ᠬᠠᠮᠢᠶᠠᠷᠣᠯᠳᠠ ᠶᠢᠨ ᠣᠷᠣᠨ ᠬᠤᠳᠠ ᠶᠢᠨ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2017-09-30
      ᠬᠤᠳᠠ ᠶᠢᠨ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠤᠨ ᠬᠠᠮᠢᠶᠠᠷᠣᠯᠳᠠ ᠶᠢ ᠦᠷᠬᠦᠯᠵᠢᠯᠡᠨ ᠴᠢᠩᠭᠠᠳᠬᠠᠬᠤ ᠶᠢᠨ ᠲᠦᠯᠦᠬᠡ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠵᠦᠪᠯᠡᠯ ᠵᠡᠷᠬᠡ ᠵᠢᠷᠭᠤᠭᠠᠨ ᠰᠠᠯᠠᠭ᠎ᠠ ᠮᠦᠴᠢᠷ ᠠᠴᠠ ᠲᠠᠷᠣᠮᠠᠯᠯᠠᠨ ᠲᠠᠷᠬᠠᠭᠠᠭᠰᠠᠨ ︽ᠬᠤᠳᠠ ᠶᠢᠨ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠢ ᠴᠡᠭᠴᠡᠯᠡᠨ ᠵᠠᠰᠠᠬᠤ ᠠᠵᠢᠯ ᠤᠨ ᠲᠣᠬᠠᠢ ᠮᠡᠳᠡᠭᠳᠡᠯ︾᠎ ᠤᠨ ᠠᠯᠪᠠᠨ ᠪᠢᠴᠢᠭ ᠤᠨ ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ 21 ᠎ ᠤ ᠡᠳᠣᠷ ᠬᠠᠮᠢᠶᠠᠷᠣᠯᠳᠠ ᠶᠢᠨ ᠣᠷᠣᠨ ᠤ ᠠᠷᠠᠳ ᠤᠨ ᠶᠠᠪᠣᠳᠠᠯ ᠱᠠᠰᠢᠨ ᠰᠣᠷᠳᠣᠬᠤᠨ ᠤ ᠲᠣᠪᠴᠢᠶ᠎ᠠ ᠠᠴᠠ ᠬᠠᠮᠢᠶᠠᠷᠣᠯᠳᠠ ᠶᠢᠨ ᠣᠷᠣᠨ ᠤ ᠬᠤᠳᠠ ᠶᠢᠨ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠢ ᠴᠡᠭᠴᠡᠯᠡᠨ ᠵᠠᠰᠠᠬᠤ ᠠᠵᠢᠯ ᠎ ᠤᠨ ᠬᠤᠷᠠᠯ ᠬᠤᠷᠠᠯᠳᠣᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠣᠷᠣᠯᠴᠠᠪᠠ᠃     ᠬᠤᠷᠠᠯ ᠲᠡᠭᠡᠷ᠎ᠡ ᠠᠷᠠᠳ ᠤᠨ ᠶᠠᠪᠣᠳᠠᠯ ᠱᠠᠰᠢᠨ ᠰᠣᠷᠳᠣᠬᠤᠨ ᠤ ᠲᠣᠪᠴᠢᠶ᠎ᠠ ᠶᠢᠨ ᠲᠠᠷᠤᠭ᠎ᠠ ᠠᠴᠠ ᠲᠡᠭᠡᠳᠣ ᠱᠠᠳᠣᠨ ᠤ ᠮᠡᠳᠡᠭᠳᠡᠯ ᠤᠨ ᠠᠯᠪᠠᠨ ᠪᠢᠴᠢᠭ ᠤᠨ ᠵᠣᠷᠢᠭ ᠰᠠᠨᠠᠭ᠎ᠠ ᠶᠢ ᠲᠠᠮᠵᠢᠭᠤᠯᠬᠤ ᠶᠢᠨ ᠬᠠᠮᠳᠣ ᠮᠡᠳᠡᠭᠳᠡᠯ ᠤᠨ ᠱᠠᠭᠠᠷᠳᠠᠯᠭ᠎ᠠ ᠪᠠᠷ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠯᠤᠭ᠎ᠠ ᠬᠠᠮᠢᠶᠠᠷᠣᠯᠳᠠ ᠶᠢᠨ ᠣᠷᠣᠨ ᠤ ᠬᠤᠳᠠ ᠎ ᠶᠢᠨ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠢ ᠴᠡᠭᠴᠡᠯᠡᠨ ᠵᠠᠰᠠᠬᠤ ᠠᠵᠢᠯ ᠤᠨ ᠲᠣᠬᠠᠢ ᠬᠦᠨᠵᠡᠬᠡᠢ ᠵᠦᠪᠳᠡᠯᠴᠡᠨ ᠶᠠᠷᠢᠯᠴᠠᠵᠦ᠂ ︽ᠣᠯᠠᠭᠠᠢ ᠬᠠᠮᠢᠶᠠᠷᠣᠯᠳᠠ ᠶᠢᠨ ᠣᠷᠣᠨ ᠤ ᠬᠤᠳᠠ ᠶᠢᠨ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠤᠨ ᠲᠦᠯᠦᠪᠯᠡᠭᠡ︾᠎ ᠶᠢ ᠵᠣᠬᠢᠶᠠᠵᠦ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠬᠠᠷᠢᠭᠤᠴᠠᠯᠭᠠᠳᠣ ᠪᠠᠶᠢᠭᠤᠯᠭ᠎ᠠ᠂ ᠬᠡᠷᠡᠭᠵᠢᠬᠦᠯᠬᠦ ᠠᠯᠬᠤᠮ ᠲᠠᠷᠠᠭ᠎ᠠ ᠪᠣᠯᠣᠨ ᠪᠡᠶᠡᠯᠡᠬᠦᠯᠬᠦ ᠴᠠᠭ ᠤᠨ ᠬᠢᠵᠠᠭᠠᠷ ᠢ ᠲᠣᠳᠣᠳᠬᠠᠵᠦ᠂ ᠬᠠᠮᠢᠶᠠᠷᠣᠯᠳᠠ ᠶᠢᠨ ᠣᠷᠣᠨ ᠤ ᠬᠤᠳᠠ ᠶᠢᠨ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠢ ᠴᠡᠭᠴᠡᠯᠡᠨ ᠵᠠᠰᠠᠬᠤ ᠠᠵᠢᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠪᠠ᠃       ᠲᠠᠷᠠᠭᠠᠴᠢ ᠶᠢᠨ ᠠᠯᠬᠤᠮ ᠳᠤ ᠠᠷᠠᠳ ᠤᠨ ᠶᠠᠪᠣᠳᠠᠯ ᠱᠠᠰᠢᠨ ᠰᠣᠷᠳᠣᠬᠤᠨ ᠤ ᠲᠣᠪᠴᠢᠶ᠎ᠠ ᠠᠴᠠ ᠲᠠᠰᠣᠷᠠᠯᠳᠠ ᠦᠬᠡᠢ ᠰᠢᠨ᠎ᠡ ᠬᠡᠯᠪᠡᠷᠢ ᠰᠢᠨ᠎ᠡ ᠠᠷᠭ᠎ᠠ ᠶᠢ ᠬᠠᠶᠢᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠯᠤᠭ᠎ᠠ ᠨᠢᠭᠳᠠ ᠬᠠᠷᠢᠯᠴᠠᠵᠦ᠂ ᠵᠠᠬ᠎ᠠ ᠵᠡᠬᠡᠯᠢ ᠲᠡᠬᠡᠷ᠎ᠡ ᠬᠡᠷᠡᠭᠯᠡᠬᠦ ᠦᠰᠦᠭ ᠤᠨ ᠬᠠᠮᠢᠶᠠᠷᠣᠯᠳᠠ ᠶᠢᠨ ᠠᠵᠢᠯ ᠢ ᠬᠠᠮᠳᠣ ᠪᠠᠷ ᠰᠠᠶᠢᠳᠣᠷ ᠬᠢᠬᠦ ᠪᠠᠷ ᠪᠣᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号