ᠬᠠᠮᠢᠶᠠᠷᠣᠯᠳᠠ ᠶᠢᠨ ᠣᠷᠣᠨ ᠤ ᠣᠯᠠᠨ ᠲᠣᠬᠤᠢ ᠦᠵᠡᠮᠵᠢ ᠶᠢᠨ ᠣᠷᠣᠨ ᠣᠯᠣᠰ ᠤᠨ 4A ᠲᠡᠰ ᠤᠨ ᠦᠵᠡᠮᠵᠢ ᠣᠷᠣᠨ ᠢᠶᠠᠷ ᠵᠦᠪᠰᠢᠶᠡᠷᠡᠭᠳᠡᠪᠡ
ᠨᠡᠶᠢᠲᠡᠯᠡᠭᠰᠡᠨ ᠴᠠᠭ᠄
2018-01-16
      ᠣᠯᠠᠨ ᠲᠣᠬᠤᠢ ᠦᠵᠡᠮᠵᠢ ᠶᠢᠨ ᠣᠷᠣᠨ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠠᠴᠠ ᠵᠡᠬᠦᠨᠰᠢ 20 ᠺᠢᠯᠦᠮᠧᠲᠷ ᠵᠠᠶᠢᠳᠠᠢ᠂ 3505 ᠭᠠ ᠭᠠᠵᠠᠷ ᠡᠵᠡᠯᠡᠳᠡᠭ᠃ 20000 ᠲᠡᠭᠰᠢ ᠲᠦᠷᠪᠡᠯᠵᠢᠨ ᠮᠧᠲᠷ ᠵᠢᠭᠤᠯᠴᠢᠯᠠᠭᠴᠢᠳ ᠲᠤ ᠦᠢᠯᠡᠴᠢᠯᠡᠬᠦ ᠪᠠᠷ ᠪᠠᠶᠢᠭᠤᠯᠣᠭᠰᠠ ᠪᠠᠷᠢᠯᠭ᠎ᠠ ᠲᠠᠢ᠃ 2015 ᠣᠨ ᠳᠤ ᠣᠯᠠᠭᠠᠨᠬᠠᠳᠠ ᠎ ᠶᠢᠨ ᠬᠢᠳᠠᠨ ᠵᠢᠭᠤᠯᠴᠢᠯᠠᠯ ᠤᠨ ᠬᠢᠵᠠᠭᠠᠷᠳᠣ ᠬᠠᠷᠢᠭᠤᠴᠠᠯᠭᠠᠳᠣ ᠺᠣᠮᠫᠠᠨᠢ ᠶᠢ ᠣᠷᠣᠭᠤᠯᠵᠦ᠂ ᠬᠠᠮᠠᠭᠠᠯᠠᠬᠤ ᠪᠣᠯᠣᠨ ᠵᠣᠬᠢᠰᠳᠡᠢ ᠨᠡᠬᠡᠬᠡᠬᠦ ᠪᠠᠷ ᠰᠠᠭᠤᠷᠢ ᠪᠣᠯᠭᠠᠵᠦ᠂ ᠦᠵᠡᠮᠵᠢ ᠰᠣᠨᠢᠷᠬᠠᠬᠤ᠂ ᠰᠡᠯᠡᠬᠦᠴᠡᠬᠦ᠂ ᠨᠠᠭᠠᠳᠣᠨ ᠴᠡᠩᠬᠡᠬᠦ᠂ ᠠᠮᠠᠷᠠᠬᠤ ᠶᠢ ᠨᠢᠬᠡ ᠴᠣᠭᠴᠠᠵᠢᠭᠤᠯᠣᠭᠰᠠᠨ ᠣᠯᠠᠨ ᠲᠣᠬᠤᠢ ᠦᠵᠡᠮᠵᠢ ᠶᠢᠨ ᠣᠷᠣᠨ ᠢ ᠪᠠᠶᠢᠭᠤᠯᠵᠦ᠂ 2017 ᠣᠨ ᠎ ᠳᠤ 8000 ᠭᠠᠷᠣᠢ ᠲᠦᠮᠡᠨ ᠲᠦᠬᠦᠷᠢᠭ ᠤᠨ ᠪᠡᠯᠡ ᠣᠷᠣᠭᠤᠯᠵᠦ᠂ ᠦᠵᠡᠮᠵᠢ ᠶᠢᠨ ᠣᠷᠣᠨ ᠤ ᠰᠠᠭᠤᠷᠢ ᠲᠦᠬᠦᠬᠡᠷᠦᠮᠵᠢ ᠵᠢᠴᠢ ᠬᠦᠯᠢᠶᠡᠨ ᠵᠣᠴᠢᠯᠠᠬᠤ ᠦᠢᠯᠡᠴᠢᠯᠡᠬᠡᠨ ᠤ ᠲᠦᠬᠦᠬᠡᠷᠦᠮᠵᠢ ᠶᠢ ᠣᠯᠠᠮ ᠨᠢᠬᠡ ᠠᠯᠬᠤᠮ ᠲᠡᠬᠦᠯᠳᠡᠷᠵᠢᠬᠦᠯᠪᠡ᠃      2017 ᠣᠨ ᠤ 12 ᠰᠠᠷ᠎ᠠ ᠶᠢᠨ 20 ᠡᠳᠣᠷ᠂ ᠬᠠᠮᠢᠶᠠᠷᠣᠯᠳᠠ ᠶᠢᠨ ᠣᠷᠣᠨ ᠤ ᠣᠯᠠᠨ ᠲᠣᠬᠤᠢ ᠦᠵᠡᠮᠵᠢ ᠶᠢᠨ ᠣᠷᠣᠨ ᠣᠯᠣᠰ ᠤᠨ 4A ᠲᠡᠰ ᠤᠨ ᠦᠵᠡᠮᠵᠢ ᠣᠷᠣᠨ ᠢᠶᠠᠷ ᠵᠦᠪᠰᠢᠶᠡᠷᠡᠭᠳᠡᠪᠡ᠃ ᠵᠢᠭᠤᠯᠴᠢᠯᠠᠯ ᠎ ᠤᠨ ᠣᠷᠣᠨ ᠤ A ᠲᠡᠰ ᠤᠨ ᠦᠨᠡᠯᠡᠯᠳᠡ ᠨᠢ ᠣᠳᠣᠬᠠᠨ ᠤ ᠣᠯᠣᠰ ᠤᠨ ᠲᠣᠳᠣᠭᠠᠳᠣ ᠤᠨ ᠵᠢᠭᠤᠯᠴᠢᠯᠠᠯ ᠤᠨ ᠣᠷᠣᠨ ᠤ ᠵᠦᠬᠡᠯᠡᠨ ᠬᠠᠳᠠᠭᠤ ᠦᠢᠯᠡᠴᠢᠯᠡᠬᠡᠨ ᠤ ᠵᠦᠢᠯᠡᠰ ᠤᠨ ᠬᠦᠭᠵᠢᠯᠳᠡ ᠶᠢᠨ ᠲᠦᠪᠰᠢᠨ ᠤ ᠬᠠᠮᠤᠭ ᠬᠦᠴᠦᠨ ᠎ ᠲᠠᠢ ᠪᠠᠷᠢᠮᠵᠢᠶ᠎ᠡ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠡᠷᠦᠩᠬᠡᠶᠢᠯᠡᠭᠰᠡᠨ ᠬᠦᠴᠦᠨ ᠤ ᠨᠡᠷᠡᠳᠣ ᠲᠡᠮᠳᠡᠭ ᠎ ᠤᠨ ᠢᠯᠡᠳᠬᠡᠯ᠃     ᠬᠠᠮᠢᠶᠠᠷᠣᠯᠳᠠ ᠶᠢᠨ ᠣᠷᠣᠨ ᠤ ᠣᠯᠠᠨ ᠲᠣᠬᠤᠢ ᠦᠵᠡᠮᠵᠢ ᠶᠢᠨ ᠣᠷᠣᠨ ᠣᠯᠣᠰ ᠤᠨ 4A ᠲᠡᠰ ᠤᠨ ᠦᠵᠡᠮᠵᠢ ᠣᠷᠣᠨ ᠢᠶᠠᠷ ᠦᠨᠡᠯᠡᠭᠳᠡᠭᠰᠡᠨ ᠨᠢ ᠵᠢᠭᠤᠯᠴᠢᠯᠠᠯ ᠤᠨ ᠦᠵᠡᠮᠵᠢ ᠶᠢᠨ ᠣᠷᠴᠢᠨ ᠲᠣᠭᠤᠷᠢᠨ ᠪᠡ ᠬᠦᠭᠵᠢᠯᠳᠡ ᠎ ᠶᠢᠨ ᠴᠢᠨᠠᠷ ᠲᠡᠭᠡᠷᠡᠬᠢ ᠢᠯᠡᠷᠬᠡᠢ ᠲᠡᠭᠡᠭᠰᠢᠯᠡᠯᠳᠡ ᠶᠢ ᠬᠠᠷᠠᠭᠤᠯᠵᠦ᠂ ᠬᠠᠮᠢᠶᠠᠷᠣᠯᠳᠠ ᠶᠢᠨ ᠣᠷᠣᠨ ᠳᠤ ᠠᠪᠴᠣ ᠬᠡᠯᠡᠪᠡᠯ᠂ ᠭᠠᠵᠠᠷ ᠣᠷᠣᠨ ᠤ ᠰᠣᠶᠣᠯ ᠢ ᠬᠠᠷᠠᠭᠤᠯᠬᠤ᠂ ᠣᠯᠠᠭᠠᠢ ᠶᠢᠨ ᠨᠡᠷᠡᠳᠣ ᠲᠡᠮᠳᠡᠭ ᠢ ᠪᠦᠳᠦᠬᠡᠬᠦ᠂ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠲᠠᠶᠢᠴᠢᠯᠠᠬᠤ ᠴᠢᠬᠤᠯᠠ ᠠᠷᠭ᠎ᠠ ᠵᠠᠮ᠃ ᠠᠷᠠᠳ ᠲᠦᠮᠡᠨ ᠳᠤ ᠠᠪᠴᠣ ᠬᠡᠯᠡᠪᠡᠯ᠂ ᠠᠷᠠᠳ ᠢ ᠴᠢᠨᠠᠬᠡᠯᠢᠭᠵᠢᠬᠦᠯᠬᠦ ᠣᠷᠣᠯᠭ᠎ᠠ ᠶᠢ ᠨᠡᠮᠡᠭᠳᠡᠬᠦᠯᠬᠦ᠂ ᠠᠵᠢᠯ ᠣᠯᠭᠤᠬᠤ ᠶᠢ ᠲᠠᠶᠢᠴᠢᠯᠠᠬᠤ ᠪᠦᠳᠦᠮᠵᠢᠳᠡᠢ ᠠᠷᠭ᠎ᠠ ᠬᠡᠮᠵᠢᠶ᠎ᠡ᠃       ᠲᠠᠷᠠᠭᠠᠴᠢ ᠶᠢᠨ ᠠᠯᠬᠤᠮ ᠳᠤ᠂ ᠬᠠᠮᠢᠶᠠᠷᠣᠯᠳᠠ ᠶᠢᠨ ᠣᠷᠣᠨ 5A ᠲᠡᠰ ᠤᠨ ᠦᠵᠡᠮᠵᠢ ᠶᠢᠨ ᠣᠷᠣᠨ ᠢ ᠪᠠᠶᠢᠭᠤᠯᠬᠤ ᠪᠠᠷ ᠬᠠᠷᠠᠯᠳᠠ ᠪᠣᠯᠭᠠᠵᠦ᠂ ᠦᠵᠡᠮᠵᠢ ᠶᠢᠨ ᠣᠷᠣᠨ ᠤ ᠪᠠᠷᠢᠮᠵᠢᠶᠠᠵᠢᠭᠰᠠᠨ ᠪᠦᠳᠦᠬᠡᠨ ᠪᠠᠶᠢᠭᠤᠯᠣᠯᠳᠠ ᠎ ᠶᠢ ᠲᠦᠷᠢᠮᠵᠢᠬᠦᠯᠬᠦ ᠪᠠᠷ ᠲᠠᠮᠵᠢᠵᠦ᠂ ᠬᠢᠨᠠᠯᠳᠠ ᠬᠠᠮᠢᠶᠠᠷᠣᠯᠳᠠ ᠱᠠᠭᠠᠷᠳᠠᠨ ᠣᠳᠣᠷᠢᠳᠬᠤ ᠶᠢ ᠴᠢᠩᠭᠠᠳᠬᠠᠵᠦ᠂ ᠲᠦᠰᠦᠯ ᠤᠨ ᠲᠡᠳᠬᠦᠮᠵᠢ ᠦᠵᠡᠬᠦᠯᠦᠨ᠂ ᠣᠯᠠᠨ ᠲᠣᠬᠤᠢ ᠦᠵᠡᠮᠵᠢ ᠶᠢᠨ ᠣᠷᠣᠨ ᠢ ᠦᠷᠬᠦᠯᠵᠢᠯᠡᠨ ᠨᠠᠷᠢᠯᠢᠭ ᠪᠠᠶᠢᠭᠤᠯᠵᠦ᠂ ᠣᠯᠠᠭᠠᠢ ᠶᠢᠨ   ᠭᠤᠣᠯ ᠪᠣᠯᠬᠤ ᠰᠢᠯᠢᠳᠡᠭ ᠦᠵᠡᠮᠵᠢ ᠶᠢᠨ ᠣᠷᠣᠨ ᠢ ᠴᠣᠭᠴᠠᠯᠠᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号