ᠬᠠᠮᠢᠶᠠᠷᠣᠯᠳᠠ ᠶᠢᠨ ᠣᠷᠣᠨ ᠤ ᠪᠠᠶᠢᠰᠢᠩ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠪᠠᠷ ᠪᠠᠶᠢᠳᠠᠯ ᠢ ᠣᠶᠢᠯᠠᠭᠠᠨ ᠪᠦᠷᠢᠳᠬᠡᠯ ᠬᠢᠭᠰᠡᠨ ᠠᠵᠢᠯ ᠢ ᠪᠦᠬᠦ ᠲᠠᠯ᠎ᠠ ᠪᠠᠷ ᠲᠠᠭᠤᠰᠬᠠᠪᠠ
ᠨᠡᠶᠢᠲᠡᠯᠡᠭᠰᠡᠨ ᠴᠠᠭ᠄
2018-01-10
       12 ᠰᠠᠷ᠎ᠠ ᠶᠢᠨ 29᠎ ᠤ ᠡᠳᠣᠷ ᠬᠠᠮᠢᠶᠠᠷᠣᠯᠳᠠ ᠶᠢᠨ ᠣᠷᠣᠨ ᠤ ᠪᠠᠶᠢᠰᠢᠩ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠪᠠᠷ ᠪᠠᠶᠢᠳᠠᠯ ᠢ ᠣᠶᠢᠯᠠᠭᠠᠨ ᠪᠦᠷᠢᠳᠬᠡᠯ ᠬᠢᠭᠰᠡᠨ ᠠᠵᠢᠯ ᠢ ᠪᠦᠬᠦ ᠲᠠᠯ᠎ᠠ ᠪᠠᠷ ᠲᠠᠭᠤᠰᠬᠠᠪᠠ᠃ ᠪᠠᠶᠢᠰᠢᠩ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠪᠠᠭ ᠤᠨ ᠠᠵᠢᠯᠳᠠᠨ ᠠᠴᠠ ᠡᠷᠦᠬᠡ ᠳᠤ ᠣᠷᠣᠵᠦ ᠪᠠᠶᠢᠳᠠᠯ ᠢ ᠪᠦᠷᠢᠳᠬᠡᠭᠰᠡᠨ ᠬᠦᠰᠦᠨᠦᠭᠳᠣ᠂ ᠰᠠᠭᠤᠭᠠᠯᠢ ᠶᠢᠨ ᠵᠢᠷᠤᠭ ᠰᠡᠬᠦᠳᠡᠷ᠂ ᠸᠢᠳᠢᠤ᠋ ᠵᠡᠷᠬᠡ ᠠᠩᠬᠠᠨ ᠤ ᠮᠠᠲ᠋ᠧᠷᠢᠶᠠᠯ ᠢ ᠡᠮᠬᠢᠯᠡᠨ ᠨᠢᠬᠡ ᠡᠷᠦᠬᠡ ᠨᠢᠬᠡ ᠲᠠᠩᠰᠠ ᠶᠢᠨ ᠬᠡᠯᠪᠡᠷᠢ ᠪᠠᠷ ᠨᠢᠬᠡ ᠢᠵᠢ ᠪᠦᠷᠢᠨ ᠲᠡᠬᠦᠯᠳᠡᠷ ᠣᠣᠭᠠᠯ ᠲᠠᠩᠰᠠ ᠡᠪᠬᠡᠮᠡᠯ ᠢ ᠪᠠᠶᠢᠭᠤᠯᠬᠤ ᠶᠢᠨ ᠬᠠᠮᠳᠣ ᠪᠦᠷᠢᠳᠬᠡᠭᠰᠡᠨ ᠲᠤᠭ᠎ᠠ ᠪᠠᠷᠢᠮᠳᠠ ᠶᠢ ᠮᠡᠳᠡᠭᠳᠡᠯ ᠤᠨ ᠬᠡᠯᠪᠡᠷᠢ ᠪᠠᠷ ᠡᠯ᠎ᠡ ᠰᠠᠭᠤᠭᠠᠯᠢ ᠶᠢᠨ ᠲᠣᠭᠤᠷᠢᠭ ᠲᠤ ᠵᠠᠷᠯᠠᠪᠠ᠃       ᠲᠣᠰ ᠣᠳᠠᠭᠠᠨ ᠤ ᠪᠠᠶᠢᠰᠢᠩ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠪᠠᠷ ᠪᠠᠶᠢᠳᠠᠯ ᠢ ᠣᠶᠢᠯᠠᠭᠠᠨ ᠪᠦᠷᠢᠳᠬᠡᠯ ᠬᠢᠭᠰᠡᠨ ᠠᠵᠢᠯ ᠳᠤ 4 ᠰᠠᠭᠤᠭᠠᠯᠢ ᠶᠢᠨ ᠲᠣᠭᠤᠷᠢᠭ ᠬᠤᠯᠪᠣᠭᠳᠠᠵᠦ᠂ ᠨᠡᠶᠢᠳᠡ 391 ᠡᠷᠦᠬᠡ ᠪᠠᠶᠢᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠪᠠᠷᠤᠭ 46989m2᠎ ᠲᠤ ᠬᠦᠷᠪᠡ᠃ ᠣᠳᠣᠬᠠᠨ ᠤ ᠪᠠᠶᠢᠳᠠᠯ ᠢ ᠣᠶᠢᠯᠠᠭᠠᠨ ᠪᠦᠷᠢᠳᠭᠡᠭᠰᠡᠨ ᠢᠶᠠᠷ᠄ A ᠲᠣᠭᠤᠷᠢᠭ ᠬᠠᠭᠤᠴᠢᠨ ᠪᠠᠶᠢᠭᠤᠯᠭ᠎ᠠ ᠶᠢᠨ ᠰᠠᠭᠤᠭᠠᠯᠢ ᠶᠢᠨ ᠲᠣᠭᠤᠷᠢᠭ 143 ᠡᠷᠦᠬᠡ᠂ ᠪᠠᠷᠢᠯᠭ᠎ᠠ ᠶᠢᠨ ᠲᠠᠯᠠᠪᠠᠢ 11167.5m2᠃ B ᠲᠣᠭᠤᠷᠢᠭ ᠵᠢᠷᠭᠤᠳᠣᠭᠠᠷ ᠰᠣᠮᠣᠨ ᠤ ᠰᠠᠭᠤᠭᠠᠯᠢ ᠶᠢᠨ ᠲᠣᠭᠤᠷᠢᠭ 44 ᠡᠷᠦᠬᠡ᠂ ᠪᠠᠷᠢᠯᠭ᠎ᠠ ᠶᠢᠨ ᠲᠠᠯᠠᠪᠠᠢ 7363.3m2᠃ C ᠲᠣᠭᠤᠷᠢᠭ ᠪᠠᠷᠠᠭᠤᠨ ᠲᠣᠰᠣ ᠨᠡᠮᠡᠬᠦ ᠦᠷᠳᠡᠬᠡᠨ ᠤ ᠰᠠᠭᠤᠭᠠᠯᠢ ᠶᠢᠨ ᠲᠣᠭᠤᠷᠢᠭ 98 ᠡᠷᠦᠬᠡ᠂ ᠪᠠᠷᠢᠯᠭ᠎ᠠ ᠶᠢᠨ ᠲᠠᠯᠠᠪᠠᠢ 10380.9m2᠃ D ᠲᠣᠭᠤᠷᠢᠭ ᠬᠠᠭᠤᠴᠢᠨ ᠵᠦᠬᠡᠬᠡᠪᠦᠷᠢ ᠶᠢᠨ ᠺᠣᠮᠫᠠᠨᠢ ᠶᠢᠨ ᠰᠠᠭᠤᠭᠠᠯᠢ ᠶᠢᠨ ᠲᠣᠭᠤᠷᠢᠭ 96 ᠡᠷᠦᠬᠡ᠂ ᠪᠠᠷᠢᠯᠭ᠎ᠠ ᠶᠢᠨ ᠲᠠᠯᠠᠪᠠᠢ 14475.2m2᠃         ᠪᠠᠶᠢᠳᠠᠯ ᠢ ᠣᠶᠢᠯᠠᠭᠠᠨ ᠪᠦᠷᠢᠳᠬᠡᠯ ᠬᠢᠭᠰᠡᠨ ᠠᠵᠢᠯ 2017 ᠣᠨ ᠤ ᠪᠠᠶᠢᠰᠢᠩ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠲᠦᠰᠦᠯ ᠳᠤ ᠪᠣᠳᠠᠳᠣ ᠬᠡᠷᠡᠴᠢ ᠪᠠᠷᠢᠮᠳᠠ ᠬᠠᠩᠭᠠᠵᠦ᠂ 2018 ᠣᠨ ᠤ ᠪᠠᠶᠢᠰᠢᠩ ᠤᠨ ᠲᠣᠭᠤᠷᠢᠭ ᠢ ᠦᠬᠡᠷᠡᠴᠢᠯᠡᠨ ᠪᠠᠶᠢᠭᠤᠯᠬᠤ ᠠᠵᠢᠯ ᠤᠨ ᠰᠠᠭᠤᠷᠢ ᠶᠢ ᠪᠠᠬᠢᠵᠢᠬᠦᠯᠦᠭᠰᠡᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号