ᠬᠠᠮᠢᠶᠠᠷᠣᠯᠳᠠ ᠶᠢᠨ ᠣᠷᠣᠨ ᠤ ᠲᠠᠯ᠎ᠠ ᠨᠣᠳᠤᠭ ᠤᠨ ᠱᠠᠩᠨᠠᠨ ᠨᠦᠬᠦᠬᠦ ᠪᠡᠯᠡ ᠮᠦᠩᠬᠦ ᠶᠢ ᠪᠠᠭᠤᠯᠭᠠᠬᠤ ᠠᠵᠢᠯ ᠶᠠᠭᠠᠷᠠᠯᠳᠠᠢ ᠡᠮᠬᠢ ᠶᠣᠰᠣᠭᠠᠷ ᠶᠠᠪᠣᠭᠳᠠᠵᠦ ᠪᠣᠢ
ᠨᠡᠶᠢᠲᠡᠯᠡᠭᠰᠡᠨ ᠴᠠᠭ᠄
2018-01-31
      ᠬᠠᠮᠢᠶᠠᠷᠣᠯᠳᠠ ᠶᠢᠨ ᠣᠷᠣᠨ ᠤ ᠰᠢᠨ᠎ᠡ ᠨᠢᠬᠡ ᠮᠦᠷ ᠤᠨ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠳᠤ ᠨᠦᠬᠦᠪᠦᠷᠢᠯᠡᠬᠦ ᠱᠠᠩᠨᠠᠬᠤ ᠲᠦᠷᠦ ᠶᠢᠨ ᠪᠣᠳᠣᠯᠭ᠎ᠠ ᠳᠤ ᠬᠤᠯᠪᠣᠭᠳᠠᠭᠰᠠᠨ ᠡᠷᠦᠬᠡ᠂ ᠬᠦᠮᠦᠨ ᠠᠮᠠ ᠨᠡᠯᠢᠶᠡᠳ ᠠᠷᠪᠢᠨ᠂ ᠨᠦᠬᠦᠵᠦ ᠱᠠᠩᠨᠠᠬᠤ ᠲᠦᠷᠦᠯ ᠢᠯᠭᠠᠯ ᠣᠯᠠᠨ ᠪᠠᠶᠢᠳᠠᠯ ᠪᠣᠳᠣᠯᠢᠶᠠᠨ ᠲᠠᠢ ᠣᠴᠢᠷ ᠠᠴᠠ ᠡᠮᠦᠨ᠎ᠡ ᠬᠤᠭᠤᠴᠠᠭᠠᠨ ᠤ ᠬᠢᠨᠠᠨ ᠲᠣᠭᠳᠠᠭᠠᠬᠤ᠂ ᠰᠢᠬᠦᠨ ᠬᠢᠨᠠᠬᠤ᠂ ᠲᠣᠳᠣᠳᠬᠠᠬᠤ ᠵᠡᠷᠬᠡ ᠠᠵᠢᠯ ᠳᠤ ᠵᠣᠬᠢᠬᠤ ᠬᠡᠮᠵᠢᠶᠡᠨ ᠤ ᠬᠦᠴᠢᠷᠳᠡᠯ ᠠᠪᠴᠢᠷᠠᠪᠠ᠃ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠲᠠᠮᠵᠢᠵᠦ ᠬᠠᠮᠢᠶᠠᠷᠣᠯᠳᠠ ᠶᠢᠨ ᠣᠷᠣᠨ ᠠᠴᠠ ᠰᠢᠬᠦᠨ ᠬᠢᠨᠠᠬᠤ᠂ ︽ᠭᠤᠷᠪᠠᠨ ᠲᠡᠰ ᠢᠶᠠᠷ ᠵᠠᠷᠯᠠᠬᠤ︾᠂ ᠪᠡᠯᠡ ᠮᠦᠩᠬᠦ ᠶᠢᠨ ᠭᠤᠶᠣᠴᠢᠯᠠᠯ ᠢ ᠰᠢᠬᠦᠨ ᠵᠦᠪᠰᠢᠶᠡᠷᠡᠬᠦ ᠵᠡᠷᠬᠡ ᠡᠮᠦᠨ᠎ᠡ ᠬᠤᠭᠤᠴᠠᠭᠠᠨ ᠤ ᠠᠵᠢᠯ ᠢ ᠣᠨᠣᠪᠴᠢᠳᠠᠢ ᠪᠠᠶᠠᠯᠠᠬᠦᠯᠪᠡ᠃     1 ᠰᠠᠷ᠎ᠠ ᠶᠢᠨ 19 ᠤ ᠡᠳᠣᠷ ᠪᠣᠯᠳᠠᠯ᠎ᠠ᠂ ᠨᠢᠬᠡᠨᠳᠡ ᠬᠠᠯᠠᠭᠠᠶᠢᠳᠣ ᠮᠠᠯᠵᠢᠯ ᠤᠨ ᠲᠠᠯᠠᠪᠠᠢ᠂ ᠣᠯᠠᠭᠠᠢ ᠮᠠᠯᠵᠢᠯ  ᠤᠨ ᠲᠠᠯᠠᠪᠠᠢ᠂ ᠪᠠᠶᠠᠨᠬᠤᠰᠢᠭᠤ ᠪᠠᠯᠭᠠᠰᠣ ᠶᠢᠨ ᠪᠠᠭᠤᠯᠭᠠᠨ ᠣᠯᠭᠤᠬᠤ ᠪᠠᠷᠢᠮᠵᠢᠶᠠᠨ ᠳᠤ ᠬᠦᠷᠦᠭᠰᠡᠨ 1929 ᠡᠷᠦᠬᠡ  ᠶᠢᠨ 2017 ᠣᠨ ᠤ ᠲᠠᠯ᠎ᠠ ᠨᠣᠳᠤᠭ ᠤᠨ ᠱᠠᠩᠨᠠᠨ ᠨᠦᠬᠦᠬᠦ ᠪᠡᠯᠡ ᠮᠦᠩᠬᠦ ᠶᠢ ᠨᠡᠶᠢᠳᠡ 2443.74 ᠲᠦᠮᠡᠨ ᠲᠦᠬᠦᠷᠢᠭ ᠢ ᠪᠠᠭᠤᠯᠭᠠᠨ ᠣᠯᠭᠤᠪᠠ᠂ ᠪᠠᠭᠤᠯᠭᠠᠨ ᠣᠯᠭᠤᠭᠰᠠᠨ ᠨᠣᠷᠮ᠎ᠠ ᠨᠢ ᠲᠠᠬᠡᠳᠣ ᠱᠠᠳᠣᠨ ᠤ ᠪᠡᠯᠡ ᠮᠦᠩᠬᠦᠨ  ᠤ 66% ᠳᠤ ᠬᠦᠷᠪᠡ᠃ ᠡᠬᠦᠨ ᠤ ᠲᠣᠳᠣᠷ᠎ᠠ᠄ ᠡᠩ ᠤᠨ ᠮᠠᠯᠵᠢᠯ ᠢ ᠵᠣᠭᠰᠣᠭᠠᠭᠰᠠᠨ ᠲᠠᠯ᠎ᠠ ᠨᠣᠳᠤᠭ 47.54 ᠲᠦᠮᠡᠨ ᠮᠦ᠂ ᠬᠤᠯᠪᠣᠭᠳᠠᠭᠰᠠᠨ ᠡᠷᠦᠬᠡ 854᠂ ᠬᠦᠮᠦᠨ 2572᠂ ᠮᠦᠩᠬᠦ 1459.56 ᠲᠦᠮᠡᠨ ᠲᠦᠬᠦᠷᠢᠭ᠃ ᠪᠡᠯᠴᠢᠬᠡᠷ ᠮᠠᠯ ᠢ ᠲᠡᠩᠴᠡᠬᠦᠯᠦᠭᠰᠡᠨ ᠲᠠᠯ᠎ᠠ ᠨᠣᠳᠤᠭ 194.71 ᠲᠦᠮᠡᠨ ᠮᠦ᠂ ᠬᠤᠯᠪᠣᠭᠳᠠᠭᠰᠠᠨ ᠡᠷᠦᠬᠡ 1073᠂ ᠬᠦᠮᠦᠨ 3780  ᠂ ᠮᠦᠩᠬᠦ 584.13 ᠲᠦᠮᠡᠨ ᠲᠦᠬᠦᠷᠢᠭ᠃ ᠲᠣᠭᠳᠠᠮᠠᠯ ᠬᠠᠳᠣᠯᠠᠩ 80.01 ᠲᠦᠮᠡᠨ ᠮᠦ᠂ ᠬᠤᠯᠪᠣᠭᠳᠠᠭᠰᠠᠨ ᠡᠷᠦᠬᠡ 1073᠂ ᠬᠦᠮᠦᠨ 3780  ᠂ ᠮᠦᠩᠬᠦ 400.05 ᠲᠦᠮᠡᠨ ᠲᠦᠬᠦᠷᠢᠭ ᠃ ᠬᠡᠰᠡᠭ ᠠᠭᠤᠯᠠ ᠮᠠᠯᠵᠢᠯ ᠤᠨ ᠲᠠᠯᠠᠪᠠᠢ ᠶᠢᠨ ᠪᠡᠯᠡ ᠮᠦᠩᠬᠦ ᠶᠢ ᠪᠠᠭᠤᠯᠭᠠᠨ ᠣᠯᠭᠤᠬᠤ ᠠᠵᠢᠯ ᠶᠠᠭᠠᠷᠠᠯᠳᠠᠢ ᠡᠮᠬᠢ ᠶᠣᠰᠣᠭᠠᠷ ᠶᠠᠪᠣᠭᠳᠠᠵᠦ ᠪᠣᠢ᠂ ᠲᠦᠰᠦᠬᠡᠯᠡᠯᠳᠡ ᠪᠠᠷ ᠬᠠᠮᠢᠶᠠᠷᠣᠯᠳᠠ ᠶᠢᠨ ᠣᠷᠣᠨ ᠠᠴᠠ 1 ᠰᠠᠷ᠎ᠠ ᠶᠢᠨ 30 ᠤ ᠡᠳᠣᠷ ᠠᠴᠠ ᠡᠮᠦᠨ᠎ᠡ 2017 ᠣᠨ ᠤ ᠲᠠᠯ᠎ᠠ ᠨᠣᠳᠤᠭ ᠤᠨ ᠱᠠᠩᠨᠠᠨ ᠨᠦᠬᠦᠬᠦ ᠪᠡᠯᠡ ᠮᠦᠩᠬᠦ ᠶᠢ ᠪᠠᠭᠤᠯᠭᠠᠬᠤ ᠠᠵᠢᠯ ᠢ ᠪᠦᠬᠦᠨ ᠢ ᠪᠠᠶᠠᠯᠠᠬᠦᠯᠦᠨ᠎ᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号