ᠬᠠᠮᠢᠶᠠᠷᠣᠯᠳᠠ ᠶᠢᠨ ᠣᠷᠣᠨ ᠠᠴᠠ ᠢᠳᠡᠬᠡᠨ ᠤ ᠢᠷᠡᠯᠳᠡ ᠶᠢᠨ ᠴᠢᠨᠠᠷ ᠲᠠᠢ ᠡᠪᠡᠳᠴᠢᠨ ᠬᠢᠵᠢᠭ ᠢ ᠬᠢᠨᠠᠨ ᠪᠠᠶᠢᠴᠠᠭᠠᠬᠤ ᠠᠵᠢᠯ ᠢ ᠡᠷᠴᠢᠮᠳᠡᠢ ᠬᠢᠵᠦ ᠪᠣᠢ
ᠨᠡᠶᠢᠲᠡᠯᠡᠭᠰᠡᠨ ᠴᠠᠭ᠄
2017-09-20
     2017 ᠣᠨ ᠳᠤ ᠣᠯᠠᠭᠠᠢ ᠬᠠᠮᠢᠶᠠᠷᠣᠯᠳᠠ ᠶᠢᠨ ᠣᠷᠣᠨ ᠠᠴᠠ ᠢᠳᠡᠬᠡᠨ ᠤ ᠢᠷᠡᠯᠳᠡ ᠶᠢᠨ ᠴᠢᠨᠠᠷ ᠲᠠᠢ ᠡᠪᠡᠳᠴᠢᠨ ᠬᠢᠵᠢᠭ ᠢ ᠬᠢᠨᠠᠨ ᠪᠠᠶᠢᠴᠠᠭᠠᠬᠤ ᠠᠵᠢᠯ ᠢᠶᠠᠷ ᠭᠠᠷᠤᠭ᠎ᠠ ᠪᠣᠯᠭᠠᠵᠦ᠂ ᠠᠯᠬᠤᠮ ᠲᠠᠷᠠᠭᠠᠯᠠᠨ ᠢᠳᠡᠬᠡᠨ ᠤ ᠢᠷᠡᠯᠳᠡ ᠶᠢᠨ ᠴᠢᠨᠠᠷ ᠲᠠᠢ ᠡᠪᠡᠳᠴᠢᠨ ᠬᠢᠵᠢᠭ ᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠦ᠂ ᠲᠠᠨᠢᠯᠳᠠ ᠶᠢ ᠲᠡᠭᠡᠭᠰᠢᠯᠡᠬᠦᠯᠦᠨ᠂ ᠵᠣᠬᠢᠶᠠᠨ ᠪᠠᠶᠢᠭᠤᠯᠣᠯᠳᠠ ᠶᠢᠨ ᠪᠠᠳᠣᠯᠠᠭ᠎ᠠ ᠶᠢ ᠬᠡᠷᠡᠭᠵᠢᠬᠦᠯᠵᠦ᠂ ᠬᠠᠮᠢᠶᠠᠷᠣᠯᠳᠠ ᠶᠢ ᠴᠢᠩᠭᠠᠳᠬᠠᠵᠦ᠂ ᠬᠠᠷᠢᠭᠤᠴᠠᠯᠭ᠎ᠠ ᠶᠢ ᠲᠣᠳᠣᠳᠬᠠᠨ᠂ ᠪᠦᠳᠦᠮᠵᠢᠳᠡᠢ ᠲᠠᠰᠬᠠᠯᠵᠢᠭᠤᠯᠵᠦ᠂ ᠠᠵᠢᠯ ᠤᠨ ᠶᠠᠰᠣ ᠴᠢᠨᠠᠷ ᠎ ᠢ ᠲᠡᠭᠡᠭᠰᠢᠯᠡᠬᠦᠯᠵᠦ᠂ ᠬᠢᠨᠠᠨ ᠪᠠᠶᠢᠴᠠᠭᠠᠬᠤ ᠠᠵᠢᠯ ᠢ ᠲᠦᠷᠢᠮᠵᠢᠬᠦᠨ᠂ ᠡᠷᠴᠢᠮᠳᠡᠢ᠂ ᠡᠮᠬᠢ ᠵᠢᠷᠣᠮ ᠲᠠᠢ ᠦᠷᠨᠢᠬᠦᠯᠬᠦ ᠎ ᠶᠢ ᠪᠠᠳᠣᠯᠠᠵᠦ ᠪᠣᠢ᠃     8 ᠰᠠᠷ᠎ᠠ ᠶᠢᠨ 31 ᠪᠣᠯᠳᠠᠯ᠎ᠠ᠂ ᠬᠠᠮᠢᠶᠠᠷᠣᠯᠳᠠ ᠶᠢᠨ ᠣᠷᠣᠨ ᠠᠴᠠ ᠬᠢᠨᠠᠨ ᠬᠡᠮᠵᠢᠬᠦ ᠰᠢᠰᠲ᠋ᠧᠮ ᠪᠠᠷ ᠲᠠᠮᠵᠢᠵᠦ ᠨᠡᠶᠢᠳᠡ 117 ᠵᠢᠱᠢᠶ᠎ᠠ ᠢᠳᠡᠬᠡᠨ ᠤ ᠢᠷᠡᠯᠳᠡ ᠶᠢᠨ ᠴᠢᠨᠠᠷ ᠲᠠᠢ ᠡᠪᠡᠳᠴᠢᠨ ᠤ ᠵᠢᠱᠢᠶ᠎ᠡ ᠶᠢ ᠲᠡᠭᠡᠭᠰᠢ ᠮᠡᠳᠡᠬᠦᠯᠵᠦ᠂ ᠠᠶᠢᠮᠠᠭ ᠤᠨ ᠡᠷᠡᠬᠦᠯ ᠲᠦᠯᠦᠪᠯᠡᠬᠡᠳᠣ ᠶᠢᠨ ᠵᠦᠪᠯᠡᠯ ᠤᠨ ᠲᠣᠭᠳᠠᠭᠠᠭᠰᠠᠨ ᠵᠢᠯ ᠤᠨ 150 ᠵᠢᠱᠢᠶ᠎ᠡ ᠶᠢᠨ ᠡᠬᠦᠷᠬᠡ ᠎ ᠪᠠᠷ ᠪᠣᠳᠣᠵᠦ᠂ ᠪᠡᠶᠡᠯᠡᠬᠦᠯᠦᠭᠰᠡᠨ ᠨᠣᠷᠮ᠎ᠠ 87%᠎ ᠳᠤ ᠬᠦᠷᠴᠦ᠂ ᠬᠢᠨᠠᠨ ᠪᠠᠶᠢᠴᠠᠭᠠᠬᠤ ᠬᠠᠮᠢᠶ᠎ᠠ ᠪᠦᠬᠦᠢ ᠠᠵᠢᠯ ᠪᠦᠷ ᠬᠡᠪ ᠤᠨ ᠲᠠᠷᠠᠭᠠᠯᠠᠯ ᠢᠶᠠᠷ ᠢᠶᠠᠨ ᠶᠠᠪᠣᠭᠳᠠᠵᠦ ᠪᠣᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号