ᠬᠠᠮᠢᠶᠠᠷᠣᠯᠳᠠ ᠶᠢᠨ ᠣᠷᠣᠨ ᠤ 2015 ᠣᠨ ᠤ ᠵᠢᠩ ᠶᠢᠨ ᠰᠠᠯᠬᠢ ᠡᠯᠡᠰᠣᠨ ᠤ ᠡᠬᠢ ᠶᠢ ᠵᠠᠰᠠᠬᠤ ᠢᠨᠵᠧᠨᠧᠷᠢᠩ ᠣᠰᠣᠨ ᠠᠰᠢᠭᠯᠠᠯᠳᠠ ᠣᠰᠣ ᠶᠢ ᠬᠠᠮᠠᠭᠠᠯᠠᠬᠤ ᠲᠦᠰᠦᠯ ᠦᠪᠡᠷᠳᠡᠬᠡᠨ ᠵᠠᠰᠠᠬᠤ ᠣᠷᠣᠨ ᠤ ᠰᠢᠯᠭᠠᠯᠳᠠ ᠶᠢ ᠦᠩᠬᠡᠷᠡᠪᠡ
ᠨᠡᠶᠢᠲᠡᠯᠡᠭᠰᠡᠨ ᠴᠠᠭ᠄
2017-09-26
       9 ᠰᠠᠷ᠎ᠠ ᠶᠢᠨ 16 ᠤ ᠡᠳᠣᠷ᠂ ᠦᠪᠡᠷᠳᠡᠬᠡᠨ ᠵᠠᠰᠠᠬᠤ ᠣᠷᠣᠨ ᠤ ᠣᠰᠣᠨ ᠠᠰᠢᠭᠯᠠᠯᠳᠠ ᠶᠢᠨ ᠲᠢᠩᠬᠢᠮ  ᠠᠴᠠ ᠰᠢᠯᠭᠠᠨ ᠠᠪᠬᠤ ᠪᠠᠭ ᠵᠣᠬᠢᠶᠠᠨ ᠪᠠᠶᠢᠭᠤᠯᠵᠦ ᠣᠯᠠᠭᠠᠢ ᠬᠠᠮᠢᠶᠠᠷᠣᠯᠳᠠ ᠶᠢᠨ ᠣᠷᠣᠨ ᠤ 2015 ᠣᠨ ᠤ ᠵᠢᠩ  ᠶᠢᠨ ᠰᠠᠯᠬᠢ ᠡᠯᠡᠰᠣᠨ ᠤ   ᠡᠬᠢ ᠶᠢ ᠵᠠᠰᠠᠬᠤ ᠢᠨᠵᠧᠨᠧᠷᠢᠩ ᠣᠰᠣᠨ ᠠᠰᠢᠭᠯᠠᠯᠳᠠ ᠣᠰᠣ ᠶᠢ ᠬᠠᠮᠠᠭᠠᠯᠠᠬᠤ ᠲᠦᠰᠦᠯ  ᠳᠤ ᠰᠢᠯᠭᠠᠯᠳᠠ ᠬᠢᠪᠡ᠂ ᠦᠪᠡᠷᠳᠡᠬᠡᠨ ᠵᠠᠰᠠᠬᠤ ᠣᠷᠣᠨ ᠤ ᠣᠰᠣᠨ ᠠᠰᠢᠭᠯᠠᠯᠳᠠ ᠶᠢᠨ ᠲᠢᠩᠬᠢᠮ ᠤᠨ ᠶᠦᠨ ᡁᠢ ᠹᠧᠩ ᠭᠠᠵᠠᠷ ᠤᠨ ᠲᠠᠷᠤᠭ᠎ᠠ ᠪᠣᠯᠣᠨ ᠠᠶᠢᠮᠠᠭ ᠤᠨ ᠣᠰᠣᠨ ᠠᠰᠢᠭᠯᠠᠯᠳᠠ ᠶᠢᠨ ᠲᠣᠪᠴᠢᠶᠠᠨ ᠤ ᠣᠣ ᠰᠢᠶᠣᠣ ᠮᠧᠩ ᠲᠡᠳ᠋ ᠲᠣᠪᠴᠢᠶᠠᠨ ᠲᠠᠷᠤᠭ᠎ᠠ ᠪᠠᠷ ᠪᠦᠷᠢᠯᠳᠦᠭᠰᠡᠨ ᠰᠢᠯᠭᠠᠨ ᠱᠠᠭᠠᠷᠳᠠᠬᠤ ᠪᠠᠭ ᠠᠴᠠ ᠪᠦᠬᠦᠶᠢᠯᠡ ᠰᠢᠯᠭᠠᠨ ᠠᠪᠬᠤ ᠶᠠᠪᠣᠴᠠ ᠶᠢ ᠱᠠᠭᠠᠷᠳᠠᠨ ᠪᠠᠶᠢᠴᠠᠭᠠᠪᠠ᠃ ᠰᠢᠯᠭᠠᠨ ᠠᠪᠬᠤ ᠪᠠᠭ ᠤᠨ ᠬᠡᠰᠢᠬᠦᠨ ᠬᠤᠶᠠᠷ ᠲᠣᠭᠤᠶᠢᠯᠠᠩ ᠬᠤᠪᠢᠶᠠᠵᠦ ᠢᠨᠵᠧᠨᠧᠷᠢᠩ ᠳᠤ ᠲᠣᠬᠠᠢ ᠶᠢᠨ ᠭᠠᠵᠠᠷ ᠤᠨ ᠪᠦᠬᠦ ᠲᠠᠯ᠎ᠠ ᠶᠢᠨ ᠬᠢᠨᠠᠨ ᠪᠠᠶᠢᠴᠠᠭᠠᠯᠳᠠ ᠬᠢᠵᠦ᠂ ᠲᠦᠰᠦᠯ ᠤᠨ ᠬᠠᠣᠯᠢ  ᠶᠢᠨ ᠡᠷᠬᠡᠳᠡᠨ᠂ ᠬᠢᠨᠠᠭᠴᠢ᠂ ᠲᠦᠰᠦᠪᠯᠡᠭᠴᠢ᠂ ᠠᠵᠢᠯᠯᠠᠭᠰᠠᠨ ᠵᠡᠷᠬᠡ ᠪᠠᠶᠢᠭᠤᠯᠣᠯᠳᠠ ᠳᠤ ᠣᠷᠣᠯᠴᠠᠭᠰᠠᠨ ᠪᠠᠶᠢᠭᠤᠯᠭ᠎ᠠ ᠶᠢᠨ ᠠᠵᠢᠯ ᠤᠨ ᠮᠡᠳᠡᠬᠦᠯᠦᠯᠳᠡ ᠶᠢ ᠰᠣᠨᠣᠰᠴᠣ᠂ ᠬᠠᠮᠢᠶ᠎ᠠ ᠪᠦᠬᠦᠢ ᠢᠨᠵᠧᠨᠧᠷᠢᠩ ᠤᠨ ᠮᠠᠲ᠋ᠧᠷᠢᠶᠠᠯ ᠢ ᠰᠢᠬᠦᠨ ᠣᠩᠰᠢᠵᠦ᠂ ᠰᠢᠯᠭᠠᠨ ᠠᠪᠬᠤ ᠪᠠᠭ ᠪᠣᠯᠣᠨ ᠱᠠᠭᠠᠷᠳᠠᠨ ᠪᠠᠶᠢᠴᠠᠭᠠᠬᠤ ᠲᠣᠭᠤᠶᠢᠯᠠᠩ ᠬᠠᠮᠳᠣ ᠪᠠᠷ ᠣᠯᠠᠭᠠᠢ ᠬᠠᠮᠢᠶᠠᠷᠣᠯᠳᠠ ᠶᠢᠨ ᠣᠷᠣᠨ ᠤ 2015 ᠣᠨ ᠤ ᠵᠢᠩ ᠶᠢᠨ ᠰᠠᠯᠬᠢ ᠡᠯᠡᠰᠣᠨ ᠤ ᠡᠬᠢ ᠶᠢ ᠵᠠᠰᠠᠬᠤ ᠢᠨᠵᠧᠨᠧᠷᠢᠩ ᠣᠰᠣᠨ ᠠᠰᠢᠭᠯᠠᠯᠳᠠ ᠣᠰᠣ ᠶᠢ ᠬᠠᠮᠠᠭᠠᠯᠠᠬᠤ ᠲᠦᠰᠦᠯ ᠰᠢᠯᠭᠠᠯᠳᠠ ᠦᠩᠬᠡᠷᠡᠭᠰᠡᠨ ᠢ ᠵᠦᠪᠰᠢᠶᠡᠷᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号