢᠨ ᠳᠤ ᠲᠠᠷᠢᠶᠠᠯᠠᠩ ᠮᠠᠯᠵᠢᠯ ᠤᠨ ᠲᠠᠯᠠᠪᠠᠢ ᠶᠢ ᠠᠵᠦ ᠠᠬᠤᠶᠢᠵᠢᠭᠤᠯᠬᠤ ᠦᠬᠡᠷᠡᠴᠢᠯᠡᠯᠳᠡ ᠶᠢᠨ ᠴᠢᠭᠯᠡᠯ ᠢᠶᠠᠷ ᠨᠡᠶᠢᠬᠡᠮ ᠤᠨ ᠴᠢᠳᠠᠮᠵᠢ ᠶᠢᠨ ᠦᠬᠡᠷᠡᠴᠢᠯᠡᠯᠳᠡ᠂ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠦᠷᠦᠩᠭᠡ ᠶᠢ ᠨᠢᠳᠬᠡᠨ ᠡᠷᠬᠢᠯᠳᠡ ᠳᠤ ᠣᠷᠣᠭᠤᠯᠵᠦ᠂ ᠣᠯᠣᠰ ᠤᠨ ᠦᠮᠴᠢᠯᠡᠯᠳᠣ ᠬᠦᠷᠦᠩᠬᠡ ᠶᠢ ᠪᠡᠯᠡ ᠣᠷᠣᠭᠤᠯᠣᠨ ᠠᠵᠢᠯᠯᠠᠭᠤᠯᠵᠦ᠂ ᠵᠣᠬᠢᠰᠳᠡᠢ ᠬᠡᠪᠴᠢᠶ᠎ᠡ ᠪᠠᠷ ᠡᠵᠡᠩᠨᠡᠵᠦ᠂ ᠵᠠᠬ᠎ᠠ ᠲᠡᠯᠬᠡᠭᠦᠷᠴᠢᠯᠡᠭᠰᠡᠨ ᠠᠵᠢᠯᠳᠠᠨ ᠬᠡᠷᠡᠭᠯᠡᠬᠦ ᠲᠦᠷᠢᠮ ᠢ ᠪᠠᠶᠢᠭᠤᠯᠬᠤ ᠵᠡᠷᠬᠡ ᠭᠤᠣᠯᠳᠠᠯᠭ᠎ᠠ ᠲᠠᠢ ᠲᠠᠯ᠎ᠠ ᠶᠢ ᠲᠣᠪᠣᠶᠢᠯᠠᠭᠠᠨ ᠬᠦᠢᠴᠡᠳᠬᠡᠵᠦ᠂ ᠣᠯᠣᠰ ᠤᠨ ᠦᠮᠴᠢᠯᠡᠯᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠵᠡᠩᠨᠡᠯᠳᠡ ᠬᠠᠮᠢᠶᠠᠷᠣᠯᠳᠠ ᠶᠢᠨ ᠲᠣᠭᠳᠠᠯᠴᠠᠭ᠎ᠠ ᠶᠢᠨ ᠦᠬᠡᠷᠡᠴᠢᠯᠡᠯᠳᠡ ᠶᠢ ᠰᠣᠳᠣᠯᠬᠤ ᠠᠵᠢᠯ ᠢ ᠰᠠᠨᠠᠭᠠᠴᠢᠯᠠᠭ᠎ᠠ ᠲᠠᠢ ᠪᠠᠷ ᠭᠠᠷ ᠲᠦᠷᠦᠵᠦ ᠦᠷᠨᠢᠬᠦᠯᠦᠨ᠂ ᠣᠯᠣᠰ ᠤᠨ ᠦᠮᠴᠢᠯᠡᠯᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠵᠡᠩᠨᠡᠯᠳᠡ ᠬᠠᠮᠢᠶᠠᠷᠣᠯᠳᠠ ᠶᠢᠨ ᠲᠣᠭᠳᠠᠯᠴᠠᠭ᠎ᠠ ᠶᠢᠨ ᠦᠬᠡᠷᠡᠴᠢᠯᠡᠯᠳᠡ ᠶᠢ ᠬᠡᠷᠡᠭᠵᠢᠬᠦᠯᠬᠦ ᠰᠠᠨᠠᠯ ᠢ ᠵᠢᠯ ᠲᠣᠳᠣᠷ᠎ᠠ ᠲᠣᠭᠳᠠᠭᠠᠵᠦ ᠲᠠᠭᠤᠰᠬᠠᠨ᠎ᠠ᠃ ᠭᠤᠷᠪᠠ ᠳᠤ ᠪᠡᠯᠴᠢᠭᠡᠷ ᠮᠠᠯᠵᠢᠯ ᠤᠨ ᠲᠠᠯᠠᠪᠠᠢ ᠶᠢᠨ ᠡᠵᠡᠩᠨᠡᠯᠳᠡ ᠰᠢᠯᠵᠢᠬᠦᠯᠦᠯᠳᠡ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ᠃ ᠲᠠᠯ᠎ᠠ ᠨᠣᠳᠤᠭ ᠤᠨ ᠡᠷᠬᠡ ᠶᠢ ᠲᠣᠳᠣᠳᠬᠠᠨ ᠪᠦᠷᠢᠳᠬᠡᠬᠦ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠲᠠᠭᠤᠰᠬᠠᠵᠦ᠂ ᠪᠡᠯᠴᠢᠬᠡᠷ ᠮᠠᠯᠵᠢᠯ ᠤᠨ ᠲᠠᠯᠠᠪᠠᠢ ᠶᠢ ᠰᠢᠯᠵᠢᠬᠦᠯᠬᠦ ᠰᠣᠷᠠᠭ ᠵᠠᠩᠬᠢ ᠶᠢ ᠲᠠᠷᠬᠠᠭᠠᠬᠤ ᠲᠠᠪᠴᠠᠩ ᠪᠠᠶᠢᠭᠤᠯᠬᠤ ᠶᠢ ᠱᠠᠯᠪᠠᠳᠠᠨ ᠬᠢᠵᠦ᠂ ᠪᠡᠯᠴᠢᠬᠡᠷ ᠮᠠᠯᠵᠢᠯ ᠤᠨ ᠲᠠᠯᠠᠪᠠᠢ ᠶᠢ ᠡᠮᠬᠢ ᠵᠢᠷᠣᠮ ᠲᠠᠢ ᠰᠢᠯᠵᠢᠬᠦᠯᠬᠦ ᠶᠢ ᠣᠳᠣᠷᠢᠳᠬᠤ ᠶᠢᠨ ᠲᠦᠯᠦᠬᠡ᠂ ᠲᠠᠯ᠎ᠠ ᠨᠣᠳᠤᠭ ᠤᠨ ᠡᠵᠡᠩᠨᠡᠬᠦ ᠡᠷᠬᠡ ᠶᠢ ᠲᠠᠨᠵᠢᠯᠠᠬᠤ ᠶᠢ ᠦᠷᠬᠡᠳᠬᠡᠬᠦ ᠪᠣᠯᠣᠨ ᠬᠤᠪᠢ ᠣᠷᠣᠬᠤ ᠡᠷᠬᠡ ᠴᠢᠳᠠᠮᠵᠢ᠂ ᠣᠯᠠᠨ ᠵᠦᠢᠯ ᠤᠨ ᠬᠡᠯᠪᠡᠷᠢ ᠶᠢᠨ ᠵᠣᠬᠢᠰᠳᠡᠢ ᠬᠡᠪᠴᠢᠶᠡᠨ ᠤ ᠡᠵᠡᠩᠨᠡᠯᠳᠡ ᠶᠢ ᠬᠦᠭᠵᠢᠬᠦᠯᠵᠦ ᠰᠠᠭᠤᠷᠢ ᠶᠢ ᠪᠠᠬᠢᠵᠢᠬᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ ᠤ ᠦᠮᠴᠢᠯᠡᠬᠦ ᠡᠷᠬᠡ ᠶᠢ ᠠᠷᠠᠯᠵᠢᠶᠠᠯᠠᠬᠤ ᠲᠦᠪ ᠢ ᠪᠡᠯᠡᠳᠬᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠭᠠᠷ ᠣᠷᠣᠵᠦ ᠡᠬᠢᠯᠡᠬᠦᠯᠦᠨ᠂ 5 ᠰᠠᠷ᠎ᠠ ᠶᠢᠨ ᠰᠡᠬᠦᠯᠴᠢ ᠪᠠᠷ ᠪᠦᠳᠦᠬᠡᠨ ᠪᠠᠶᠢᠭᠤᠯᠬᠤ ᠲᠦᠯᠦᠪᠯᠡᠭᠡ ᠶᠢ ᠲᠣᠭᠳᠠᠭᠠᠬᠤ ᠶᠢᠨ ᠬᠠᠮᠳᠣ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃      ︵ᠲᠣᠯᠤᠭ᠎ᠠ︶ ᠨᠡᠶᠢᠬᠡᠮ ᠤᠨ ᠡᠶ᠎ᠡ ᠵᠣᠬᠢᠴᠠᠩᠭᠤᠢ ᠲᠣᠭᠳᠠᠭᠤᠨ ᠢ ᠪᠦᠬᠦ ᠬᠦᠴᠦᠨ ᠢᠶᠠᠷ ᠬᠠᠮᠠᠭᠠᠯᠠᠨ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠲᠦᠪᠰᠢᠨ ᠲᠣᠭᠳᠠᠭᠤᠨ ᠬᠠᠯᠬᠠᠪᠴᠢ ᠶᠢ ᠪᠠᠳᠣ ᠪᠠᠬᠢ ᠴᠣᠭᠴᠠᠯᠠᠨ᠎ᠠ᠃ ᠣᠯᠣᠰ ᠲᠦᠷᠦ ᠶᠢᠨ ᠦᠵᠡᠯ ᠣᠬᠠᠮᠰᠠᠷ ᠪᠣᠯᠣᠨ ᠬᠠᠷᠢᠭᠤᠴᠠᠯᠭ᠎ᠠ ᠶᠢᠨ ᠣᠬᠠᠮᠰᠠᠷ ᠢ ᠣᠯᠠᠮ ᠨᠢᠬᠡ ᠠᠯᠬᠤᠮ ᠴᠢᠩᠭᠠᠳᠬᠠᠵᠦ᠂ ᠪᠦᠯᠬᠦᠮᠳᠡᠯ ᠢ ᠴᠢᠩᠭᠠᠳᠬᠠᠬᠤ᠂ ᠡᠶ᠎ᠡ ᠵᠣᠬᠢᠴᠠᠩᠭᠤᠢ ᠶᠢ ᠨᠡᠮᠡᠭᠳᠡᠬᠦᠯᠬᠦ᠂ ᠲᠣᠭᠳᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠣᠯᠠᠷᠠᠰᠢ ᠦᠬᠡᠢ ᠰᠠᠶᠢᠳᠣᠷ  ᠬᠢᠨ᠎ᠡ᠃ ᠨᠢᠬᠡ ᠳᠤ ᠠᠶᠣᠯ ᠦᠬᠡᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠨ᠎ᠠ᠃ ︽ᠲᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠎ ᠤᠨ ᠣᠯᠣᠰ ᠤᠨ ᠶᠠᠪᠣᠳᠠᠯ ᠤᠨ ᠬᠤᠷᠢᠶᠠᠨ ᠤ ᠠᠶᠣᠯ ᠦᠬᠡᠢ ᠦᠢᠯᠡᠳᠪᠦᠷᠢᠯᠡᠯ ᠤᠨ ᠬᠦᠷᠢᠶ᠎ᠡ ᠬᠡᠪᠴᠢᠶᠡᠨ ᠤ ᠦᠬᠡᠷᠡᠴᠢᠯᠡᠯᠳᠡ ᠬᠦᠭᠵᠢᠬᠦᠯᠦᠯᠳᠡ ᠶᠢ ᠲᠦᠯᠬᠢᠨ ᠠᠬᠢᠭᠤᠯᠬᠤ ᠰᠠᠨᠠᠯ︾᠎ ᠢ ᠬᠢᠨᠠᠮᠠᠭᠠᠢ ᠰᠣᠷᠣᠯᠴᠠᠨ ᠣᠬᠠᠭᠤᠯᠵᠦ ᠲᠣᠣᠱᠯᠠᠭᠤᠯᠣᠨ᠂ ᠠᠶᠣᠯ ᠦᠬᠡᠢ ᠦᠢᠯᠡᠳᠪᠦᠷᠢᠯᠡᠯ ᠤᠨ ᠣᠯᠠᠭᠠᠨ ᠵᠢᠷᠣᠭᠠᠰᠣ ᠶᠢᠨ ᠣᠬᠠᠮᠰᠠᠷ ᠪᠣᠯᠣᠨ ᠰᠠᠨᠠᠭᠠᠰᠢᠷᠠᠬᠤ ᠣᠬᠠᠮᠰᠠᠷ ᠢ ᠦᠨᠡᠨᠬᠦ ᠴᠢᠩᠭᠠᠳᠬᠠᠵᠦ᠂ ᠬᠠᠷᠢᠶ᠎ᠠ ᠭᠠᠵᠠᠷ ᠤᠨ ᠬᠠᠮᠢᠶᠠᠷᠣᠯᠳᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠵᠦ ᠬᠠᠮᠢᠶᠠᠷᠬᠤ ᠬᠠᠷᠢᠭᠤᠴᠠᠯᠭ᠎ᠠ ᠪᠣᠯᠣᠨ ᠠᠵᠦ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠨᠡᠬᠦᠷᠡᠰᠣᠨ ᠠᠭᠤᠷᠬᠠᠢ᠂ ᠠᠶᠣᠯᠳᠣ ᠬᠢᠮᠢ ᠶᠢᠨ ᠵᠦᠢᠯ᠂ ᠵᠠᠮ ᠬᠠᠷᠢᠯᠴᠠᠭᠠᠨ ᠤ ᠵᠦᠬᠡᠬᠡᠪᠦᠷᠢ᠂ ᠢᠨᠵᠧᠨᠧᠷᠢᠩ ᠤᠨ ᠠᠵᠢᠯ ᠬᠢᠬᠦ᠂ ᠭᠠᠯ ᠣᠨᠳᠠᠷᠠᠭᠠᠬᠤ᠂ ᠰᠣᠷᠭᠠᠨ ᠬᠦᠮᠦᠵᠢᠯ ᠵᠡᠷᠬᠡ ᠭᠤᠣᠯᠳᠠᠯᠭ᠎ᠠ ᠲᠠᠢ ᠠᠵᠢᠯ ᠲᠦᠷᠦᠯ ᠬᠦᠷᠢᠶ᠎ᠡ ᠬᠡᠪᠴᠢᠶᠡᠨ ᠳᠠᠬᠢ ᠲᠣᠰᠬᠠᠢ ᠴᠡᠭᠴᠡᠯᠡᠯᠳᠡ ᠶᠢ ᠲᠣᠪᠣᠶᠢᠯᠭᠠᠨ ᠰᠠᠶᠢᠳᠣᠷ ᠠᠳᠬᠤᠵᠦ᠂ ᠠᠶᠣᠯ ᠦᠬᠡᠢ ᠦᠢᠯᠡᠳᠪᠦᠷᠢᠯᠡᠯ ᠤᠨ ᠨᠢᠭᠤᠴᠠ ᠠᠶᠣᠯ ᠢ ᠬᠦᠨᠵᠡᠬᠡᠶᠢᠷᠡᠨ ᠪᠠᠶᠢᠴᠠᠭᠠᠵᠦ᠂ ᠴᠡᠭᠴᠡᠯᠡᠯᠳᠡ ᠎ ᠶᠢ ᠬᠦᠢᠴᠡᠳ ᠬᠢᠵᠦ᠂ ᠭᠠᠵᠠᠷ ᠰᠢᠷᠣᠢ ᠶᠢ ᠰᠠᠬᠢᠬᠤ ᠳᠤ ᠬᠠᠷᠢᠭᠤᠴᠠᠯᠭ᠎ᠠ ᠲᠠᠢ᠂ ᠭᠠᠵᠠᠷ ᠰᠢᠷᠣᠢ ᠶᠢ ᠰᠠᠬᠢᠬᠤ ᠳᠤ ᠬᠠᠷᠢᠭᠤᠴᠯᠠᠭ᠎ᠠ ᠡᠬᠦᠷᠬᠡᠯᠡᠵᠦ᠂ ᠭᠠᠵᠠᠷ ᠰᠢᠷᠣᠢ ᠶᠢ ᠰᠠᠬᠢᠬᠤ ᠳᠤ ᠬᠠᠷᠢᠭᠤᠴᠯᠠᠭ᠎ᠠ ᠪᠠᠨ ᠬᠦᠢᠴᠡᠳᠬᠡᠨ᠎ᠡ᠃ ᠬᠤᠶᠠᠷ ᠎ ᠲᠤ ᠠᠮᠣᠷ ᠲᠦᠪᠰᠢᠨ ᠣᠯᠠᠭᠠᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠨ᠎ᠠ᠃ ᠨᠡᠶᠢᠬᠡᠮ ᠤᠨ ᠵᠦᠷᠢᠴᠡᠯ ᠢ ᠬᠦᠨᠵᠡᠬᠡᠶᠢᠷᠡᠨ ᠪᠠᠶᠢᠴᠠᠭᠠᠵᠦ ᠰᠢᠢᠳᠪᠦᠷᠢᠯᠡᠨ᠂ ᠵᠦᠷᠢᠴᠡᠯ ᠵᠢᠭᠤᠷᠠᠯᠳᠣᠭᠠᠨ ᠢ ᠣᠯᠠᠨ ᠡᠰᠢᠴᠢᠯᠡᠯᠳᠡ ᠪᠠᠷ ᠰᠢᠢᠳᠪᠦᠷᠢᠯᠡᠬᠦ ᠲᠣᠭᠳᠠᠯᠴᠠᠭ᠎ᠠ ᠶᠢ ᠲᠠᠰᠣᠷᠠᠯᠳᠠ ᠦᠬᠡᠢ ᠲᠡᠬᠦᠯᠳᠡᠷᠵᠢᠬᠦᠯᠵᠦ᠂ ᠣᠯᠠᠨ ᠲᠦᠮᠡᠨ ᠤ ᠵᠦᠢ ᠵᠣᠬᠢᠰᠳᠡᠢ ᠭᠤᠶᠣᠴᠢᠯᠠᠯ ᠪᠣᠯᠣᠨ ᠪᠣᠳᠠᠳᠠᠢ ᠬᠦᠴᠢᠷ ᠢ ᠴᠢᠷᠮᠠᠶᠢᠨ ᠰᠠᠶᠢᠳᠣᠷ ᠰᠢᠢᠳᠪᠦᠷᠢᠯᠡᠵᠦ᠂ ᠲᠣᠭᠳᠠᠭᠤᠨ ᠪᠣᠰᠣ ᠨᠢᠭᠤᠴᠠ ᠠᠶᠣᠯ ᠢ ᠦᠨᠳᠦᠰᠣᠨ ᠱᠠᠳᠣ ᠪᠣᠯᠣᠨ ᠰᠣᠶᠣᠭᠠᠯᠠᠯ ᠤᠨ ᠪᠠᠶᠢᠳᠠᠯ ᠳᠤ ᠳᠤᠨᠢ ᠠᠷᠢᠯᠭᠠᠨ᠎ᠠ᠃ ᠨᠡᠶᠢᠬᠡᠮ ᠤᠨ ᠠᠮᠣᠷ ᠲᠦᠪᠰᠢᠨ ᠤ ᠪᠣᠰᠤᠭ᠎ᠠ ᠪᠡᠶᠡᠴᠢᠯᠡᠭᠰᠡᠨ ᠰᠡᠷᠬᠡᠶᠢᠯᠡᠨ ᠡᠵᠡᠮᠳᠡᠬᠦ ᠰᠢᠰᠲ᠋ᠧᠮ ᠤᠨ ᠪᠦᠳᠦᠬᠡᠨ ᠪᠠᠶᠢᠭᠤᠯᠣᠯᠳᠠ ᠶᠢ ᠲᠡᠭᠦᠯᠳᠡᠷᠵᠢᠬᠦᠯᠬᠦ ᠶᠢ ᠲᠦᠷᠬᠡᠳᠬᠡᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠮᠦᠰ ᠪᠣᠯᠣᠨ ᠴᠢᠬᠤᠯᠠ ᠬᠡᠰᠡᠭ ᠤᠨ ᠪᠠᠶᠢᠴᠠᠭᠠᠯᠳᠠ ᠪᠣᠯᠣᠨ ᠴᠡᠭᠴᠡᠯᠡᠯᠳᠡ ᠶᠢ ᠴᠢᠩᠭᠠᠳᠬᠠᠵᠦ᠂ ᠡᠯ᠎ᠡ ᠵᠦᠢᠯ ᠤᠨ ᠬᠠᠣᠯᠢ ᠶᠢ ᠵᠦᠷᠢᠴᠡᠭᠰᠡᠨ ᠶᠠᠯᠳᠣ ᠠᠵᠢᠯᠯᠠᠭ᠎ᠠ ᠶᠢ ᠰᠦᠷᠳᠡᠬᠦᠯᠬᠦ ᠪᠣᠯᠣᠨ ᠴᠣᠬᠢᠯᠳᠠ ᠦᠭᠴᠦ᠂ ᠨᠡᠶᠢᠬᠡᠮ ᠤᠨ ᠡᠶ᠎ᠡ ᠵᠣᠬᠢᠴᠠᠩᠭᠤᠢ ᠲᠣᠭᠳᠠᠭᠤᠨ ᠪᠠᠶᠢᠬᠤ ᠶᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ ᠢᠳᠡᠬᠡᠨ ᠤ ᠵᠦᠢᠯ ᠡᠮ ᠤᠨ ᠵᠦᠢᠯ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢ ᠲᠡᠭᠡᠳᠣ ᠬᠡᠮᠵᠢᠶ᠎ᠡ ᠪᠠᠷ ᠴᠢᠬᠤᠯᠴᠢᠯᠠᠨ᠂ ᠣᠯᠠᠨ ᠲᠦᠮᠡᠨ ᠤ ᠰᠠᠨᠠᠭ᠎ᠠ ᠠᠮᠣᠷ ᠢᠳᠡᠬᠡᠨ ᠡᠮ ᠬᠡᠷᠡᠭᠯᠡᠬᠦ ᠶᠢ ᠪᠠᠳᠣᠯᠠᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠬᠡᠨ ᠤ ᠬᠦᠳᠡᠯᠦᠩᠬᠦᠢ ᠪᠠᠶᠢᠳᠠᠯ ᠎ ᠤᠨ ᠬᠠᠮᠢᠶᠠᠷᠣᠯᠳᠠ ᠡᠵᠡᠮᠳᠡᠯ ᠢ ᠴᠢᠩᠭᠠᠳᠬᠠᠵᠦ᠂ ᠣᠬᠢ ᠰᠠᠶᠢᠨ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠢ ᠪᠣᠢ ᠪᠣᠯᠭᠠᠨ᠎ᠠ᠃      ᠭᠤᠷᠪᠠ   ᠬᠠᠮᠢᠶᠠᠷᠣᠯᠳᠠ ᠶᠢᠨ ᠵᠦᠪᠯᠡᠯ ᠤᠨ ᠲᠣᠰ ᠪᠡᠶ᠎ᠡ ᠶᠢᠨ ᠪᠦᠳᠦᠬᠡᠨ ᠪᠠᠶᠢᠭᠤᠯᠣᠯᠳᠠ ᠶᠢ ᠦᠨᠡᠨᠬᠦ ᠴᠢᠩᠭᠠᠳᠬᠠᠨ᠎ᠠ᠃      ᠰᠢᠨ᠎ᠡ ᠴᠠᠭ ᠤᠨ ᠪᠠᠶᠢᠳᠠᠯ ᠪᠣᠯᠣᠨ ᠡᠬᠦᠷᠬᠡ᠂ ᠮᠠᠨ ᠤ ᠠᠵᠢᠯ ᠳᠤ ᠰᠢᠨ᠎ᠠ ᠨᠡᠩ ᠦᠨᠳᠦᠷ ᠱᠠᠭᠠᠷᠳᠠᠯᠭ᠎ᠠ ᠲᠣᠷᠠᠳᠣᠭᠰᠠᠨ ᠪᠠᠶᠢᠨ᠎ᠠ᠃ ᠪᠢᠳᠡ ᠡᠷᠬᠡᠪᠡᠰᠢ ᠲᠣᠰ ᠪᠡᠶ᠎ᠡ ᠶᠢᠨ ᠪᠦᠳᠦᠬᠡᠨ ᠪᠠᠶᠢᠭᠤᠯᠣᠯᠳᠠ ᠶᠢ ᠣᠯᠠᠮ ᠨᠢᠬᠡ ᠠᠯᠬᠤᠮ ᠴᠢᠩᠭᠠᠳᠬᠠᠵᠦ᠂ ᠬᠠᠣᠯᠢ ᠪᠠᠷ ᠵᠠᠰᠠᠬᠤ᠂ ᠦᠨᠳᠦᠷ ᠪᠦᠳᠦᠮᠵᠢ ᠲᠠᠢ᠂ ᠴᠢᠬᠡᠴᠢ ᠵᠠᠰᠠᠭ ᠤᠨ ᠣᠷᠳᠣᠨ ᠢ ᠬᠦᠴᠦᠯᠡᠨ ᠴᠣᠭᠴᠠᠯᠠᠬᠤ ᠬᠡᠷᠡᠭᠳᠡᠢ᠃      ᠨᠢᠬᠡ ᠳᠤ ᠬᠠᠣᠯᠢ ᠪᠠᠷ ᠵᠰᠠᠭ ᠶᠠᠪᠣᠭᠤᠯᠬᠤ ᠶᠢ ᠪᠠᠷᠢᠮᠳᠠᠯᠠᠨ᠎ᠠ᠃ ᠣᠬᠠᠮᠰᠠᠷ ᠠᠴᠠ ᠪᠠᠨ ᠬᠠᠣᠯᠢ ᠪᠠᠷ ᠵᠠᠰᠠᠬᠤ ᠣᠶᠢᠯᠠᠭᠠᠯᠳᠠ᠂ ᠬᠠᠣᠯᠢ ᠪᠠᠷ ᠵᠠᠰᠠᠬᠤ ᠰᠡᠳᠬᠢᠬᠦᠢ ᠪᠣᠯᠣᠨ ᠬᠠᠣᠯᠢ ᠪᠠᠷ ᠵᠠᠰᠠᠬᠤ ᠠᠷᠭ᠎ᠠ ᠪᠠᠷᠢᠯ ᠢ ᠠᠰᠢᠭᠯᠠᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠵᠦᠷᠢᠴᠡᠯ ᠢ ᠰᠢᠢᠳᠪᠦᠷᠢᠯᠡᠨ᠂ ᠠᠵᠢᠯ ᠢᠶᠠᠨ ᠲᠦᠯᠬᠢᠨ ᠠᠬᠢᠭᠤᠯᠣᠨ᠎ᠠ᠃ ᠬᠠᠣᠯᠢ ᠪᠠᠷ ᠲᠣᠭᠳᠠᠭᠠᠭᠰᠠᠨ ᠡᠷᠬᠡ ᠶᠢᠨ ᠬᠢᠵᠠᠭᠠᠷ᠂  ᠬᠠᠣᠯᠢ ᠪᠠᠷ ᠲᠣᠭᠳᠠᠭᠠᠭᠰᠠᠨ ᠶᠠᠪᠣᠴᠠ ᠪᠣᠯᠣᠨ ᠡᠷᠬᠡ ᠶᠢᠨ ᠲᠠᠩᠰᠠ ᠪᠦᠷᠢᠳᠦᠯ᠂ ᠬᠠᠷᠢᠭᠤᠴᠠᠯᠭ᠎ᠠ ᠶᠢᠨ ᠲᠠᠩᠰᠠ ᠪᠦᠷᠢᠳᠦᠯ ᠢᠶᠠᠷ ᠡᠷᠬᠡ ᠪᠠᠨ ᠬᠡᠷᠡᠭᠵᠢᠬᠦᠯᠦᠨ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ ᠲᠦᠷᠢᠮᠵᠢᠬᠦᠯᠵᠦ᠂ ᠬᠠᠮᠢᠶᠠᠷᠣᠯᠳᠠ ᠶᠢᠨ ᠵᠦᠪᠯᠡᠯ ᠤᠨ ᠠᠵᠢᠯᠯᠠᠬᠤ ᠴᠢᠳᠡᠪᠣᠷᠢ ᠪᠣᠯᠣᠨ ᠢᠳᠡᠬᠡᠮᠵᠢ ᠶᠢ ᠣᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ ︽ᠲᠣᠯᠤᠭ᠎ᠠ ᠲᠠᠪᠤ︾ ᠬᠠᠣᠯᠢ ᠶᠢᠨ ᠲᠦᠬᠡᠮᠡᠯᠵᠢᠬᠦᠯᠦᠯᠳᠡ ᠶᠢ ᠬᠦᠨᠵᠡᠬᠡᠢ ᠦᠷᠨᠢᠬᠦᠯᠵᠦ᠂ ᠪᠦᠬᠦ ᠠᠷᠠᠳ ᠤᠨ ᠬᠠᠣᠯᠢ ᠪᠠᠷ ᠵᠠᠰᠠᠬᠤ ᠣᠬᠠᠮᠰᠠᠷ ᠢ ᠴᠢᠩᠭᠠᠳᠬᠠᠨ᠎ᠠ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠠᠷᠢᠮᠳᠠᠯᠠᠨ᠂ ᠵᠠᠰᠠᠭ ᠵᠠᠬᠢᠷᠭᠠᠨ ᠤ ᠡᠷᠬᠡ ᠶᠢᠨ ᠬᠡᠷᠡᠭᠯᠡᠭᠡ᠂ ᠣᠯᠠᠨ ᠨᠡᠶᠢᠳᠡ ᠶᠢᠨ ᠡᠬᠢ ᠪᠠᠶᠠᠯᠢᠭ ᠎ ᠤᠨ ᠲᠣᠬᠢᠷᠠᠭᠤᠯᠣᠯᠳᠠ ᠵᠡᠷᠬᠡ ᠰᠣᠷᠠᠭ ᠵᠠᠩᠬᠢ ᠶᠢ ᠢᠯᠡ ᠪᠣᠯᠭᠠᠬᠤ ᠶᠢ ᠬᠦᠨᠵᠡᠬᠡᠶᠢᠷᠡᠬᠦᠯᠵᠦ᠂ ᠡᠷᠬᠡ ᠶᠢ ᠲᠣᠩᠭᠠᠯᠠᠭ ᠬᠡᠷᠡᠭᠵᠢᠬᠦᠯᠦᠨ᠎ᠡ᠃     ᠬᠤᠶᠠᠷ ᠲᠤ ᠦᠨᠳᠦᠷ ᠪᠦᠳᠦᠮᠵᠢᠳᠡᠢ ᠵᠠᠰᠠᠭ ᠶᠠᠪᠣᠭᠤᠯᠬᠤ ᠶᠢ ᠪᠠᠷᠢᠮᠳᠠᠯᠠᠨ᠎ᠠ᠃ ᠱᠠᠭᠠᠷᠳᠠᠨ ᠪᠠᠶᠢᠴᠠᠭᠠᠬᠤ ᠠᠵᠢᠯ ᠢ ᠬᠠᠳᠠᠭᠤ ᠠᠳᠬᠤᠵᠦ᠂ ᠴᠢᠬᠤᠯᠠ ᠶᠡᠭᠡ ᠰᠢᠢᠳᠪᠦᠷᠢ ᠶᠢ ᠪᠠᠶᠢᠷᠢᠰᠢᠭᠤᠯᠬᠤ᠂ ᠬᠦᠨᠳᠣ ᠴᠢᠬᠤᠯᠠ ᠬᠤᠷᠠᠯ ᠤᠨ ᠵᠣᠷᠢᠭ ᠰᠠᠨᠠᠭ᠎ᠠ᠂ ᠭᠤᠣᠯᠳᠠᠯᠭ᠎ᠠ ᠲᠠᠢ ᠲᠦᠰᠦᠯ ᠤᠨ ᠪᠠᠶᠢᠭᠤᠯᠣᠯᠳᠠ ᠶᠢ ᠮᠦᠷᠳᠡᠨ ᠱᠠᠭᠠᠷᠳᠠᠨ ᠬᠦᠢᠴᠡᠳᠬᠡᠬᠦ ᠬᠦᠴᠦ ᠎ ᠶᠢ ᠶᠡᠬᠡᠳᠬᠡᠵᠦ᠂ ᠱᠠᠭᠠᠷᠳᠠᠨ ᠪᠠᠶᠢᠴᠠᠭᠠᠬᠤ ᠬᠢᠨᠠᠨ ᠰᠢᠯᠭᠠᠬᠤ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠵᠦ᠂ ᠰᠢᠢᠳᠪᠦᠷᠢ ᠶᠢ ᠪᠠᠶᠢᠷᠢᠰᠢᠭᠤᠯᠬᠤ ᠶᠢ ᠬᠡᠷᠡᠭᠵᠢᠬᠦᠯᠬᠦ ︽ᠬᠠᠮᠤᠭ ᠰᠡᠬᠦᠯᠴᠢ ᠶᠢᠨ ᠨᠢᠬᠡ ᠺᠢᠯᠦᠮᠧᠲᠷ︾᠎ ᠢ ᠨᠡᠪᠳᠡᠷᠡᠬᠦᠯᠦᠨ᠎ᠡ᠃ ︽ᠰᠦᠯᠵᠢᠶ᠎ᠡ + ᠵᠠᠰᠠᠭ ᠤᠨ ᠶᠠᠪᠣᠳᠠᠯ ᠤᠨ ᠦᠢᠯᠡᠴᠢᠯᠡᠭᠡ︾᠎ ᠶᠢ ᠲᠦᠯᠬᠢᠨ ᠠᠬᠢᠭᠤᠯᠵᠦ᠂ ᠰᠠᠯᠠᠭ᠎ᠠ ᠮᠦᠴᠢᠷ ᠤᠨ ᠬᠤᠭᠤᠷᠣᠨᠳᠣ ᠪᠠᠨ ᠲᠤᠭ᠎ᠠ ᠪᠠᠷᠢᠮᠳᠠ ᠶᠢ ᠬᠠᠮᠳᠣ ᠪᠠᠷ ᠡᠳ᠋ᠯᠡᠵᠦ᠂ ᠣᠶᠣᠨᠯᠢᠭ ᠮᠠᠶ᠋ᠢᠭ ᠤᠨ ᠵᠠᠰᠠᠭ ᠤᠨ ᠣᠷᠳᠣᠨ ᠢ ᠴᠣᠭᠴᠠᠯᠠᠨ᠎ᠠ᠃ ᠰᠠᠨᠠᠭᠠᠴᠢᠯᠠᠭ᠎ᠠ ᠲᠠᠢ ᠪᠠᠷ ᠡᠬᠦᠷᠬᠡᠯᠡᠵᠦ᠂ ᠠᠵᠢᠯ ᠢᠶᠠᠨ ᠴᠢᠷᠮᠠᠶᠢᠨ ᠬᠦᠢᠴᠡᠳᠬᠡᠵᠦ᠂ ᠵᠣᠯᠪᠣᠭᠠᠯᠢᠭ ᠲᠡᠭᠡᠭᠰᠢᠯᠡᠬᠦ᠂ ᠨᠠᠶᠢᠳᠠᠪᠣᠷᠢᠳᠠᠢ ᠪᠣᠯᠬᠤ ᠪᠠᠷ ᠴᠢᠷᠮᠠᠶᠢᠨ᠂ ᠲᠡᠷᠢᠬᠦᠨ ᠢ ᠲᠡᠮᠡᠴᠡᠬᠦ ᠵᠣᠷᠢᠭ ᠰᠠᠨᠠᠭᠠᠨ ᠪᠠᠶᠢᠳᠠᠯ ᠲᠠᠢ᠂ ᠶᠡᠭᠡ ᠬᠦᠴᠦ ᠪᠠᠷ ᠦᠢᠯᠡᠳᠦᠯᠬᠡᠵᠢᠬᠦᠯᠵᠦ ᠲᠡᠷᠡ ᠲᠣᠣᠷ᠎ᠠ ᠨᠢ ᠬᠦᠢᠴᠡᠳᠬᠡᠬᠦ᠂ ᠴᠠᠭ ᠨᠠᠮ᠎ᠠ ᠶᠢ ᠬᠦᠯᠢᠶᠡᠬᠦ ᠦᠬᠡᠢ ᠰᠢᠯᠢᠳᠡᠭ ᠠᠵᠢᠯ ᠤᠨ ᠰᠣᠷᠳᠠᠯ ᠢ ᠦᠨᠢᠳᠡ ᠪᠠᠷᠢᠮᠳᠠᠯᠠᠨ᠂ ᠬᠠᠳᠠᠭᠤ ᠪᠡᠷᠬᠡ ᠶᠢ ᠰᠢᠪᠳᠣᠯᠵᠦ ᠬᠦᠴᠢᠷ ᠪᠡᠷᠬᠡ ᠶᠢ ᠢᠯᠡᠨ ᠲᠠᠪᠠᠭ᠋ᠣ ᠲᠣᠮᠳᠠ ᠰᠢᠨ᠎ᠡ ᠬᠡᠪ ᠲᠦᠷᠰᠣ ᠶᠢ ᠴᠣᠭᠴᠠᠯᠠᠨ᠂ ᠰᠢᠨ᠎ᠡ ᠦᠢᠯᠡᠳᠦᠯ ᠢ ᠬᠠᠷᠠᠭᠤᠯᠣᠨ᠎ᠠ᠃      ᠭᠤᠷᠪᠠ ᠳᠤ ᠠᠷᠢᠭᠤᠨ ᠴᠢᠬᠡᠴᠢ ᠪᠠᠷ ᠵᠠᠰᠠᠭ ᠪᠠᠷᠢᠨ᠎ᠠ᠃ ︽ᠰᠢᠨ᠎ᠡ ᠴᠠᠭ ᠦᠶ᠎ᠡ ᠶᠢᠨ ᠪᠠᠶᠢᠳᠠᠯ ᠲᠣᠣᠷ᠎ᠠ ᠨᠠᠮ ᠤᠨ ᠲᠣᠳᠣᠷᠠᠬᠢ ᠣᠯᠣᠰ ᠲᠦᠷᠦ ᠶᠢᠨ ᠠᠮᠢᠳᠣᠷᠠᠯ ᠤᠨ ᠬᠡᠳᠣᠨ ᠵᠠᠷᠴᠢᠮ︾ ᠪᠣᠯᠣᠨ ︽ᠲᠣᠮᠳᠠᠳᠣ ᠣᠯᠣᠰ ᠤᠨ ᠡᠪ ᠬᠠᠮᠳᠣ ᠨᠠᠮ ᠤᠨ ᠨᠠᠮ ᠤᠨ ᠲᠣᠳᠣᠭᠠᠳᠣ ᠶᠢᠨ ᠬᠢᠨᠠᠯᠳᠠ ᠱᠠᠭᠠᠷᠳᠠᠬᠤ ᠵᠣᠷᠪᠣᠰ︾ ᠵᠡᠷᠬᠡ ᠨᠠᠮ ᠤᠨ ᠲᠣᠳᠣᠭᠠᠳᠣ ᠎ ᠶᠢᠨ ᠬᠠᠣᠯᠢ ᠲᠦᠷᠢᠮ ᠢ ᠬᠢᠨᠠᠮᠠᠭᠠᠢ ᠲᠣᠣᠱᠯᠠᠭᠤᠯᠣᠨ ᠬᠡᠷᠡᠭᠵᠢᠬᠦᠯᠵᠦ᠂ ᠨᠠᠮ ᠤᠨ ᠴᠢᠬᠡᠴᠢ ᠵᠠᠰᠠᠭ ᠤᠨ ᠪᠠᠶᠢᠭᠤᠯᠣᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠵᠦ᠂ ᠲᠦᠪ ᠤᠨ ︽ᠨᠠᠢᠮᠠᠨ ᠵᠦᠢᠯ ᠤᠨ ᠲᠣᠭᠳᠠᠭᠠᠯ︾᠎ ᠢ ᠦᠨᠢᠳᠡ ᠪᠠᠷᠢᠮᠳᠠᠯᠠᠨ᠂ ᠬᠠᠣᠯᠢ ᠶᠢ ᠵᠦᠷᠢᠴᠡᠵᠦ ᠰᠠᠬᠢᠯᠭ᠎ᠠ ᠶᠢ ᠡᠪᠳᠡᠭᠰᠡᠨ ᠦᠢᠯᠡ ᠠᠵᠢᠯᠯᠠᠭ᠎ᠠ ᠶᠢ ᠬᠠᠳᠠᠭᠤ ᠪᠠᠷ ᠶᠠᠯᠠᠯᠠᠨ᠎ᠠ᠃ ᠣᠯᠠᠨ ᠨᠡᠶᠢᠳᠡ ᠶᠢᠨ ᠡᠬᠢ ᠪᠠᠶᠠᠯᠢᠭ ᠤᠨ ᠬᠠᠮᠢᠶᠠᠷᠣᠯᠳᠠ ᠶᠢ ᠴᠢᠩᠭ᠎ᠠ ᠬᠠᠮᠢᠶᠠᠷᠴᠣ᠂ ᠲᠠᠷᠢᠶᠠᠯᠠᠩ ᠮᠠᠯᠵᠢᠯ ᠢ ᠲᠡᠮᠵᠢᠬᠦ ᠪᠡᠯᠡ ᠮᠦᠩᠬᠦ᠂ ᠠᠷᠠᠳ ᠤᠨ ᠠᠮᠢᠳᠣᠷᠠᠯ ᠢ ᠪᠠᠳᠣᠯᠠᠬᠤ᠂ ᠵᠠᠰᠠᠭ ᠤᠨ ᠣᠷᠳᠣᠨ ᠤ ᠬᠤᠳᠠᠯᠳᠣᠨ ᠠᠪᠬᠤ᠂ ᠭᠠᠵᠠᠷ ᠰᠢᠷᠣᠢ ᠶᠢ ᠰᠢᠯᠵᠢᠬᠦᠯᠬᠦ᠂ ᠢᠨᠵᠧᠨᠧᠷᠢᠩ ᠤᠨ ᠦᠷᠢᠰᠦᠯᠳᠦᠬᠡᠨ ᠳᠤ ᠣᠷᠢᠬᠤ ᠣᠷᠣᠯᠴᠠᠬᠤ ᠵᠡᠷᠬᠡ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠭᠴᠤᠭ᠎ᠠ ᠶᠢᠨ ᠬᠢᠨᠠᠯᠳᠠ ᠬᠠᠮᠢᠶᠠᠷᠣᠯᠳᠠ ᠶᠢ ᠦᠨᠡᠨᠬᠦ ᠴᠢᠩᠭᠠᠳᠬᠠᠨ᠎ᠠ᠃ ᠬᠦᠢᠴᠡᠯᠳᠦᠬᠦ ᠦᠬᠡᠢ ᠠᠮᠢᠳᠣᠷᠠᠬᠤ ᠦᠵᠡᠯ ᠰᠠᠨᠠᠭ᠎ᠠ ᠶᠢ ᠴᠣᠭᠴᠠᠯᠠᠵᠦ᠂ ᠰᠢᠨ᠎ᠡ ᠲᠦᠰᠦᠪ ᠤᠨ ᠬᠠᠣᠯᠢ ᠶᠢ ᠬᠢᠨᠠᠮᠠᠭᠠᠢ ᠲᠣᠣᠱᠯᠠᠭᠤᠯᠵᠦ᠂ ᠴᠢᠩᠭ᠎ᠠ ᠬᠠᠳᠠᠭᠤ ᠲᠦᠰᠦᠪᠯᠡᠨ ᠠᠵᠢᠯᠯᠠᠵᠦ᠂ ︽ᠭᠤᠷᠪᠠᠨ ᠨᠡᠶᠢᠳᠡ︾᠎ ᠶᠢᠨ ᠵᠠᠷᠣᠳᠠᠯ ᠤᠨ ᠵᠠᠷᠣᠯᠭ᠎ᠠ ᠶᠢ ᠴᠢᠩᠭ᠎ᠠ ᠡᠵᠡᠮᠳᠡᠨ᠂ ᠣᠯᠠᠨ ᠨᠡᠶᠢᠳᠡ ᠶᠢᠨ ᠡᠳ᠋ ᠤᠨ ᠬᠦᠴᠦᠨ ᠢ ᠠᠷᠠᠳ ᠤᠨ ᠠᠮᠢᠳᠣᠷᠠᠯ ᠢ ᠰᠠᠶᠢᠵᠢᠷᠠᠭᠤᠯᠬᠤ᠂ ᠬᠦᠭᠵᠢᠯᠳᠡ ᠶᠢ ᠲᠦᠯᠬᠢᠨ ᠬᠦᠳᠡᠯᠬᠡᠬᠦ ᠲᠡᠭᠡᠷ᠎ᠡ ᠬᠡᠷᠡᠭᠯᠡᠨ᠎ᠡ᠃ ᠴᠢᠬᠡᠴᠢ ᠵᠠᠰᠠᠭ ᠪᠣᠯᠣᠨ ᠰᠠᠬᠢᠯᠭ᠎ᠠ ᠶᠢᠨ ᠰᠣᠷᠭᠠᠨ ᠬᠦᠮᠦᠵᠢᠯ ᠢ ᠴᠢᠩᠭᠠᠳᠬᠠᠵᠦ᠂ ᠴᠢᠬᠡᠴᠢ ᠠᠷᠢᠭᠤᠨ ᠦᠪᠡᠷ ᠢ ᠪᠠᠨ ᠱᠠᠭᠠᠷᠳᠠᠬᠤ ᠣᠬᠠᠮᠰᠠᠷ ᠢ ᠨᠡᠮᠡᠭᠳᠡᠬᠦᠯᠦᠨ᠂ ᠢᠯᠵᠠᠷᠠᠮᠠᠯ ᠢ ᠡᠰᠡᠷᠬᠦᠴᠡᠬᠦ ᠬᠤᠪᠢᠷᠠᠬᠤ ᠶᠢ ᠰᠡᠷᠬᠡᠶᠢᠯᠡᠬᠦ ᠴᠢᠳᠠᠪᠣᠷᠢ ᠶᠢ ᠲᠡᠭᠡᠭᠰᠢᠯᠡᠬᠦᠯᠵᠦ᠂ ᠴᠢᠬᠡᠴᠢ ᠠᠷᠢᠭᠤᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃      ᠦᠨᠦ ᠵᠢᠯ ᠤᠨ ᠠᠵᠢᠯ ᠡᠬᠦᠷᠬᠡ ᠨᠢᠬᠡᠨᠳᠡ ᠲᠣᠳᠣᠷᠬᠠᠢ ᠪᠣᠯᠣᠭᠰᠠᠨ ᠪᠣᠯᠪᠠᠴᠣ᠂ ᠵᠠᠩᠬᠢᠯᠠᠭ᠎ᠠ ᠨᠢ ᠰᠠᠶᠢᠳᠣᠷ ᠠᠳᠬᠤᠵᠦ ᠬᠡᠷᠡᠭᠵᠢᠬᠦᠯᠬᠦ ᠳᠤᠷ ᠪᠣᠢ᠃ ᠡᠯ᠎ᠡ ᠲᠠᠯᠠᠪᠠᠢ ᠪᠠᠯᠭᠠᠰᠣ ᠡᠯ᠎ᠡ ᠰᠠᠯᠠᠭ᠎ᠠ ᠮᠦᠴᠢᠷ ᠴᠢᠷᠮᠡᠶᠢᠨ ᠬᠢᠵᠦ᠂ ᠬᠦᠴᠢᠷ ᠢ ᠰᠦᠷᠴᠣ ᠣᠷᠣᠭᠰᠢᠯᠠᠬᠤ᠂ ᠦᠨᠡᠨ ᠠᠳᠬᠤᠵᠦ ᠪᠣᠳᠠᠳᠠᠢ ᠪᠠᠷ ᠬᠢᠬᠦ ᠵᠣᠷᠢᠭ ᠰᠠᠨᠠᠭᠠᠨ ᠤ ᠪᠠᠶᠢᠳᠠᠯ ᠢ ᠦᠨᠢᠳᠡ ᠬᠠᠳᠠᠭᠠᠯᠠᠨ᠂ ᠬᠠᠷᠢᠭᠤᠴᠠᠯᠭ᠎ᠠ ᠶᠢ ᠡᠬᠦᠷᠬᠡᠯᠡᠨ ᠠᠪᠴᠣ᠂ ᠠᠵᠢᠯ ᠢᠶᠠᠨ ᠰᠠᠶᠢᠳᠣᠷ ᠪᠠᠶᠢᠷᠢᠰᠢᠭᠤᠯᠣᠨ᠎ᠠ᠃ ᠡᠯ᠎ᠡ ᠱᠠᠳᠣᠨ ᠤ ᠣᠳᠣᠷᠢᠳᠣᠯᠭ᠎ᠠ ᠺᠠᠳ᠋ᠷ ᠬᠦᠢᠴᠡᠨ ᠲᠠᠪᠠᠭ᠋ᠣ ᠣᠬᠠᠮᠰᠠᠷ ᠢ ᠰᠠᠭᠤᠷᠢᠯᠢᠭ ᠪᠣᠢ ᠪᠣᠯᠭᠠᠵᠦ᠂ ᠡᠷᠡᠰ ᠲᠠᠰᠣᠷᠬᠠᠢ᠂ ᠦᠷᠯᠦᠬᠡ ᠦᠳᠡᠰᠢ ᠪᠠᠷ ᠲᠡᠮᠡᠴᠡᠬᠦ ᠪᠠᠴᠢᠮᠳᠠᠭᠤ ᠰᠡᠳᠬᠢᠯᠬᠡ ᠪᠣᠯᠣᠨ ᠬᠠᠷᠢᠭᠤᠴᠠᠯᠭᠠᠳᠣ ᠰᠡᠳᠬᠢᠯᠬᠡ ᠪᠠᠷ ᠬᠢᠨᠠᠮᠠᠭᠠᠢ ᠬᠠᠷᠢᠭᠤᠴᠠᠵᠦ᠂ ᠨᠠᠷᠢᠨ ᠵᠦᠢᠯᠡᠰ ᠢ ᠠᠩᠬᠠᠷᠣᠨ᠂ ᠵᠣᠷᠢᠭᠳᠠᠢ ᠪᠠᠷ ᠬᠢᠵᠦ᠂ ᠡᠮᠦᠨ᠎ᠡ ᠹᠷᠣᠨᠲ ᠲᠡᠭᠡᠷ᠎ᠡ ᠠᠵᠢᠯ ᠢᠶᠠᠨ ᠲᠦᠯᠬᠢᠨ ᠬᠦᠳᠡᠯᠬᠡᠵᠦ᠂ ᠠᠵᠢᠯ ᠤᠨ ᠱᠠᠭᠠᠷᠳᠠᠯᠭ᠎ᠠ ᠮᠦᠷᠳᠡᠯᠳᠡ ᠪᠦᠳᠦᠮᠵᠢ ᠠᠰᠠᠭᠤᠬᠤ ᠲᠡᠭᠡᠷ᠎ᠡ ᠬᠠᠳᠠᠭᠤ ᠴᠠᠭ ᠵᠠᠷᠣᠴᠠᠭᠤᠯᠵᠦ᠂ ᠡᠯ᠎ᠡ ᠲᠦᠷᠦᠯ ᠤᠨ ᠠᠵᠢᠯ ᠢᠶᠠᠨ ᠴᠢᠳᠠᠯ ᠢᠶᠠᠷ ᠢᠶᠠᠨ ᠰᠠᠶᠢᠳᠣᠷ ᠬᠡᠷᠡᠭᠵᠢᠬᠦᠯᠦᠨ᠎ᠡ᠃      ᠨᠦᠬᠦᠳ ᠡ᠂ ᠰᠢᠨ᠎ᠡ ᠲᠣᠬᠢᠶᠠᠯ ᠪᠣᠯᠣᠨ ᠦᠷᠢᠰᠦᠯᠳᠦᠬᠡᠨ ᠤ ᠡᠮᠦᠨ᠎ᠡ᠂ ᠪᠢᠳᠡ ᠨᠡᠷ ᠠᠶᠢᠮᠠᠭ ᠤᠨ ᠬᠤᠷᠢᠶ᠎ᠠ᠂ ᠵᠠᠰᠠᠭ ᠵᠠᠬᠢᠷᠭᠠᠨ ᠪᠣᠯᠣᠨ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠡᠷᠡᠰ ᠬᠠᠳᠠᠭᠤ ᠣᠳᠣᠷᠢᠳᠣᠯᠭ᠎ᠠ ᠲᠣᠣᠷ᠎ᠠ᠂ ᠪᠦᠬᠦ ᠵᠢᠯ ᠤᠨ ᠡᠯ᠎ᠡ ᠲᠦᠷᠦᠯ ᠤᠨ ᠠᠵᠢᠯ ᠢᠶᠠᠨ ᠰᠠᠭᠤᠷᠢᠯᠢᠭ ᠰᠠᠶᠢᠬᠠᠨ ᠪᠡᠶᠡᠯᠡᠬᠦᠯᠵᠦ᠂ ᠬᠠᠮᠢᠶᠠᠷᠣᠯᠳᠠ ᠶᠢᠨ ᠣᠷᠣᠨ ᠤ ᠠᠵᠦ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠲᠦᠯᠬᠢᠨ ᠠᠬᠢᠭᠤᠯᠬᠤ ᠳᠤ ᠨᠡᠩ ᠶᠡᠭᠡ ᠰᠢᠨ᠎ᠡ ᠵᠢᠳᠬᠦᠯ  ᠦᠵᠡᠬᠦᠯᠦᠶ᠎ᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号