ᠬᠠᠮᠢᠶᠠᠷᠣᠯᠳᠠ ᠶᠢᠨ ᠣᠷᠣᠨ ᠤ 2018 ᠣᠨ ᠤ ︽ᠣᠯᠠᠭᠠᠨ ᠵᠠᠭᠠᠯᠮᠠᠶᠢᠳᠠᠨ ᠤ ᠲᠡᠯᠬᠡᠷ ᠬᠠᠶᠢᠷ᠎ᠠ ᠶᠢ ᠲᠦᠮᠡᠨ ᠡᠷᠦᠬᠡ ᠳᠤ ᠲᠦᠬᠡᠬᠡᠬᠦ︾ ᠬᠦᠳᠡᠯᠬᠡᠬᠡᠨ ᠡᠬᠢᠯᠡᠪᠡ
ᠨᠡᠶᠢᠲᠡᠯᠡᠭᠰᠡᠨ ᠴᠠᠭ᠄
2018-01-31
    ᠣᠯᠠᠭᠠᠨ ᠵᠠᠭᠠᠯᠮᠠᠶᠢᠳᠠᠨ ᠤ ︽ᠬᠦᠮᠦᠨᠴᠢ ᠦᠵᠡᠯ᠂ ᠲᠡᠯᠬᠡᠷ ᠬᠠᠶᠢᠷ᠎ᠠ᠂ ᠵᠣᠷᠢᠭᠤᠯᠬᠤ︾   ᠵᠣᠷᠢᠭ ᠰᠠᠨᠠᠭ᠎ᠠ ᠶᠢ ᠣᠯᠠᠮ ᠨᠢᠬᠡ ᠠᠯᠬᠤᠮ ᠪᠠᠳᠠᠷᠠᠭᠤᠯᠵᠦ᠂ ᠶᠠᠳᠠᠭᠤ ᠠᠷᠠᠳ ᠤᠨ ᠪᠠᠶᠠᠷ ᠬᠦᠷ ᠲᠠᠢ ᠰᠢᠨᠡᠯᠡᠬᠦ ᠶᠢ ᠪᠠᠳᠣᠯᠠᠬᠤ ᠶᠢᠨ ᠲᠦᠯᠦᠬᠡ᠂ 1 ᠰᠠᠷ᠎ᠠ ᠶᠢᠨ 25᠎ ᠤ ᠡᠳᠣᠷ᠂ ᠣᠯᠠᠭᠠᠢ ᠬᠠᠮᠢᠶᠠᠷᠣᠯᠳᠠ ᠶᠢᠨ ᠣᠷᠣᠨ ᠤ ᠣᠯᠠᠭᠠᠨ ᠵᠠᠭᠠᠯᠮᠠᠶᠢᠳᠠᠨ ᠤ ᠨᠡᠶᠢᠬᠡᠮᠯᠢᠭ ᠠᠴᠠ ᠪᠦᠯᠬᠦᠮᠳᠡᠯ ᠰᠠᠭᠤᠭᠠᠯᠢ ᠶᠢᠨ ᠲᠣᠭᠤᠷᠢᠭ ᠲᠤ 2018 ᠣᠨ ᠤ ︽ᠣᠯᠠᠭᠠᠨ ᠵᠠᠭᠠᠯᠮᠠᠶᠢᠳᠠᠨ ᠤ ᠲᠡᠯᠬᠡᠷ ᠬᠠᠶᠢᠷ᠎ᠠ ᠶᠢ ᠲᠦᠮᠡᠨ ᠡᠷᠦᠬᠡ ᠳᠤ ᠲᠦᠬᠡᠬᠡᠬᠦ︾ ᠬᠦᠳᠡᠯᠬᠡᠬᠡᠨ ᠤ ᠡᠳ᠋ ᠪᠣᠳᠠᠰ ᠲᠦᠬᠡᠬᠡᠬᠦ ᠶᠣᠰᠣᠯᠠᠯ ᠶᠠᠪᠣᠭᠤᠯᠪᠠ᠃ ᠬᠡᠳᠦᠶᠢᠪᠡᠷ ᠬᠠᠬᠢᠷ ᠡᠪᠦᠯ ᠪᠣᠯᠪᠠᠴᠣ᠂ ᠬᠦᠳᠡᠯᠬᠡᠬᠡᠨ ᠤ ᠲᠠᠯᠠᠪᠠᠢ ᠬᠠᠯᠠᠭᠤᠨ ᠰᠡᠳᠬᠢᠯᠬᠡ ᠢᠶᠠᠷ ᠪᠢᠯᠬᠠᠭᠰᠠᠨ ᠪᠠᠶᠢᠨ᠎ᠠ᠃ ᠬᠠᠮᠢᠶᠠᠷᠣᠯᠳᠠ ᠶᠢᠨ ᠣᠷᠣᠨ ᠤ ᠲᠡᠳ᠋ ᠡᠷᠬᠢᠯᠡᠭᠴᠢ ᠷᠧᠨ ᠰᠢ ᠵᠢᠶᠦ᠋ᠨ᠂ ᠣᠯᠣᠰ ᠲᠦᠷᠦ ᠎ ᠶᠢᠨ ᠵᠦᠪᠯᠡᠯᠬᠡᠨ ᠤ ᠠᠯᠪᠠᠨ ᠭᠡᠷ ᠤᠨ ᠡᠷᠬᠢᠯᠡᠭᠴᠢ ᠪᠠᠢ ᠬᠠᠢ ᠲᠠᠩ ᠵᠢᠴᠢ ᠬᠠᠮᠢᠶᠠᠷᠣᠯᠳᠠ ᠶᠢᠨ ᠣᠷᠣᠨ ᠤ ᠣᠯᠠᠭᠠᠨ ᠵᠠᠭᠠᠯᠮᠠᠶᠢᠳᠠᠨ ᠤ ᠨᠡᠶᠢᠬᠡᠮᠯᠢᠭ ᠪᠠ ᠡᠯ᠎ᠡ ᠲᠠᠯᠠᠪᠠᠢ ᠪᠠᠯᠭᠠᠰᠣᠨ ᠤ ᠬᠠᠷᠢᠭᠤᠴᠠᠭᠴᠢ ᠨᠠᠷ ᠬᠦᠳᠡᠯᠬᠡᠬᠡᠨ ᠤ ᠠᠬᠤᠢ ᠲᠠᠯᠠᠪᠠᠢ ᠳᠤ ᠢᠷᠡᠵᠦ ᠲᠣᠰᠠᠯᠠᠨ ᠪᠣᠯᠭᠤᠭᠠᠬᠤ ᠮᠦᠩᠬᠦ ᠪᠣᠳᠠᠰ ᠢ ᠲᠠᠷᠬᠠᠭᠠᠨ ᠲᠦᠬᠡᠬᠡᠬᠦ ᠪᠣᠯᠣᠨ ᠡᠷᠦᠬᠡ ᠳᠤ ᠣᠷᠣᠵᠦ ᠲᠣᠬᠢᠨᠠᠭᠤᠯᠬᠤ ᠬᠦᠳᠡᠯᠬᠡᠬᠡᠨ ᠳᠤ ᠣᠷᠣᠯᠴᠠᠪᠠ᠃       ᠲᠣᠰ ᠣᠳᠠᠭᠠᠨ ᠤ ᠲᠣᠰᠠᠯᠠᠬᠤ ᠬᠦᠳᠡᠯᠬᠡᠬᠡᠨ ᠳᠤ ᠬᠠᠮᠢᠶᠠᠷᠣᠯᠳᠠ ᠶᠢᠨ ᠣᠷᠣᠨ ᠤ ᠣᠯᠠᠭᠠᠨ ᠵᠠᠭᠠᠯᠮᠠᠶᠢᠳᠠᠨ ᠤ ᠨᠡᠶᠢᠬᠡᠮᠯᠢᠭ ᠠᠴᠠ 8 ᠲᠦᠮᠡ ᠭᠠᠷᠣᠢ ᠲᠦᠬᠦᠷᠢᠭ ᠪᠡᠯᠡᠳᠬᠡᠨ᠂ ᠡᠷᠦᠬᠡ ᠪᠦᠷᠢ ᠳᠤ 500 ᠲᠦᠬᠦᠷᠢᠭ ᠤᠨ ᠪᠠᠷᠢᠮᠵᠢᠶ᠎ᠠ ᠪᠠᠷ ᠬᠠᠷᠢᠶ᠎ᠠ ᠣᠷᠣᠨ ᠤ 170 ᠡᠷᠦᠬᠡ ᠶᠠᠳᠠᠭᠤ ᠠᠷᠠᠳ ᠢ ᠲᠣᠰᠠᠯᠠᠨ ᠲᠣᠬᠢᠨᠠᠭᠤᠯᠪᠠ᠃ ᠬᠠᠮᠢᠶᠠᠷᠣᠯᠳᠠ ᠎ ᠶᠢᠨ ᠣᠷᠣᠨ ᠤ ᠣᠯᠠᠭᠠᠨ ᠵᠠᠭᠠᠯᠮᠠᠶᠢᠳᠠᠨ ᠤ ᠨᠡᠶᠢᠬᠡᠮᠯᠢᠭ ᠨᠢ ᠨᠠᠮ ᠪᠠ ᠵᠠᠰᠠᠭ ᠤᠨ ᠣᠷᠳᠣᠨ ᠤ ᠬᠦᠮᠦᠨᠴᠢ ᠦᠵᠡᠯ ᠎ ᠤᠨ ᠠᠵᠢᠯ ᠤᠨ ᠬᠦᠷᠢᠶᠡᠨ ᠳᠠᠬᠢ ᠴᠢᠬᠤᠯᠠ ᠬᠠᠪᠰᠣᠷᠣᠭᠴᠢ ᠪᠣᠯᠣᠭᠰᠠᠨ ᠤ ᠬᠤᠪᠢ ᠳᠤ ᠦᠢᠯᠡᠳᠣᠯ ᠢᠶᠠᠨ ᠬᠦᠢᠴᠡᠳ ᠪᠠᠳᠠᠷᠠᠭᠤᠯᠵᠦ᠂ ᠵᠠᠰᠠᠭ ᠤᠨ ᠣᠷᠳᠣᠨ ᠤ ᠵᠣᠪᠠᠯ ᠢ ᠦᠨᠡᠨᠬᠦ ᠬᠤᠪᠢᠶᠠᠯᠴᠠᠨ᠂ ᠠᠷᠠᠳ ᠲᠦᠮᠡᠨ ᠤ ᠬᠦᠴᠢᠷ ᠢ ᠰᠢᠢᠳᠪᠦᠷᠢᠯᠡᠨ᠂ ︽ᠣᠯᠠᠭᠠᠨ ᠵᠠᠭᠠᠯᠮᠠᠶᠢᠳᠠᠨ ᠤ ᠲᠡᠯᠬᠡᠷ ᠬᠠᠶᠢᠷ᠎ᠠ ᠶᠢ ᠲᠦᠮᠡᠨ ᠡᠷᠦᠬᠡ ᠳᠤ ᠲᠦᠬᠡᠬᠡᠬᠦ︾ ᠬᠦᠳᠡᠯᠬᠡᠬᠡᠨ ᠦᠷᠨᠢᠬᠦᠯᠬᠦ ᠶᠢ ᠣᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠨᠢᠬᠡ ᠵᠦᠢᠯ ᠤᠨ ᠨᠡᠶᠢᠳᠡ ᠶᠢᠨ ᠬᠠᠯᠠᠮᠵᠢ ᠎ ᠶᠢᠨ ᠨᠡᠷᠡᠳᠣ ᠲᠡᠮᠳᠡᠭᠳᠣ ᠲᠦᠰᠦᠯ ᠪᠣᠯᠭᠠᠵᠦ᠂ ᠠᠷᠠᠳ ᠤᠨ ᠠᠮᠢᠳᠣᠷᠠᠯ ᠤᠨ ᠲᠣᠭᠤᠷᠢᠨ ᠳᠤ ᠶᠠᠳᠠᠭᠤ ᠬᠦᠴᠢᠷ ᠲᠠᠢ ᠠᠷᠠᠳ ᠲᠦᠮᠡᠨ ᠢ ᠬᠠᠪᠰᠣᠷᠣᠨ ᠣᠨᠣᠪᠴᠢᠳᠠᠢ ᠲᠣᠰᠠᠯᠠᠭᠰᠠᠭᠠᠷ᠂ ︽ᠣᠯᠠᠭᠠᠨ ᠵᠠᠭᠠᠯᠮᠠᠶᠢᠳᠠᠨ ᠤ ᠲᠡᠯᠬᠡᠷ ᠬᠠᠶᠢᠷ᠎ᠠ ᠶᠢ ᠲᠦᠮᠡᠨ ᠡᠷᠦᠬᠡ ᠳᠤ ᠲᠦᠬᠡᠬᠡᠬᠦ ᠬᠦᠳᠡᠯᠬᠡᠬᠡᠨ︾᠎ ᠢ ᠣᠳᠣ ᠨᠢᠬᠡᠨᠳᠡ ᠵᠠᠯᠭᠠᠭ᠎ᠠ ᠪᠠᠷ 6 ᠵᠢᠯ ᠦᠷᠨᠢᠬᠦᠯᠵᠦ᠂ ᠨᠡᠶᠢᠳᠡ 1200 ᠭᠠᠷᠣᠢ ᠶᠠᠳᠠᠭᠤ ᠬᠦᠴᠢᠷᠳᠡᠢ ᠬᠡᠷ ᠪᠦᠯᠢ ᠳᠤ ᠠᠰᠢᠭ ᠬᠦᠷᠳᠡᠬᠡᠪᠡ᠃ ᠲᠣᠰ ᠣᠳᠠᠭᠠᠨ ᠤ ᠬᠦᠳᠡᠯᠬᠡᠬᠡᠨ ᠤ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠶᠢᠨ ᠲᠦᠯᠦᠬᠡ ᠬᠠᠮᠢᠶᠠᠷᠣᠯᠳᠠ ᠶᠢᠨ ᠣᠷᠣᠨ ᠤ ᠣᠯᠠᠭᠠᠨ ᠵᠠᠭᠠᠯᠮᠠᠶᠢᠳᠠᠨ ᠎ ᠤ ᠨᠡᠶᠢᠬᠡᠮᠯᠢᠭ ᠠᠴᠠ ︽ᠡᠷᠬᠡ ᠲᠡᠭᠰᠢ᠂ ᠲᠦᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠢ ᠪᠠᠷᠢᠮᠳᠠᠯᠠᠵᠦ᠂ ᠲᠣᠰᠠᠯᠠᠬᠤ ᠡᠳᠡᠭᠡᠳ ᠢ ᠰᠢᠬᠦᠨ ᠬᠢᠨᠠᠬᠤ ᠪᠣᠭᠤᠮᠳᠠ ᠶᠢ ᠴᠢᠩᠭ᠎ᠠ ᠠᠳᠬᠤᠵᠦ᠂ ᠬᠠᠮᠳᠣ ᠳᠤᠨᠢ ᠶᠠᠪᠣᠴᠠ ᠶᠢ ᠴᠢᠩᠭᠠᠯᠠᠨ᠂ ᠬᠠᠷᠢᠭᠤᠴᠠᠯᠭ᠎ᠠ ᠶᠢ ᠲᠣᠳᠣᠳᠬᠠᠵᠦ᠂ ᠲᠣᠰᠠᠯᠠᠨ ᠪᠣᠯᠭᠤᠭᠠᠬᠤ ᠮᠦᠩᠬᠦ ᠪᠣᠳᠠᠰ ᠶᠢ ᠲᠣᠰᠢᠶᠠᠬᠤ ᠪᠠ ᠬᠦᠯᠢᠶᠡᠨ ᠠᠪᠬᠤ᠂ ᠬᠠᠳᠠᠭᠠᠯᠠᠨ ᠬᠠᠮᠢᠶᠠᠷᠬᠤ᠂ ᠪᠠᠭᠤᠯᠭᠠᠨ ᠲᠠᠷᠬᠠᠭᠠᠬᠤ᠂ ᠪᠦᠷᠢᠳᠭᠡᠬᠦ ᠵᠡᠷᠬᠡ ᠠᠵᠢᠯ ᠤᠨ ᠠᠮᠣᠷ ᠲᠦᠪᠰᠢᠨ ᠡᠮᠬᠢ ᠵᠢᠷᠣᠮ ᠲᠠᠢ ᠪᠠᠶᠢᠬᠤ ᠶᠢ ᠪᠠᠳᠣᠯᠠᠪᠠ᠃ ᠲᠣᠬᠢᠨᠠᠭᠤᠯᠬᠤ ᠬᠦᠳᠡᠯᠬᠡᠬᠡᠨ ᠲᠠᠢ ᠬᠤᠯᠪᠣᠭ᠎ᠠ ᠲᠠᠢ ᠮᠦᠩᠬᠦ ᠪᠣᠳᠠᠰ ᠢ ᠪᠠᠭᠤᠯᠭᠠᠨ ᠲᠠᠷᠬᠠᠭᠠᠬᠤ ᠬᠡᠷᠡᠭᠯᠡᠬᠦ ᠪᠠ ᠬᠦᠳᠡᠯᠬᠡᠬᠡᠨ ᠤ ᠪᠠᠶᠢᠳᠠᠯ ᠢ ᠴᠠᠭ ᠢ ᠠᠮᠵᠢᠨ ᠵᠠᠷᠯᠠᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢ᠂ ᠣᠯᠠᠭᠠᠨ ᠵᠠᠭᠠᠯᠮᠠᠶᠢᠳᠠᠨ ᠤ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠭᠠᠷ ᠲᠤ ᠦᠨᠡᠨᠬᠦ ᠬᠦᠷᠬᠡᠵᠦ ᠴᠢᠳᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号