ᠵᠠᠮ ᠬᠠᠷᠢᠯᠴᠠᠭ᠎ᠠ ᠵᠦᠬᠡᠬᠡᠪᠦᠷᠢ ᠶᠢᠨ ᠲᠣᠪᠴᠢᠶ᠎ᠠ ᠴᠠᠰᠣᠨ ᠴᠠᠰᠣᠨ ᠳᠤ ᠲᠦᠭᠵᠢᠷᠡᠭᠰᠡᠨ ᠵᠠᠮ ᠢ ᠠᠷᠢᠯᠭᠠᠨ ᠠᠶᠠᠨ ᠵᠠᠮ ᠤᠨ ᠠᠮᠣᠷ ᠲᠦᠪᠰᠢᠨ ᠢ ᠪᠠᠳᠣᠯᠠᠪᠠ
ᠨᠡᠶᠢᠲᠡᠯᠡᠭᠰᠡᠨ ᠴᠠᠭ᠄
2018-01-30
      ᠣᠶᠢᠷ᠎ᠠ ᠶᠢᠨ ᠡᠳᠣᠷ ᠤᠨ ᠴᠠᠰᠣ ᠰᠠᠯᠬᠢ ᠶᠡᠭᠡ ᠴᠠᠭ ᠠᠭᠤᠷ ᠤᠨ ᠨᠦᠯᠦᠬᠡᠯᠡᠯ ᠲᠣᠣᠷ᠎ᠠ᠂ ᠣᠯᠠᠭᠠᠢ ᠬᠠᠮᠢᠶᠠᠷᠣᠯᠳᠠ ᠶᠢᠨ ᠣᠷᠣᠨ ᠤ ᠱᠧᠪᠣᠷᠳᠣ — ᠣᠯᠠᠭᠠᠨᠴᠠᠪ᠂ ᠬᠠᠯᠠᠭᠠᠶᠢᠳᠣ — ᠰᠡᠷᠡᠩ ᠶᠢᠨ ᠵᠣᠣ ᠬᠦᠷᠬᠦ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠬᠦᠨᠳᠣ ᠨᠣᠴᠢᠳᠠᠢ ᠴᠠᠰᠣᠨ ᠳᠤ ᠲᠦᠭᠵᠢᠷᠡᠵᠦ᠂ ᠲᠡᠷᠬᠡ ᠣᠨᠤᠭ᠎ᠠ ᠨᠡᠪᠳᠡᠷᠡᠵᠦ ᠴᠢᠳᠠᠬᠤ ᠦᠬᠡᠢ ᠵᠠᠮ ᠬᠠᠷᠢᠯᠴᠠᠭ᠎ᠠ ᠲᠦᠭᠵᠢᠷᠡᠨ᠂ ᠠᠷᠠᠳ ᠲᠦᠮᠡᠨ ᠤ ᠠᠶᠠᠨ ᠵᠠᠮ ᠳᠤ ᠯᠣᠳᠣ ᠶᠡᠭᠡ ᠬᠠᠷᠰᠢ ᠰᠠᠭᠠᠳ ᠠᠪᠴᠢᠷᠠᠪᠠ᠃       ᠮᠠᠰᠢᠨ ᠲᠡᠷᠭᠡᠨ ᠤ ᠰᠠᠭᠠᠳ ᠦᠬᠡᠢ ᠠᠶᠠᠯᠠᠬᠤ᠂ ᠠᠷᠠᠳ ᠲᠦᠮᠡᠨ ᠤ ᠠᠮᠣᠷ ᠲᠦᠪᠰᠢᠨ ᠵᠣᠷᠴᠢᠬᠤ ᠶᠢ ᠪᠠᠳᠣᠯᠠᠬᠤ ᠶᠢᠨ ᠲᠦᠯᠦᠬᠡ᠂ ᠵᠠᠮ ᠬᠠᠷᠢᠯᠴᠠᠭ᠎ᠠ ᠵᠦᠬᠡᠬᠡᠪᠦᠷᠢ ᠶᠢᠨ ᠲᠣᠪᠴᠢᠶ᠎ᠠ ᠠᠴᠠ ᠠᠷᠠᠳ ᠲᠦᠮᠡᠨ ᠳᠤ ᠪᠣᠳᠠᠳᠣ ᠶᠠᠪᠣᠳᠠᠯ ᠬᠢᠬᠦ ᠣᠪᠣᠷ ᠢ ᠪᠠᠷᠢᠮᠳᠠᠯᠠᠵᠦ᠂ 2018 ᠣᠨ ᠤ 1 ᠰᠠᠷ᠎ᠠ ᠶᠢᠨ 11᠎ ᠤ ᠡᠳᠣᠷ᠂ ᠨᠡᠶᠢᠳᠡ  ᠂ 1 ᠲᠣᠮᠣ ᠮᠠᠶ᠋ᠢᠭ ᠤᠨ ᠬᠤᠳᠬᠤᠬᠤ ᠲᠡᠷᠭᠡ᠂ 1 ᠵᠠᠮ ᠬᠠᠷᠢᠯᠴᠠᠭᠠᠨ ᠤ ᠬᠠᠮᠢᠶᠠᠷᠣᠯᠳᠠ ᠶᠢᠨ ᠮᠠᠰᠢᠨ᠂ 5 ᠬᠦᠮᠦᠨ ᠭᠠᠷᠭᠠᠵᠦ᠂ ᠬᠦᠢᠳᠡᠨ ᠰᠠᠯᠬᠢ ᠬᠦᠯᠳᠡᠬᠦᠦ ᠴᠠᠰᠣ ᠲᠠᠢ ᠪᠦᠬᠦᠯᠢ ᠨᠢᠬᠡ ᠡᠳᠣᠷ ᠲᠡᠮᠡᠴᠡᠨ ᠲᠦᠭᠵᠢᠷᠡᠭᠰᠡᠨ ᠵᠠᠮ ᠤᠨ ᠴᠠᠰᠣ ᠶᠢ ᠪᠦᠬᠦᠨ ᠢ ᠠᠷᠢᠯᠭᠠᠪᠠ᠃ ᠲᠣᠰ ᠣᠳᠠᠭᠠᠨ ᠤ ᠴᠠᠰᠣ ᠠᠷᠢᠯᠭᠠᠭᠰᠠᠨ ᠬᠦᠳᠡᠯᠬᠡᠬᠡᠨ ᠬᠠᠮᠢᠶᠠᠷᠣᠯᠳᠠ ᠶᠢᠨ ᠣᠷᠣᠨ ᠤ ᠬᠠᠷᠢᠶ᠎ᠠ ᠣᠷᠣᠨ ᠲᠣᠳᠣᠷᠠᠬᠢ ᠵᠠᠮ ᠱᠣᠭᠤᠮ ᠤᠨ ᠠᠮᠣᠷ ᠲᠦᠪᠰᠢᠨ ᠰᠠᠭᠠᠳ ᠦᠬᠡᠢ ᠨᠡᠪᠳᠡᠷᠡᠬᠦ ᠪᠠ ᠠᠷᠠᠳ ᠲᠦᠮᠡᠨ ᠎ ᠤ ᠠᠶᠠᠯᠠᠯ ᠤᠨ ᠠᠮᠣᠷ ᠲᠦᠪᠰᠢᠨ ᠢ ᠪᠠᠳᠣᠯᠠᠵᠦ ᠴᠢᠳᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号