ᠰᠠᠭᠤᠴᠠ ᠪᠠᠶᠢᠭᠤᠯᠬᠤ ᠲᠣᠪᠴᠢᠶ᠎ᠠ ᠶᠢᠨ ᠮᠠᠭᠤ ᠬᠡᠷ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠠᠯᠪᠠᠨ ᠭᠡᠷ ᠠᠴᠠ ᠠᠵᠢᠯ ᠤᠨ ᠰᠣᠯᠢᠯᠴᠠᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2017-09-26
      ᠣᠯᠠᠭᠠᠢ ᠶᠢᠨ ᠰᠠᠭᠤᠴᠠ ᠪᠠᠶᠢᠭᠤᠯᠬᠤ ᠲᠣᠪᠴᠢᠶ᠎ᠠ ᠶᠢᠨ ᠮᠠᠭᠤ ᠭᠡᠷ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠠᠵᠢᠯ ᠤᠨ ᠡᠮᠬᠢ ᠵᠢᠷᠣᠮ ᠲᠠᠢ ᠶᠠᠪᠣᠭᠳᠠᠬᠤ᠂ ᠲᠦᠯᠦᠪᠯᠡᠭᠡ ᠡᠬᠦᠷᠬᠡ ᠪᠠᠨ ᠲᠡᠬᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠣᠯᠠᠬᠤ ᠶᠢᠨ ᠲᠦᠯᠦᠬᠡ᠂ 9 ᠰᠠᠷ᠎ᠠ ᠶᠢᠨ 18 ᠤ ᠡᠳᠣᠷ ᠰᠠᠭᠤᠴᠠ ᠪᠠᠶᠢᠭᠤᠯᠬᠤ ᠲᠣᠪᠴᠢᠶᠠᠨ ᠤ ᠲᠡᠳ᠋ ᠲᠠᠷᠤᠭ᠎ᠠ ᠯᠢ ᠸᠧᠢ ᠬᠤᠸᠠ ᠠᠴᠠ ᠦᠬᠡᠷᠡᠴᠢᠯᠡᠨ ᠪᠠᠶᠢᠭᠤᠯᠬᠤ ᠠᠵᠢᠯ ᠤᠨ ᠰᠣᠯᠢᠯᠴᠠᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠣᠭᠤᠯᠪᠠ᠃       ᠬᠤᠷᠠᠯ ᠲᠡᠭᠡᠷ᠎ᠡ ᠵᠢᠭᠠᠵᠦ ᠭᠠᠷᠭᠠᠭᠰᠠᠨ ᠨᠢ᠄ ᠮᠠᠭᠤ ᠭᠡᠷ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠪᠣᠯ ᠣᠯᠠᠭᠠᠢ ᠬᠠᠮᠢᠶᠠᠷᠣᠯᠳᠠ ᠶᠢᠨ ᠣᠷᠣᠨ ᠤ ᠠᠷᠠᠳ ᠤᠨ ᠠᠮᠢᠳᠣᠷᠠᠯ ᠤᠨ ᠢᠨᠵᠧᠨᠧᠷᠢᠩ᠂ ᠵᠠᠪᠠᠯ ᠣᠯᠠᠨ ᠲᠦᠮᠡᠨ ᠤ ᠰᠠᠨᠠᠯ ᠢ ᠠᠰᠠᠭᠤᠵᠦ ᠯᠠᠪᠯᠠᠨ᠂ ᠣᠯᠠᠨ ᠲᠦᠮᠡᠨ ᠲᠠᠢ ᠪᠠᠶᠢᠩᠭᠤ ᠬᠠᠷᠢᠯᠴᠠᠨ᠂ ᠡᠷᠦᠬᠡ ᠳᠤ ᠣᠷᠣᠵᠦ ᠣᠯᠠᠨ ᠲᠦᠮᠡᠨ  ᠤ ᠰᠠᠨᠠᠯ ᠪᠣᠳᠣᠯ ᠢ ᠰᠣᠨᠣᠰᠬᠤ ᠬᠡᠷᠡᠭᠳᠡᠢ ᠬᠡᠪᠡ᠃       ᠬᠤᠷᠠᠯ ᠠᠴᠠ ᠱᠠᠭᠠᠷᠳᠠᠭᠰᠠᠨ ᠨᠢ᠄ ᠮᠠᠭᠤ ᠭᠡᠷ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠡᠷᠦᠬᠡ ᠶᠢᠨ ᠭᠤᠶᠣᠴᠢᠯᠠᠯ ᠤᠨ ᠪᠠᠶᠢᠳᠠᠯ ᠢ ᠣᠯᠠᠮ ᠨᠢᠬᠡ ᠠᠯᠬᠤᠮ ᠡᠵᠡᠮᠳᠡᠵᠦ᠂ ᠦᠬᠡᠷᠡᠴᠢᠯᠡᠨ ᠪᠠᠶᠢᠭᠤᠯᠬᠤ ᠠᠵᠢᠯ ᠤᠨ ᠵᠢᠷᠣᠮ ᠶᠠᠪᠣᠴᠠ ᠶᠢ ᠰᠣᠷᠣᠯᠴᠠᠵᠦ᠂ ᠣᠳᠣᠬᠠᠨ ᠤ ᠦᠬᠡᠷᠡᠴᠢᠯᠡᠨ ᠪᠠᠶᠢᠭᠤᠯᠬᠤ ᠠᠵᠢᠯ ᠤᠨ ᠪᠠᠶᠢᠳᠠᠯ ᠳᠤ ᠲᠣᠬᠢᠷᠠᠭᠤᠯᠣᠯᠳᠠ ᠪᠠᠶᠢᠷᠢᠯᠠᠭᠤᠯᠣᠯᠳᠠ ᠬᠢᠵᠦ᠂ ᠬᠠᠮᠢᠶ᠎ᠠ ᠪᠦᠬᠦᠢ ᠠᠯᠪᠠᠨ ᠪᠢᠴᠢᠭ ᠤᠨ ᠶᠣᠰᠣᠭᠠᠷ ᠴᠢᠩᠭ᠎ᠠ ᠬᠡᠷᠡᠭᠵᠢᠬᠦᠯᠵᠦ᠂ ᠶᠠᠪᠣᠴᠠ  ᠶᠢᠨ ᠶᠣᠰᠣᠭᠠᠷ ᠴᠢᠩᠭ᠎ᠠ ᠠᠵᠢᠯᠯᠠᠬᠤ ᠬᠡᠷᠡᠭᠳᠡᠢ ᠬᠡᠵᠦ ᠴᠢᠩᠭᠠᠳᠬᠠᠪᠠ᠃       ᠬᠤᠷᠠᠯ ᠲᠡᠭᠡᠷ᠎ᠡ ᠴᠢᠩᠭᠠᠳᠬᠠᠭᠰᠠᠨ ᠨᠢ᠄ ᠦᠬᠡᠷᠡᠴᠢᠯᠡᠨ ᠪᠠᠶᠢᠭᠤᠯᠬᠤ ᠠᠯᠪᠠᠨ ᠭᠡᠷ ᠠᠴᠠ ᠲᠠᠷᠠᠭᠠᠴᠢ ᠶᠢᠨ ᠠᠯᠬᠤᠮ ᠤᠨ ᠠᠵᠢᠯ ᠤᠨ ᠲᠦᠯᠦᠪᠯᠡᠭᠡ ᠬᠢᠵᠦ᠂ ᠬᠠᠮᠢᠶ᠎ᠠ ᠪᠦᠬᠦᠢ ᠬᠠᠣᠯᠢ ᠶᠢᠨ ᠦᠨᠳᠦᠰᠣ ᠪᠠᠷᠢᠮᠳᠠ ᠶᠢ ᠴᠢᠩᠭ᠎ᠠ ᠪᠠᠷᠢᠮᠳᠠᠯᠠᠵᠦ᠂ ᠶᠠᠪᠣᠴᠠ ᠳᠤ ᠬᠠᠷᠭᠠᠭᠤᠯᠣᠨ ᠠᠵᠢᠯ ᠤᠨ ᠡᠬᠦᠷᠬᠡ ᠶᠢ ᠲᠣᠬᠢᠷᠠᠭᠤᠯᠵᠦ᠂ ᠠᠵᠢᠯᠳᠠᠨ ᠤ ᠠᠵᠢᠯ ᠤᠨ ᠡᠬᠦᠷᠬᠡ ᠶᠢ ᠨᠠᠷᠢᠯᠢᠭᠵᠢᠭᠤᠯᠪᠠ᠃ ᠣᠳᠣᠬᠠᠨ ᠪᠣᠯᠳᠠᠯ᠎ᠠ ᠭᠤᠶᠣᠴᠢᠯᠠᠭᠰᠠᠨ ᠡᠷᠦᠬᠡ ᠶᠢᠨ ᠲᠤᠭ᠎ᠠ 681 ᠳᠤ ᠬᠦᠷᠴᠦ ᠂ ᠶᠡᠷᠦᠩᠬᠡᠢ ᠡᠷᠦᠬᠡ ᠶᠢᠨ ᠲᠤᠭ᠎ᠠ ᠶᠢᠨ 57% ᠶᠢ ᠡᠵᠡᠯᠡᠵᠦ᠂ 13 ᠬᠡᠰᠡᠭ ᠲᠣᠭᠤᠷᠢᠭ ᠤᠨ 50% ᠠᠴᠠ ᠲᠡᠭᠡᠭᠰᠢ ᠶᠢ ᠡᠵᠡᠯᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号