ᠠᠵᠢᠯᠴᠢᠨ ᠤ ᠡᠪᠯᠡᠯ ᠠᠴᠠ 2 ᠨᠡᠷᠡᠰ ᠦᠪᠡᠷᠳᠡᠬᠡᠨ ᠵᠠᠰᠠᠬᠤ ᠣᠷᠣᠨ ᠤ ᠲᠡᠰ ᠤᠨ ᠶᠠᠳᠠᠭᠤ ᠬᠦᠳᠡᠯᠮᠦᠷᠢ ᠎ ᠶᠢᠨ ᠵᠢᠱᠢᠶᠡᠴᠢ ᠳᠤ ᠠᠮᠢᠳᠣᠷᠠᠯ ᠤᠨ ᠨᠦᠬᠦᠪᠦᠷᠢ ᠮᠦᠩᠬᠦ ᠣᠯᠭᠤᠪᠠ
ᠨᠡᠶᠢᠲᠡᠯᠡᠭᠰᠡᠨ ᠴᠠᠭ᠄
2018-01-16
        ᠰᠢᠨ᠎ᠡ ᠵᠢᠯ ᠪᠣᠯᠬᠤ ᠪᠠᠷ ᠶᠠᠳᠠᠭᠤ ᠬᠦᠴᠢᠷᠳᠡᠢ ᠬᠦᠳᠡᠯᠮᠦᠷᠢ ᠶᠢᠨ ᠵᠢᠱᠢᠶᠡᠴᠢ ᠨᠠᠷ ᠲᠤ ᠨᠠᠮ ᠪᠠ ᠵᠠᠰᠠᠭ ᠎ ᠤᠨ ᠣᠷᠳᠣᠨ ᠵᠢᠴᠢ ᠲᠡᠭᠡᠳᠣ ᠱᠠᠳᠣᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠣᠯᠳᠠ ᠶᠢᠨ ᠬᠠᠯᠠᠭᠤᠨ ᠲᠣᠯᠠᠭᠠᠨ ᠢ ᠬᠦᠷᠬᠡᠵᠦ᠂ ᠣᠶᠢᠷ᠎ᠠ ᠶᠢᠨ ᠡᠳᠣᠷ ᠬᠠᠮᠢᠶᠠᠷᠣᠯᠳᠠ ᠶᠢᠨ ᠣᠷᠣᠨ ᠠᠵᠢᠯᠴᠢᠨ ᠤ ᠡᠪᠯᠡᠯ ᠠᠴᠠ 2 ᠨᠡᠷᠡᠰ ᠦᠪᠡᠷᠳᠡᠬᠡᠨ ᠵᠠᠰᠠᠬᠤ ᠣᠷᠣᠨ ᠤ ᠲᠡᠰ ᠤᠨ ᠶᠠᠳᠠᠭᠤ ᠬᠦᠳᠡᠯᠮᠦᠷᠢ ᠶᠢᠨ ᠵᠢᠱᠢᠶᠡᠴᠢ ᠳᠤ ᠠᠮᠢᠳᠣᠷᠠᠯ ᠤᠨ ᠨᠦᠬᠦᠪᠦᠷᠢ ᠮᠦᠩᠬᠦ 16400 ᠲᠦᠬᠦᠷᠢᠭ ᠣᠯᠭᠤᠪᠠ᠃         ᠬᠠᠮᠢᠶᠠᠷᠣᠯᠳᠠ ᠶᠢᠨ ᠣᠷᠣᠨ ᠳᠤ ᠣᠳᠣ ᠦᠪᠡᠷᠳᠡᠬᠡᠨ ᠵᠠᠰᠠᠬᠤ ᠣᠷᠣᠨ ᠤ ᠲᠡᠰ ᠤᠨ ᠬᠦᠳᠡᠯᠮᠦᠷᠢ ᠶᠢᠨ ᠵᠢᠱᠢᠶᠡᠴᠢ ︵ᠲᠡᠷᠢᠬᠦᠨ ᠤ ᠠᠵᠢᠯᠳᠠᠨ︶ ᠨᠡᠶᠢᠳᠡ 5 ᠬᠦᠮᠦᠨ ᠪᠠᠶᠢᠨ᠎ᠠ᠂ ᠲᠠᠷᠢᠶᠠᠯᠠᠩ ᠮᠠᠯᠵᠢᠯ ᠡᠮᠨᠡᠯᠬᠡ ᠡᠷᠡᠬᠦᠯ ᠬᠠᠮᠠᠭᠠᠯᠠᠯ ᠵᠡᠷᠬᠡ ᠡᠯ᠎ᠡ ᠠᠵᠢᠯ ᠤᠨ ᠪᠠᠶᠢᠷᠢ ᠲᠡᠭᠡᠷᠡᠬᠢ ᠵᠢᠷ ᠤᠨ ᠠᠵᠢᠯᠴᠢᠨ ᠪᠣᠯᠣᠨ᠎ᠠ᠂ ᠲᠡᠳᠡᠨᠠᠷ ᠬᠡᠳᠦᠶᠢᠪᠡᠷ ᠡᠮᠦᠨ᠎ᠡ ᠹᠷᠣᠨᠲ ᠲᠡᠭᠡᠷ᠎ᠡ ᠠᠵᠢᠯᠯᠠᠵᠦ ᠪᠠᠶᠢᠪᠠᠴᠣ ᠠᠮᠵᠢᠯᠳᠠ ᠪᠦᠳᠦᠮᠵᠢ ᠬᠢᠯᠡᠯᠵᠠᠮ᠎ᠠ᠃ ᠦᠨᠦ ᠵᠢᠯ ᠬᠠᠮᠢᠶᠠᠷᠣᠯᠳᠠ ᠶᠢᠨ ᠣᠷᠣᠨ ᠤ ᠠᠵᠢᠯᠴᠢᠨ ᠤ ᠡᠪᠯᠡᠯ ᠠᠴᠠ 5 ᠦᠪᠡᠷᠳᠡᠬᠡᠨ ᠵᠠᠰᠠᠬᠤ ᠣᠷᠣᠨ ᠤ ᠲᠡᠰ ᠤᠨ ᠬᠦᠳᠡᠯᠮᠦᠷᠢ ᠶᠢᠨ ᠵᠢᠱᠢᠶᠡᠴᠢ ︵ᠲᠡᠷᠢᠬᠦᠨ ᠤ ᠠᠵᠢᠯᠳᠠᠨ︶᠎ ᠳᠤ ᠰᠢᠨ᠎ᠡ ᠵᠢᠯ ᠤᠨ ᠲᠣᠬᠤᠨᠢᠭᠤᠯᠬᠤ ᠮᠦᠩᠬᠦ 5000 ᠲᠦᠬᠦᠷᠢᠭ ᠪᠠᠭᠤᠯᠭᠠᠬᠤ ᠶᠢᠨ ᠬᠠᠮᠳᠣ ᠲᠡᠭᠡᠳᠣ ᠱᠠᠳᠣᠨ ᠤ ᠠᠵᠢᠯᠴᠢᠨ ᠤ ᠡᠪᠯᠡᠯ ᠢ ᠲᠦᠯᠦᠬᠡᠯᠡᠵᠦ 4 ᠦᠪᠡᠷᠳᠡᠬᠡᠨ ᠵᠠᠰᠠᠬᠤ ᠣᠷᠣᠨ ᠤ ᠲᠡᠰ ᠤᠨ ᠬᠦᠳᠡᠯᠮᠦᠷᠢ ᠶᠢᠨ ᠵᠢᠱᠢᠶᠡᠴᠢ ︵ᠲᠡᠷᠢᠬᠦᠨ ᠤ ᠠᠵᠢᠯᠳᠠᠨ︶᠎ ᠳᠤ ᠦᠪᠡᠷᠳᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠪᠡᠯᠬᠡᠯᠡᠭᠰᠡᠨ ᠲᠣᠬᠤᠨᠢᠭᠤᠯᠬᠤ ᠪᠣᠳᠠᠰ ᠬᠦᠷᠬᠡᠪᠡ᠃ 4 ᠠᠶᠢᠮᠠᠭ ᠤᠨ ᠲᠡᠰ ᠤᠨ ᠬᠦᠳᠡᠯᠮᠦᠷᠢ ᠎ ᠶᠢᠨ ᠵᠢᠱᠢᠶᠡᠴᠢ ︵ᠲᠡᠷᠢᠬᠦᠨ ᠤ ᠠᠵᠢᠯᠳᠠᠨ︶᠎ ᠢ ᠴᠢᠩ ᠳ᠋ᠣᠣ᠂ ᠰᠦᠨᠢᠳ ᠪᠠᠷᠠᠭᠤᠨ ᠬᠤᠰᠢᠭᠤᠨ ᠳᠤ   ᠰᠣᠩᠭᠤᠨ ᠲᠣᠮᠢᠯᠠᠵᠦ ᠰᠣᠪᠢᠯᠠᠭᠤᠯᠪᠠ᠃         ᠬᠦᠳᠡᠯᠮᠦᠷᠢ ᠶᠢᠨ ᠵᠢᠱᠢᠶᠡᠴᠢ ᠶᠢᠨ ᠪᠡᠶ᠎ᠡ ᠲᠡᠭᠡᠷ᠎ᠡ ᠰᠢᠨ᠎ᠡ ᠴᠠᠭ ᠦᠶ᠎ᠡ ᠶᠢᠨ ᠠᠵᠢᠯᠴᠢ᠂ ᠡᠷᠯᠬᠡᠭ᠂ ᠲᠠᠪᠰᠢᠩᠭᠤᠢ᠂ ᠵᠣᠷᠢᠭᠤᠯᠬᠤ ᠬᠡᠷᠡᠯ ᠬᠢᠯᠪᠠᠭ᠎ᠠ ᠬᠢᠯᠠᠯᠵᠠᠵᠦ ᠪᠣᠢ᠂ ᠬᠦᠳᠡᠯᠮᠦᠷᠢ ᠶᠢᠨ ᠵᠢᠱᠢᠶᠡᠴᠢ ︵ᠲᠡᠷᠢᠬᠦᠨ ᠤ ᠠᠵᠢᠯᠳᠠᠨ︶᠎ ᠤ ︽ᠠᠵᠢᠯ ᠤᠨ ᠪᠠᠶᠢᠷᠢ ᠪᠠᠨ ᠬᠠᠶᠢᠷᠠᠯᠠᠬᠤ ᠦᠢᠯᠡᠰ ᠢᠶᠠᠨ ᠲᠡᠭᠡᠳᠦᠯᠡᠬᠦ᠂ ᠲᠡᠷᠢᠬᠦᠨ ᠢ ᠲᠡᠮᠡᠴᠡᠨ ᠡᠬᠦᠳᠬᠦ᠂ ᠰᠢᠷᠭᠠᠭᠤ ᠬᠠᠳᠠᠭᠤᠵᠢᠯᠳᠠᠢ ᠲᠡᠮᠡᠴᠡᠬᠦ᠂ ᠪᠠᠭᠠᠳᠣᠷᠯᠢᠭ ᠢᠶᠠᠷ ᠰᠢᠨ᠎ᠡ ᠶᠢ ᠡᠬᠦᠳᠬᠦ ᠨᠡᠷ᠎ᠡ ᠲᠦᠷᠦ ᠶᠢ ᠬᠦᠬᠡᠴᠡᠯᠳᠦᠬᠦ ᠦᠬᠡᠢ᠂ ᠲᠣᠷᠠᠳᠠᠶᠢᠶ᠎ᠠ ᠵᠣᠷᠢᠭᠤᠯᠬᠤ︾ ᠵᠣᠷᠢᠭ ᠰᠠᠨᠠᠭ᠎ᠠ ᠶᠢ ᠢᠳᠡᠪᠬᠢᠳᠡᠢ ᠪᠠᠳᠠᠷᠠᠭᠤᠯᠵᠦ᠂   ᠬᠦᠳᠡᠯᠮᠦᠷᠢ ᠶᠢᠨ ᠵᠢᠱᠢᠶᠡᠴᠢ ︵ᠲᠡᠷᠢᠬᠦᠨ ᠤ ᠠᠵᠢᠯᠳᠠᠨ︶᠎ ᠤ ᠨᠠᠨᠳᠢᠨ ᠴᠢᠨᠠᠷ ᠢ ᠮᠠᠭᠳᠠᠨ ᠲᠠᠭᠤᠯᠠᠬᠤ ᠪᠣᠯ ᠲᠣᠮᠳᠠᠳᠣ ᠎ ᠶᠢᠨ ᠦᠨᠳᠦᠰᠦᠳᠡᠨ ᠤ ᠲᠠᠷᠬᠠᠨ ᠡᠬᠦᠷᠬᠡ ᠪᠣᠯᠣᠨ᠎ᠠ᠃ ᠬᠠᠮᠢᠶᠠᠷᠣᠯᠳᠠ ᠶᠢᠨ ᠣᠷᠣᠨ ᠠᠴᠠ ᠲᠡᠭᠡᠳᠣ ᠱᠠᠳᠣᠨ ᠤ ᠠᠯᠪᠠᠨ ᠪᠢᠴᠢᠭ ᠤᠨ ᠶᠣᠰᠣᠭᠠᠷ ᠬᠦᠬᠦᠷᠬᠡ ᠪᠦᠰᠡᠯᠡᠬᠦᠷ ᠤᠨ ᠦᠢᠯᠡᠳᠣᠯ ᠢ ᠰᠠᠶᠢᠳᠣᠷ ᠪᠠᠳᠠᠷᠠᠭᠤᠯᠵᠦ᠂   ᠬᠦᠳᠡᠯᠮᠦᠷᠢ ᠎ ᠶᠢᠨ ᠵᠢᠱᠢᠶᠡᠴᠢ ︵ᠲᠡᠷᠢᠬᠦᠨ ᠤ ᠠᠵᠢᠯᠳᠠᠨ︶᠎ ᠤ ᠬᠠᠮᠢᠶᠠᠷᠣᠯᠳᠠ ᠦᠢᠯᠡᠴᠢᠯᠡᠭᠡ ᠶᠢᠨ ᠠᠵᠢᠯ ᠢ ᠰᠠᠭᠤᠷᠢᠯᠢᠭ ᠬᠦᠢᠴᠡᠳᠬᠡᠵᠦ᠂ ᠬᠦᠳᠡᠯᠮᠦᠷᠢ ᠶᠢᠨ ᠵᠢᠱᠢᠶᠡᠴᠢ ︵ᠲᠡᠷᠢᠬᠦᠨ ᠤ ᠠᠵᠢᠯᠳᠠᠨ︶  ᠎ ᠤᠨ ᠠᠵᠢᠯ᠂ ᠠᠮᠢᠳᠣᠷᠠᠯ ᠪᠠ ᠪᠡᠶ᠎ᠡ ᠰᠡᠳᠬᠢᠯ ᠤᠨ ᠡᠷᠡᠬᠦᠯ ᠮᠡᠨᠳᠣ ᠳᠤ ᠠᠩᠬᠠᠷᠣᠯ ᠲᠠᠯᠪᠢᠵᠦ᠂ ᠬᠦᠳᠡᠯᠮᠦᠷᠢ ᠶᠢᠨ ᠵᠢᠱᠢᠶᠡᠴᠢ ︵ᠲᠡᠷᠢᠬᠦᠨ ᠤ ᠠᠵᠢᠯᠳᠠᠨ︶ ᠎ ᠶᠢ ᠬᠠᠯᠠᠮᠵᠢᠯᠠᠬᠤ ᠠᠵᠢᠯ ᠢ ᠪᠣᠳᠠᠳᠠᠶᠢᠵᠢᠭᠤᠯᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号