ᠬᠦᠭᠵᠢᠬᠦᠯᠦᠯᠳᠡ ᠦᠬᠡᠷᠡᠴᠢᠯᠡᠯᠳᠡ ᠶᠢᠨ ᠲᠣᠪᠴᠢᠶ᠎ᠠ ᠣᠯᠣᠰ ᠤᠨ ᠠᠷᠢᠭᠤᠨ ᠴᠡᠪᠡᠷ ᠬᠤᠳᠠ ᠪᠠᠯᠭᠠᠰᠣ ᠶᠢ ᠪᠦᠳᠦᠬᠡᠨ ᠪᠠᠶᠢᠭᠤᠯᠬᠤ ᠬᠠᠮᠢᠶ᠎ᠠ ᠪᠦᠬᠦᠢ ᠠᠵᠢᠯ ᠶᠢᠨ ᠲᠣᠬᠢᠷᠠᠭᠤᠯᠣᠯᠳᠠ ᠬᠢᠪᠡ
ᠨᠡᠶᠢᠲᠡᠯᠡᠭᠰᠡᠨ ᠴᠠᠭ᠄
2018-01-11
     1 ᠰᠠᠷ᠎ᠠ ᠶᠢᠨ 2 ᠡᠳᠣᠷ᠂ ᠬᠦᠭᠵᠢᠬᠦᠯᠦᠯᠳᠡ ᠦᠬᠡᠷᠡᠴᠢᠯᠡᠯᠳᠡ ᠶᠢᠨ ᠲᠣᠪᠴᠢᠶ᠎ᠠ ᠺᠠᠳ᠋ᠷ ᠠᠵᠢᠯᠴᠢᠳ ᠤᠨ ᠶᠡᠭᠡ ᠬᠤᠷᠠᠯ ᠬᠤᠷᠠᠯᠳᠣᠵᠦ ᠣᠯᠠᠭᠠᠢ ᠬᠠᠮᠢᠶᠠᠷᠣᠯᠳᠠ ᠶᠢᠨ ᠣᠷᠣᠨ ᠤ ᠣᠯᠣᠰ ᠤᠨ ᠠᠷᠢᠭᠤᠨ ᠴᠡᠪᠡᠷ ᠬᠤᠳᠠ ᠪᠠᠯᠭᠠᠰᠣ ᠶᠢ ᠪᠦᠳᠦᠬᠡᠨ ᠪᠠᠶᠢᠭᠤᠯᠬᠤ ᠳᠤ ᠬᠡᠷᠡᠭᠵᠢᠬᠦᠯᠬᠦ ᠲᠦᠯᠦᠪᠯᠡᠭᠡ ᠲᠣᠳᠣᠷᠠᠬᠢ ᠬᠠᠷᠢᠭᠤᠴᠠᠯᠭ᠎ᠠ ᠪᠠ ᠠᠵᠢᠯ ᠤᠨ ᠬᠤᠪᠢᠶᠠᠷᠯᠠᠯ ᠤᠨ ᠶᠣᠰᠣᠭᠠᠷ᠂ ᠬᠦᠭᠵᠢᠬᠦᠯᠦᠯᠳᠡ ᠦᠬᠡᠷᠡᠴᠢᠯᠡᠯᠳᠡ ᠶᠢᠨ ᠲᠣᠪᠴᠢᠶ᠎ᠠ ᠶᠢᠨ ᠣᠯᠣᠰ ᠤᠨ ᠠᠷᠢᠭᠤᠨ ᠴᠡᠪᠡᠷ ᠬᠤᠳᠠ ᠪᠠᠯᠭᠠᠰᠣ ᠶᠢ ᠪᠦᠳᠦᠬᠡᠨ ᠪᠠᠶᠢᠭᠤᠯᠬᠤ ᠬᠠᠮᠢᠶ᠎ᠠ ᠪᠦᠬᠦᠢ ᠠᠵᠢᠯ ᠳᠤ   ᠲᠣᠣᠷᠠᠬᠢ ᠮᠡᠳᠣ ᠲᠣᠬᠢᠷᠠᠭᠤᠯᠣᠯᠳᠠ ᠬᠢᠪᠡ᠃       ᠨᠢᠬᠡ ᠳᠤ ᠬᠦᠭᠵᠢᠬᠦᠯᠦᠯᠳᠡ ᠦᠬᠡᠷᠡᠴᠢᠯᠡᠯᠳᠡ ᠶᠢᠨ ᠲᠣᠪᠴᠢᠶ᠎ᠠ ᠶᠢᠨ ᠣᠯᠣᠰ ᠤᠨ ᠠᠷᠢᠭᠤᠨ ᠴᠡᠪᠡᠷ ᠬᠤᠳᠠ ᠪᠠᠯᠭᠠᠰᠣ ᠶᠢ ᠪᠦᠳᠦᠬᠡᠨ ᠪᠠᠶᠢᠭᠤᠯᠬᠤ ᠣᠳᠣᠷᠢᠳᠣᠯᠭ᠎ᠠ ᠶᠢᠨ ᠪᠠᠭ ᠢ ᠪᠠᠶᠢᠭᠤᠯᠵᠦ᠂ ᠬᠦᠳᠡᠯᠬᠡᠬᠡᠨ ᠤ ᠡᠮᠬᠢ ᠵᠢᠷᠣᠮ ᠎ ᠲᠠᠢ ᠶᠠᠪᠣᠭᠳᠠᠬᠤ ᠶᠢ ᠪᠠᠳᠣᠯᠠᠨ᠎ᠠ᠃       ᠬᠤᠶᠠᠷ ᠲᠤ ᠬᠠᠷᠢᠭᠤᠴᠠᠯᠭ᠎ᠠ ᠪᠠ ᠠᠵᠢᠯ ᠤᠨ ᠬᠤᠪᠢᠶᠠᠷᠯᠠᠯ ᠤᠨ ᠶᠣᠰᠣᠭᠠᠷ᠂ ᠦᠨᠡᠨᠬᠦ ᠪᠣᠯᠣᠮᠵᠢ ᠲᠠᠢ ᠠᠵᠢᠯ ᠤᠨ ᠲᠦᠯᠦᠪᠯᠡᠭᠡ ᠲᠣᠭᠳᠠᠭᠠᠵᠦ᠂ ᠪᠣᠳᠠᠳᠠᠢ ᠠᠵᠢᠯ ᠤᠨ ᠠᠷᠭ᠎ᠠ ᠬᠡᠮᠵᠢᠶ᠎ᠡ ᠶᠢ ᠲᠣᠳᠣᠳᠬᠠᠪᠠ᠃       ᠭᠤᠷᠪᠠ ᠳᠤ ᠡᠬᠦᠷᠬᠡ ᠶᠢᠨ ᠴᠠᠭ ᠬᠤᠭᠤᠴᠠᠭ᠎ᠠ ᠶᠢ ᠲᠣᠳᠣᠳᠬᠠᠵᠦ᠂ ᠡᠬᠦᠷᠬᠡ ᠶᠢ ᠴᠠᠭ ᠤᠨ ᠴᠠᠭ ᠲᠤᠨᠢ ᠪᠡᠶᠠᠯᠠᠬᠦᠯᠬᠦ ᠶᠢ ᠪᠠᠳᠣᠯᠠᠨ᠎ᠠ᠃       ᠲᠦᠷᠪᠡ ᠳᠤ ᠲᠣᠰᠬᠠᠢ ᠠᠵᠢᠯᠳᠠᠨ ᠢᠶᠠᠷ ᠠᠷᠢᠭᠤᠨ ᠴᠡᠪᠡᠷ ᠬᠤᠳᠠ ᠪᠠᠯᠭᠠᠰᠣ ᠶᠢ ᠪᠦᠳᠦᠬᠡᠨ ᠪᠠᠶᠢᠭᠤᠯᠬᠤ ᠠᠵᠢᠯ ᠢ ᠬᠠᠮᠢᠶᠠᠷᠣᠭᠤᠯᠵᠦ᠂ ᠠᠷᠢᠭᠤᠨ ᠴᠡᠪᠡᠷ ᠬᠤᠳᠠ ᠪᠠᠯᠭᠠᠰᠣ ᠶᠢ ᠪᠦᠳᠦᠬᠡᠨ ᠪᠠᠶᠢᠭᠤᠯᠬᠤ ᠠᠯᠪᠠᠨ ᠭᠡᠷ ᠯᠦᠭᠡ ᠢᠳᠡᠪᠬᠢᠳᠡᠢ ᠬᠠᠷᠢᠯᠴᠠᠬᠤ ᠶᠢᠨ ᠬᠠᠮᠳᠣ ᠲᠠᠩᠰᠠ ᠡᠪᠬᠡᠮᠡᠯ ᠢ ᠡᠮᠬᠢᠯᠡᠨ ᠲᠠᠩᠰᠠ ᠪᠠᠶᠢᠭᠤᠯᠬᠤ ᠠᠵᠢᠯ ᠢ ᠰᠠᠶᠢᠳᠣᠷ ᠬᠢᠨ᠎ᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号