ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠬᠠᠷ᠎ᠠ ᠪᠦᠯᠦᠭ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠤᠨ ᠲᠣᠯᠣᠳᠣᠭᠠᠷ ᠱᠠᠭᠠᠷᠳᠠᠨ ᠵᠢᠯᠣᠭᠤᠳᠬᠤ ᠲᠣᠭᠤᠶᠢᠯᠠᠩ ᠤᠨ ᠰᠢᠯᠢ ᠶᠢᠨ ᠭᠤᠣᠯ ᠠᠶᠢᠮᠠᠭ ᠲᠤ ᠰᠠᠭᠤᠵᠦ ᠱᠠᠭᠠᠷᠳᠠᠨ ᠵᠢᠯᠣᠭᠤᠳᠬᠤ ᠠᠯᠪᠠᠨ ᠵᠠᠷ
ᠨᠡᠶᠢᠲᠡᠯᠡᠭᠰᠡᠨ ᠴᠠᠭ᠄
2018/12/11
     ᠲᠦᠪ ᠬᠤᠷᠢᠶ᠎ᠠ ᠪᠠ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠣᠯᠳᠠ ᠶᠢ ᠦᠨᠳᠦᠰᠦᠯᠡᠵᠦ᠂ ᠬᠠᠷ᠎ᠠ ᠪᠦᠯᠦᠭ ᠬᠠᠷᠬᠢᠰ ᠬᠦᠴᠦᠨ ᠢ ᠠᠷᠢᠯᠭᠠᠬᠤ ᠲᠣᠰᠬᠠᠢ ᠲᠣᠰᠬᠠᠢ ᠲᠡᠮᠡᠴᠡᠯ ᠤᠨ ᠬᠦᠨᠵᠡᠬᠡᠢ ᠦᠷᠨᠢᠬᠦ ᠶᠢ ᠠᠬᠢᠭᠤᠯᠬᠤ ᠶᠢᠨ ᠲᠣᠰᠠᠳᠠ᠂ ᠦᠪᠡᠷᠳᠡᠬᠡᠨ ᠵᠠᠰᠠᠬᠤ ᠣᠷᠣᠨ ᠤ ᠬᠠᠷ᠎ᠠ ᠪᠦᠯᠦᠭ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠤᠨ ᠲᠣᠯᠣᠳᠣᠭᠠᠷ ᠱᠠᠭᠠᠷᠳᠠᠨ ᠵᠢᠯᠣᠭᠤᠳᠬᠤ ᠲᠣᠭᠤᠶᠢᠯᠠᠩ ᠨᠢ 2018 ᠣᠨ ᠤ 12 ᠳ᠋ᠣᠭᠠᠷ ᠰᠠᠷ᠎ᠠ ᠶᠢᠨ 10 ᠤ ᠡᠳᠣᠷ᠂ ᠰᠢᠯᠢ ᠶᠢᠨ ᠭᠤᠣᠯ ᠠᠶᠢᠮᠠᠭ ᠲᠤ ᠢᠷᠡᠵᠦ᠂ ᠨᠢᠬᠡ ᠰᠠᠷ᠎ᠠ ᠶᠢᠨ ᠬᠤᠭᠤᠴᠠᠭ᠎ᠠ ᠲᠠᠢ ᠱᠠᠭᠠᠷᠳᠠᠨ ᠵᠢᠯᠣᠭᠤᠳᠬᠤ ᠠᠵᠢᠯ ᠦᠷᠨᠢᠬᠦᠯᠬᠦ ᠪᠣᠯᠣᠨ᠎ᠠ᠃ ᠱᠠᠭᠠᠷᠳᠠᠨ ᠵᠢᠯᠣᠭᠤᠳᠬᠤ ᠬᠤᠭᠤᠴᠠᠭᠠᠨ ᠳᠤ ᠢᠯᠡᠴᠢᠯᠡᠨ ᠮᠡᠳᠡᠬᠦᠯᠬᠦ ᠣᠳᠠᠰᠣ ᠪᠠ ᠰᠢᠣᠳᠠᠨ ᠬᠠᠶᠢᠷᠴᠠᠭ ᠲᠣᠬᠢᠷᠠᠭᠤᠯᠵᠦ᠂ ᠭᠤᠣᠯᠳᠠᠭᠤ ᠰᠢᠯᠢ  ᠶᠢᠨ ᠭᠤᠣᠯ ᠠᠶᠢᠮᠠᠭ ᠤᠨ ᠬᠠᠷ᠎ᠠ ᠪᠦᠯᠦᠭ ᠬᠠᠷᠬᠢᠰ ᠬᠦᠴᠦᠨ ᠳᠤ ᠬᠤᠯᠪᠣᠭᠳᠠᠬᠤ ᠬᠠᠣᠯᠢ ᠵᠦᠷᠢᠴᠡᠭᠰᠡᠨ ᠶᠠᠯᠠᠳᠣ ᠠᠵᠢᠯᠯᠠᠭ᠎ᠠ ᠵᠢᠴᠢ ᠲᠡᠬᠦᠨ ᠤ ︽ᠠᠷᠣ ᠲᠦᠰᠢᠭ︾ ᠤᠨ ᠬᠠᠮᠢᠶ᠎ᠠ ᠪᠦᠬᠦᠢ ᠠᠰᠠᠭᠤᠳᠠᠯ ᠤᠨ ᠲᠣᠬᠠᠢ ᠰᠦᠪᠡᠭᠴᠢ ᠶᠢ ᠬᠦᠯᠢᠶᠡᠨ ᠠᠪᠴᠦ ᠰᠢᠢᠳᠪᠦᠷᠢᠯᠡᠨ᠎ᠡ᠃ ᠱᠠᠭᠠᠷᠳᠠᠨ ᠵᠢᠯᠣᠭᠤᠳᠬᠤ ᠲᠣᠭᠤᠶᠢᠯᠠᠩ ᠨᠢ ᠣᠯᠠᠨ ᠲᠦᠮᠡᠨ ᠤ ᠢᠯᠡᠴᠢᠯᠡᠳᠡ  ᠶᠢ ᠨᠠᠷᠢᠨ ᠬᠢᠨᠠᠮᠠᠭᠠᠢ ᠬᠦᠯᠢᠶᠡᠨ ᠠᠪᠴᠣ ᠬᠠᠷᠭᠤᠭᠤᠯᠣᠨ ᠪᠠᠶᠢᠴᠠᠭᠠᠵᠦ᠂ ᠬᠠᠣᠯᠢ ᠶᠣᠰᠣᠭᠠᠷ ᠨᠢᠭᠤᠴᠠ ᠶᠢ ᠴᠢᠩᠭ᠎ᠠ ᠬᠠᠮᠠᠭᠠᠯᠠᠨ᠂ ᠢᠯᠡᠴᠢᠯᠡᠭᠰᠡᠳ ᠤᠨ ᠬᠠᠣᠯᠢ ᠶᠣᠰᠣᠨ ᠤ ᠡᠷᠬᠡ ᠠᠰᠢᠭ ᠢ ᠦᠨᠡᠨᠬᠦ ᠪᠠᠳᠣᠯᠠᠨ᠎ᠠ᠃     ᠱᠠᠭᠠᠷᠳᠠᠨ ᠵᠢᠯᠣᠭᠤᠳᠬᠤ ᠬᠤᠭᠤᠴᠠᠭ᠎ᠠ᠄ 2018 ᠣᠨ ᠤ 12 ᠳ᠋ᠣᠭᠠᠷ ᠰᠠᠷ᠎ᠠ ᠶᠢᠨ 10 ᠤ ᠡᠳᠣᠷ ᠠᠴᠠ 2019 ᠣᠨ ᠤ 1 ᠳ᠋ᠣᠬᠡᠷ ᠰᠠᠷ᠎ᠠ ᠶᠢᠨ 9 ᠤ ᠡᠳᠣᠷ ᠬᠦᠷᠳᠡᠯ᠎ᠡ     ᠬᠠᠷᠢᠯᠴᠠᠬᠤ ᠣᠳᠠᠰᠣ᠄ 0479-8239285᠂ 0479-8236185 ︵ᠡᠳᠣᠷ ᠪᠦᠷᠢ ᠶᠢᠨ ᠬᠦᠯᠢᠶᠡᠨ ᠠᠪᠬᠤ ᠴᠠᠭ 8᠄ 30- 20᠄ 00︶     ᠢᠮᠧᠯ᠄zzqshceddz@163.com     ᠢᠯᠡᠴᠢᠯᠡᠨ ᠮᠡᠳᠡᠬᠦᠯᠬᠦ ᠰᠢᠣᠳᠠᠨ ᠬᠠᠶᠢᠷᠴᠠᠭ᠄ ᠰᠢᠯᠢ ᠶᠢᠨ ᠪᠠᠷᠠᠭᠤᠨ ᠶᠡᠭᠡ ᠵᠡᠬᠡᠯᠢ ᠶᠢᠨ ᠲᠡᠭᠡᠳᠣ ᠨᠡᠶᠢᠰᠯᠡᠯ ᠬᠦᠷᠢᠶᠡᠯᠡᠩ ᠤᠨ ᠰᠢᠣᠳᠠᠨ ᠬᠠᠶᠢᠷᠴᠠᠭ᠂ ᠰᠢᠣᠳᠠᠨ ᠨᠣᠮᠧᠷ 026000     ᠢᠯᠡᠴᠢᠯᠡᠨ ᠮᠡᠳᠡᠬᠦᠯᠬᠦ ᠰᠢᠦᠳᠡᠨ ᠬᠠᠶᠢᠷᠴᠠᠭ ᠤᠨ ᠬᠠᠶ᠋ᠢᠭ᠄     1  ᠠᠶᠢᠮᠠᠭ ᠤᠨ ᠵᠠᠰᠠᠭ ᠵᠠᠬᠢᠷᠭᠠᠨ ᠤ ᠲᠦᠪ ᠤᠨ ᠡᠮᠦᠨ᠎ᠡ ᠡᠬᠦᠳᠡ ᠠᠴᠠ ᠵᠡᠬᠦᠨᠰᠢ 30 ᠮᠧᠲᠷ ᠲᠤ᠃     2  ᠠᠶᠢᠮᠠᠭ ᠤᠨ ᠵᠠᠰᠠᠭ ᠵᠠᠬᠢᠷᠭᠠᠨ ᠤ ᠲᠦᠪ ᠤᠨ ᠪᠠᠷᠠᠭᠤᠨ ᠲᠠᠯ᠎ᠠ ᠳᠠᠬᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠵᠠᠬᠢᠳᠠᠯ ᠰᠣᠷᠪᠣᠯᠵᠢᠯᠠᠭ᠎ᠠ ᠶᠢ ᠬᠠᠮᠳᠣᠷᠠᠨ ᠬᠦᠯᠢᠶᠡᠨ ᠠᠪᠬᠤ ᠲᠦᠪ ᠤᠨ ᠡᠬᠦᠳᠡᠨ ᠳᠤ᠃    ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠬᠠᠷ᠎ᠠ ᠪᠦᠯᠦᠭ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠤᠨ ᠲᠣᠯᠣᠳᠣᠭᠠᠷ ᠱᠠᠭᠠᠷᠳᠠᠨ ᠵᠢᠯᠣᠭᠤᠳᠬᠤ ᠲᠣᠭᠤᠶᠢᠯᠠᠩ                            2018 ᠣᠨ ᠤ 12 ᠳ᠋ᠣᠭᠠᠷ ᠰᠠᠷ᠎ᠠ ᠶᠢᠨ 10 ᠤ ᠡᠳᠣᠷ
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号