ᠬᠠᠮᠢᠶᠠᠷᠣᠯᠳᠠ ᠶᠢᠨ ᠣᠷᠣᠨ ᠠᠴᠠ ᠪᠦᠬᠦ ᠠᠶᠢᠮᠠᠭ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠪᠠ ᠮᠣᠩᠭᠤᠯ ᠦᠬᠡ ᠬᠡᠯᠡ ᠶᠢ ᠰᠣᠷᠣᠯᠴᠠᠨ ᠬᠡᠷᠡᠭᠯᠡᠭᠰᠡᠨ ᠲᠡᠷᠢᠬᠦᠨ ᠤ ᠬᠤᠪᠢ ᠬᠦᠮᠦᠨ ᠳᠤ ᠱᠠᠩᠨᠠᠯ ᠤᠨ ᠮᠦᠩᠬᠦ ᠣᠯᠭᠤᠪᠠ
ᠨᠡᠶᠢᠲᠡᠯᠡᠭᠰᠡᠨ ᠴᠠᠭ᠄
2018-02-11
      ᠰᠢᠯᠢ ᠶᠢᠨ ᠭᠤᠣᠯ ᠠᠶᠢᠮᠠᠭ ᠤᠨ ᠬᠤᠷᠢᠶ᠎ᠠ᠂ ᠵᠠᠰᠠᠭ ᠵᠠᠬᠢᠷᠭᠠᠨ ᠠᠴᠠ 2017 ᠣᠨ ᠤ ᠪᠦᠬᠦ ᠠᠶᠢᠮᠠᠭ ᠤᠨ ᠨᠠᠢᠮᠠᠳᠣᠭᠠᠷ ᠣᠳᠠᠭᠠᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠣ ᠨᠢᠬᠡᠴᠢ᠂ ᠵᠢᠱᠢᠶᠡᠴᠢ ᠬᠤᠪᠢ ᠬᠦᠮᠦᠨ ᠪᠠ ᠪᠦᠬᠦ ᠠᠶᠢᠮᠠᠭ ᠤᠨ ᠭᠤᠷᠪᠠᠳᠣᠭᠠᠷ ᠣᠳᠠᠭᠠᠨ ᠤ ᠮᠣᠩᠭᠤᠯ ᠦᠬᠡ ᠬᠡᠯᠡ ᠰᠣᠷᠣᠯᠴᠠᠨ ᠬᠡᠷᠡᠭᠯᠡᠭᠰᠡᠨ ᠲᠡᠷᠢᠬᠦᠨ ᠤ ᠬᠠᠮᠳᠣ ᠨᠢᠬᠡᠴᠢ᠂ ᠲᠡᠷᠢᠬᠦᠨ ᠤ ᠬᠤᠪᠢ ᠬᠦᠮᠦᠨ ᠢ ᠬᠦᠬᠢᠬᠦᠯᠬᠦ ᠬᠦᠳᠡᠯᠬᠡᠬᠡᠨ ᠦᠷᠨᠢᠬᠦᠯᠪᠡ ᠃ ᠬᠦᠳᠡᠯᠬᠡᠬᠡᠨ ᠲᠣᠮᠳᠠ ᠣᠯᠠᠭᠠᠢ ᠶᠢᠨ ᠠᠷᠠᠳ ᠤᠨ ᠰᠢᠬᠦᠬᠦ ᠬᠤᠷᠢᠶ᠎ᠠ ᠶᠢᠨ ᠬᠠᠣᠯᠢᠴᠢ ᠠᠴᠢᠳᠣ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠤᠩᠬᠤᠷᠳᠣ ᠬᠤᠪᠢᠶᠠᠷᠢ ᠲᠠᠯᠠᠪᠠᠢ ᠶᠢᠨ ᠲᠠᠯᠠᠪᠠᠢ ᠶᠢᠨ ᠲᠠᠷᠤᠭ᠎ᠠ ᠲᠡᠮᠦ᠋ᠷᠰᠦᠬᠡ ᠪᠦᠬᠦ ᠠᠶᠢᠮᠠᠭ ᠤᠨ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ ᠤ ᠢᠷᠠᠭᠤ ᠠᠯᠳᠠᠷ ᠬᠦᠷᠳᠡᠪᠡ᠃ ᠣᠯᠠᠭᠠᠢ ᠬᠠᠮᠢᠶᠠᠷᠣᠯᠳᠠ ᠶᠢᠨ ᠣᠷᠣᠨ ᠤ ᠰᠣᠷᠭᠠᠨ ᠬᠦᠮᠦᠵᠢᠯ ᠤᠨ ᠲᠣᠪᠴᠢᠶᠠᠨ ᠤ ᠲᠣᠪᠴᠢᠶᠠᠨ ᠲᠠᠷᠤᠭ᠎ᠠ ᠯᠢᠦ ᠮᠢ᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠲᠦᠪ ᠤᠨ ᠶᠠᠷᠦᠩᠬᠡᠶᠢᠯᠡᠭᠰᠡᠨ ᠬᠠᠮᠢᠶᠠᠷᠣᠯᠳᠠ ᠶᠢᠨ ᠲᠠᠰᠤᠭ ᠤᠨ ᠲᠠᠷᠤᠭ᠎ᠠ ᠰᠢ ᠮᠦᠩᠬᠡᠨ᠋ᠦ᠋ᠯᠵᠠᠢ ᠪᠦᠬᠦ ᠠᠶᠢᠮᠠᠭ ᠤᠨ ᠮᠣᠩᠭᠤᠯ ᠦᠬᠡ ᠬᠡᠯᠡ ᠰᠣᠷᠴᠦ ᠬᠡᠷᠡᠭᠯᠡᠭᠰᠡᠨ ᠲᠡᠷᠢᠬᠦᠨ ᠤ ᠬᠤᠪᠢ ᠬᠦᠮᠦᠨ ᠢᠶᠠᠷ ᠦᠨᠡᠯᠡᠭᠳᠡᠪᠡ᠃     ᠲᠡᠷᠢᠬᠦᠨ ᠤ ᠬᠢ ᠶᠢ ᠵᠣᠷᠢᠭᠵᠢᠭᠤᠯᠵᠦ᠂ ᠠᠵᠢᠯ ᠢ ᠨᠢ ᠣᠷᠠᠮᠰᠢᠭᠤᠯᠬᠤ ᠶᠢᠨ ᠲᠦᠯᠦᠬᠡ᠂ 2 ᠰᠠᠷ᠎ᠠ ᠶᠢᠨ 5  ᠤ ᠡᠳᠣᠷ ᠤᠨ ᠦᠳᠡ ᠶᠢᠨ ᠡᠮᠦᠨ᠎ᠡ᠂ ᠣᠯᠠᠭᠠᠢ ᠬᠠᠮᠢᠶᠠᠷᠣᠯᠳᠠ ᠶᠢᠨ ᠣᠷᠣᠨ ᠤ ᠦᠨᠳᠦᠰᠦᠳᠡᠨ ᠱᠠᠰᠢᠨ ᠰᠣᠷᠳᠣᠬᠤᠨ ᠤ ᠶᠠᠪᠣᠳᠠᠯ ᠤᠨ ᠬᠠᠮᠢᠶᠠᠷᠣᠯᠳᠠ ᠶᠢᠨ ᠲᠣᠪᠴᠢᠶ᠎ᠠ ᠠᠴᠠ ᠪᠦᠬᠦ ᠠᠶᠢᠮᠠᠭ ᠤᠨ ᠨᠠᠢᠮᠠᠳᠣᠭᠠᠷ ᠣᠳᠠᠭᠠᠨ ᠤ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ ᠪᠠ ᠪᠦᠬᠦ ᠠᠶᠢᠮᠠᠭ ᠤᠨ ᠭᠤᠷᠪᠠᠳᠣᠭᠠᠷ ᠣᠳᠠᠭᠠᠨ ᠤ ᠮᠣᠩᠭᠤᠯ ᠦᠬᠡ ᠬᠡᠯᠡ ᠰᠣᠷᠴᠦ ᠬᠡᠷᠡᠭᠯᠡᠭᠰᠡᠨ ᠲᠡᠷᠢᠬᠦᠨ ᠤ ᠬᠤᠪᠢ ᠬᠦᠮᠦᠨ ᠳᠤ ᠱᠠᠩᠨᠠᠯ ᠤᠨ ᠮᠦᠩᠬᠦ ᠣᠯᠭᠤᠬᠤ ᠶᠣᠰᠣᠯᠠᠯ ᠶᠠᠪᠣᠭᠤᠯᠪᠠ᠃ ᠶᠣᠰᠣᠯᠠᠯ ᠲᠡᠭᠡᠷ᠎ᠡ ᠦᠨᠳᠦᠰᠦᠳᠡᠨ ᠤ ᠱᠠᠰᠢᠨ ᠰᠣᠷᠳᠣᠬᠤᠨ ᠤ ᠶᠠᠪᠣᠳᠠᠯ ᠤᠨ ᠬᠠᠮᠢᠶᠠᠷᠣᠯᠳᠠ ᠶᠢᠨ ᠲᠣᠪᠴᠢᠶ᠎ᠠ ᠶᠢᠨ ᠲᠠᠷᠤᠭ᠎ᠠ ᠬᠦᠬᠢᠬᠦᠯᠦᠯ ᠬᠦᠷᠳᠡᠭᠰᠡᠨ ᠵᠢᠱᠢᠶᠡᠴᠢ ︵ᠲᠡᠷᠢᠬᠦᠨ ᠤ︶ ᠬᠤᠪᠢ ᠬᠦᠮᠦᠨ ᠳᠤ ᠪᠠᠶᠠᠷ ᠬᠦᠷᠬᠡᠵᠦ᠂ ᠲᠡᠳᠡᠨᠡᠷ ᠤᠨ ᠬᠠᠮᠢᠶᠠᠷᠣᠯᠳᠠ ᠶᠢᠨ ᠣᠷᠣᠨ ᠤ ᠦᠨᠳᠦᠰᠦᠳᠡᠨ ᠤ ᠪᠦᠯᠬᠦᠮᠳᠡᠯ ᠪᠠ ᠮᠣᠩᠭᠤᠯ ᠦᠬᠡ ᠬᠡᠯᠡᠨ ᠤ ᠠᠵᠢᠯ ᠤᠨ ᠲᠣᠮᠳᠠᠬᠢ ᠲᠣᠪᠣᠶᠢᠮ᠎ᠠ ᠢᠯᠡᠷᠡᠯ ᠳᠤ ᠲᠠᠯᠠᠷᠬᠠᠯ ᠢᠶᠠᠨ ᠲᠡᠪᠰᠢᠬᠦᠯᠵᠦ᠂ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ ᠳᠤ ᠱᠠᠩᠨᠠᠯ ᠤᠨ ᠮᠦᠩᠬᠦ 5000 ᠲᠦᠬᠦᠷᠢᠭ ᠣᠯᠭᠤᠵᠦ᠂ ᠮᠣᠩᠭᠤᠯ ᠦᠬᠡ ᠬᠡᠯᠡ ᠰᠣᠷᠴᠦ ᠬᠡᠷᠡᠭᠯᠡᠭᠰᠡᠨ ᠲᠡᠷᠢᠬᠦᠨ ᠤ ᠬᠤᠪᠢ ᠬᠦᠮᠦᠨ ᠳᠤ ᠱᠠᠩᠨᠠᠯ  ᠤᠨ ᠮᠦᠩᠬᠦ 3000 ᠲᠦᠬᠦᠷᠢᠭ ᠣᠯᠭᠤᠪᠠ᠃ ᠡᠬᠦᠨ ᠤ ᠬᠠᠮᠳᠣ ᠬᠦᠬᠢᠬᠦᠯᠦᠭᠳᠡᠭᠰᠡᠨ ᠵᠢᠱᠢᠶᠡᠴᠢ ︵ᠲᠡᠷᠢᠬᠦᠨ ᠤ︶ ᠬᠤᠪᠢ ᠬᠦᠮᠦᠨ ᠢ ᠵᠢᠱᠢᠶᠡᠴᠢᠯᠡᠨ ᠬᠤᠰᠢᠭᠤᠴᠢᠯᠠᠬᠤ ᠦᠢᠯᠡᠳᠦᠯ ᠢᠶᠠᠨ ᠦᠷᠬᠦᠯᠵᠢᠯᠡᠨ ᠪᠠᠳᠠᠷᠠᠭᠤᠯᠵᠦ᠂ ᠢᠷᠠᠭᠤ ᠠᠯᠳᠠᠷ ᠢᠶᠠᠨ ᠡᠷᠬᠢᠮᠨᠡᠨ᠂ ᠣᠯᠠᠮ ᠢᠯᠡᠬᠦᠦ ᠴᠢᠷᠮᠠᠶᠢᠨ᠂ ᠬᠠᠮᠢᠶᠠᠷᠣᠯᠳᠠ ᠶᠢᠨ ᠣᠷᠣᠨ ᠤ ᠦᠨᠳᠦᠰᠦᠳᠡᠨ ᠤ ᠪᠦᠯᠬᠦᠮᠳᠡᠯ ᠤᠨ ᠦᠢᠯᠡᠰ ᠪᠠ ᠮᠣᠩᠭᠤᠯ ᠦᠬᠡ ᠬᠡᠯᠡᠨ ᠤ ᠠᠵᠢᠯ ᠤᠨ ᠦᠰᠦᠷᠦᠯᠳᠡ ᠳᠤ ᠵᠢᠳᠬᠦᠯ ᠦᠵᠡᠬᠦᠯᠬᠦ ᠶᠢ ᠬᠦᠰᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号