ᠬᠠᠮᠢᠶᠠᠷᠣᠯᠳᠠ ᠶᠢᠨ ᠣᠷᠣᠨ ᠤ ᠱᠠᠭᠠᠷᠳᠠᠨ ᠪᠠᠶᠢᠴᠠᠭᠠᠬᠤ ᠪᠠᠭ ᠮᠠᠯᠵᠢᠯ ᠤᠨ ᠲᠠᠯᠠᠪᠠᠢ ᠳᠤ ᠬᠦᠷᠴᠦ ᠭᠠᠯ  ᠢ ᠰᠡᠷᠬᠡᠶᠢᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2017-09-20
      ᠣᠶᠢᠷ᠎ᠠ ᠶᠢᠨ ᠡᠳᠣᠷ ᠬᠠᠮᠢᠶᠠᠷᠣᠯᠳᠠ ᠶᠢᠨ ᠣᠷᠣᠨ ᠤ ᠱᠠᠭᠠᠷᠳᠠᠨ ᠪᠠᠶᠢᠴᠠᠭᠠᠬᠤ ᠪᠠᠭ ᠣᠯᠠᠭᠠᠢ ᠮᠠᠯᠵᠢᠯ ᠤᠨ ᠲᠠᠯᠠᠪᠠᠢ ᠳᠤ ᠬᠦᠷᠴᠦ ᠲᠠᠯ᠎ᠠ ᠨᠣᠳᠤᠭ ᠤᠨ ᠭᠠᠯ ᠤᠨ ᠰᠡᠷᠬᠡᠶᠢᠯᠡᠯᠳᠡ ᠶᠢ ᠪᠠᠶᠢᠴᠠᠭᠠᠵᠦ᠂ ᠭᠠᠯ ᠢ ᠰᠡᠷᠬᠡᠶᠢᠯᠡᠵᠦ ᠣᠨᠳᠠᠷᠠᠭᠠᠭᠰᠠᠨ ᠲᠠᠩᠰᠠ᠂ ᠭᠠᠯ ᠣᠨᠳᠠᠷᠠᠭᠠᠬᠤ ᠲᠣᠨᠤᠭ ᠲᠦᠬᠦᠬᠡᠷᠦᠮᠵᠢ ᠶᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠰᠠᠯᠬᠢᠨ ᠤ ᠬᠦᠴᠦ ᠪᠠᠷ ᠭᠠᠯ ᠣᠨᠳᠠᠷᠠᠭᠠᠬᠤ ᠮᠠᠰᠢᠨ᠂ ᠮᠠᠯᠵᠢᠬᠤ ᠡᠷᠦᠬᠡ ᠶᠢᠨ ᠦᠨᠡᠰᠣ ᠬᠠᠶᠠᠬᠤ ᠨᠦᠬᠡ ᠂ ᠱᠦᠬᠦᠷ᠂ ᠬᠦᠷᠵᠡ᠂ ᠠᠰᠢᠭᠯᠠᠵᠦ ᠪᠣᠢ ᠮᠠᠰᠢᠨ ᠵᠡᠷᠬᠡ ᠳᠤ ᠪᠠᠶᠢᠴᠠᠭᠠᠯᠳᠠ ᠬᠢᠬᠦ ᠶᠢᠨ ᠬᠠᠮᠳᠣ ᠮᠠᠯᠵᠢᠬᠤ ᠡᠷᠦᠬᠡ  ᠳᠤ ᠲᠠᠯ᠎ᠠ ᠨᠣᠳᠤᠭ ᠤᠨ ᠭᠠᠯ ᠢ ᠰᠡᠷᠬᠡᠶᠢᠯᠡᠬᠦ ᠮᠡᠳᠡᠯᠬᠡ ᠶᠢᠨ ᠲᠡᠪᠳᠡᠷ ᠲᠠᠷᠬᠠᠭᠠᠵᠦ᠂ ᠭᠠᠯ ᠢ ᠰᠡᠷᠬᠡᠶᠢᠯᠡᠬᠦ ᠬᠡᠷ᠎ᠡ ᠶᠢᠨ ᠬᠠᠷᠢᠭᠤᠴᠠᠯᠭ᠎ᠠ ᠶᠢᠨ ᠪᠢᠴᠢᠭ ᠪᠠᠶᠢᠭᠤᠯᠪᠠ᠃ ᠱᠠᠭᠠᠷᠳᠠᠨ ᠪᠠᠶᠢᠴᠠᠭᠠᠬᠤ ᠪᠠᠭ ᠠᠴᠠ ᠡᠯ᠎ᠡ ᠦᠢᠯᠡᠳᠪᠦᠷᠢᠯᠡᠵᠦ ᠪᠣᠢ ᠠᠵᠦ ᠠᠬᠤᠶᠢᠯᠠᠯ ᠢ ᠱᠠᠭᠠᠷᠳᠠᠨ᠂ ᠲᠡᠭᠡᠳᠣ ᠱᠠᠳᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠠᠯ᠎ᠠ ᠨᠣᠳᠤᠭ ᠤᠨ ᠭᠠᠯ ᠢ ᠰᠡᠷᠬᠡᠶᠢᠯᠡᠬᠦ ᠠᠵᠢᠯ ᠤᠨ ᠶᠡᠷᠦᠩᠬᠡᠢ ᠴᠣᠭᠴᠠ ᠶᠢᠨ ᠲᠣᠬᠢᠷᠠᠭᠤᠯᠣᠯᠳᠠ ᠪᠣᠯᠣᠨ ᠪᠣᠳᠠᠳᠠᠢ ᠱᠠᠭᠠᠷᠳᠠᠯᠭ᠎ᠠ ᠶᠢ ᠣᠯᠠᠮ ᠨᠢᠬᠡ ᠠᠯᠬᠤᠮ ᠬᠡᠷᠡᠭᠵᠢᠬᠦᠯᠵᠦ᠂ ᠲᠠᠯ᠎ᠠ ᠨᠣᠳᠤᠭ ᠤᠨ ᠭᠠᠯ ᠢ ᠰᠡᠷᠬᠡᠶᠢᠯᠡᠬᠦ ᠣᠬᠠᠮᠰᠠᠷ ᠢ ᠴᠢᠩᠭᠠᠳᠬᠠᠵᠦ᠂ ᠲᠠᠯ᠎ᠠ ᠨᠣᠳᠤᠭ ᠤᠨ ᠭᠠᠯ ᠢ ᠰᠡᠷᠬᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠬᠡᠷᠡᠭᠵᠢᠬᠦᠯᠵᠦ᠂ ᠭᠠᠯ ᠤᠨ ᠡᠬᠢ ᠶᠢ ᠬᠠᠮᠢᠶᠠᠷᠣᠨ ᠡᠵᠡᠮᠳᠡᠬᠦ ᠶᠢ ᠦᠨᠡᠨᠬᠦ ᠴᠢᠩᠭᠠᠳᠬᠠᠵᠦ᠂ ᠡᠯ᠎ᠡ ᠵᠦᠢᠯ ᠤᠨ ᠠᠵᠢᠯ ᠢ ᠰᠠᠭᠤᠷᠢᠯᠢᠭ ᠬᠢᠵᠦ᠂ ᠬᠦᠨᠳᠣ ᠶᠡᠭᠡ ᠲᠠᠯ᠎ᠠ ᠨᠣᠳᠤᠭ ᠤᠨ ᠭᠠᠯ ᠤᠨ ᠭᠠᠮᠰᠢᠭ ᠡᠬᠦᠰᠬᠦ ᠦᠬᠡᠢ ᠪᠠᠶᠢᠬᠤ ᠶᠢ ᠪᠠᠳᠣᠯᠠᠬᠤ ᠭᠡᠷᠡᠭᠳᠡᠢ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号