ᠣᠯᠠᠭᠠᠢ ᠬᠠᠮᠢᠶᠠᠷᠣᠯᠳᠠ ᠶᠢᠨ ᠣᠷᠣᠨ ᠳᠤ ᠬᠢᠯᠢ ᠵᠠᠶᠢᠴᠢᠯᠠᠭᠰᠠᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠵᠢᠴᠢ ᠵᠠᠬᠦᠨ ᠬᠡᠰᠡᠭ ᠣᠷᠣᠨ ᠤ 6 ᠬᠤᠰᠢᠭᠤ ᠬᠤᠳᠠ ᠣᠷᠣᠨ ᠤ ᠰᠢᠯᠢᠳᠡᠭ ᠵᠢᠭᠤᠯᠴᠢᠯᠠᠯ ᠤᠨ ᠵᠠᠮ ᠱᠣᠭᠤᠮ ᠢ ᠲᠠᠨᠢᠯᠴᠠᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-05-24
     5 ᠰᠠᠷ᠎ᠠ ᠶᠢᠨ 18᠎ ᠤ ᠡᠳᠣᠷ ᠣᠯᠠᠭᠠᠢ ᠬᠠᠮᠢᠶᠠᠷᠣᠯᠳᠠ ᠶᠢᠨ ᠣᠷᠣᠨ ᠬᠢᠯᠢ ᠵᠠᠶᠢᠴᠢᠯᠠᠭᠰᠠᠨ ᠵᠢᠭᠤᠯᠴᠢᠯᠠᠯ ᠎ ᠤᠨ ᠲᠠᠨᠢᠯᠴᠠᠭᠤᠯᠭ᠎ᠠ ᠶᠢᠨ ᠬᠤᠷᠠᠯ ᠵᠢᠴᠢ ᠦᠪᠦᠷ ᠮᠣᠩᠭᠤᠯ ᠤᠨ ᠵᠠᠬᠦᠨ ᠪᠡᠶ᠎ᠡ ᠶᠢᠨ ᠣᠯᠠᠭᠠᠢ ᠬᠠᠮᠢᠶᠠᠷᠣᠯᠳᠠ ᠶᠢᠨ ᠣᠷᠣᠨ᠂ ᠷᠠᠰᠢᠶᠠᠨ ᠬᠤᠳᠠ᠂ ᠬᠤᠣᠯᠢᠨ ᠭᠤᠣᠯ ᠬᠤᠳᠠ᠂ ᠵᠠᠬᠦᠨ ᠪᠠᠷᠠᠭᠤᠨ ᠦᠵᠦᠮᠦᠴᠢᠨ᠂ ᠵᠠᠷᠣᠳ ᠬᠤᠰᠢᠭᠤ 6 ᠬᠤᠰᠢᠭᠤ ᠬᠤᠳᠠ ᠣᠷᠣᠨ ᠤ ᠰᠢᠯᠢᠳᠡᠭ ᠵᠢᠭᠤᠯᠴᠢᠯᠠᠯ ᠤᠨ ᠵᠠᠮ ᠱᠣᠭᠤᠮ ᠢ ᠲᠠᠨᠢᠯᠴᠠᠭᠤᠯᠬᠤ ᠬᠤᠷᠠᠯ ᠬᠤᠷᠠᠯᠳᠣᠵᠦ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠎ ᠤᠨ ᠡᠷᠬᠢᠯᠡᠭᠴᠢ ᠢᠦᠢ ᠬᠠᠢ ᠴᠧᠩ ᠬᠤᠷᠠᠯ ᠳᠤ ᠰᠠᠭᠠᠳᠠᠵᠦ ᠶᠠᠷᠢᠶ᠎ᠠ ᠲᠠᠯᠪᠢᠪᠠ᠃ ᠲᠢᠶᠠᠨᠵᠢᠨ ᠤ ᠲᠧᠩ ᠪᠠᠩ ᠳ᠋ᠠ ᠣᠯᠠᠨ ᠣᠯᠣᠰ ᠤᠨ ᠵᠢᠭᠤᠯᠴᠢᠨ ᠤ ᠭᠠᠵᠠᠷ᠂ ᠲᠢᠶᠠᠨᠵᠢᠨ ᠤ ᠸᠠᠨ ᠳ᠋ᠠ ᠣᠯᠠᠨ ᠣᠯᠣᠰ ᠤᠨ ᠵᠢᠭᠤᠯᠴᠢᠨ ᠤ ᠭᠠᠵᠠᠷ᠂ ᠲᠢᠶᠠᠨᠵᠢᠨ ᠤ ᠾᠧᠩ ᠳ᠋ᠠ ᠣᠯᠠᠨ ᠣᠯᠣᠰ ᠤᠨ ᠵᠢᠭᠤᠯᠴᠢᠨ ᠤ ᠭᠠᠵᠠᠷ᠂ ᠦᠪᠦᠷ ᠮᠣᠩᠭᠤᠯ ᠤᠨ ᠵᠠᠬᠦᠨ ᠪᠡᠶ᠎ᠡ ᠶᠢᠨ 6 ᠬᠤᠰᠢᠭᠤ ᠬᠤᠳᠠ ᠣᠷᠣᠨ ᠤ ᠵᠢᠭᠤᠯᠴᠢᠨ ᠤ ᠭᠠᠵᠠᠷ ᠵᠢᠴᠢ ᠵᠠᠭᠤᠴᠢᠯᠠᠭᠤᠷ ᠤᠨ ᠭᠠᠵᠠᠷ ᠰᠣᠷᠪᠣᠯᠵᠢᠯᠠᠭᠴᠢ ᠵᠡᠷᠬᠡ 130 ᠭᠠᠷᠣᠢ ᠬᠦᠮᠦᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃     ᠲᠣᠰ ᠣᠳᠠᠭᠠᠨ ᠤ ᠬᠤᠷᠠᠯ ︽ᠭᠠᠷ ᠭᠠᠷ ᠢᠶᠠᠨ ᠬᠤᠯᠪᠣᠨ ᠭᠠᠵᠠᠷ ᠣᠷᠣᠨ ᠢᠶᠠᠷ ᠬᠤᠷᠰᠢᠨ᠂ ᠮᠢᠩᠭ᠎ᠠ ᠮᠢᠩᠭᠠᠨ ᠪᠠᠷ᠎ᠠ ᠶᠢᠨ ᠲᠠᠯ᠎ᠠ ᠨᠣᠳᠤᠭ ᠢᠶᠠᠷ ᠵᠢᠭᠤᠯᠴᠢᠯᠠᠬᠤ︾᠎ ᠪᠠᠷ ᠭᠤᠣᠯ ᠰᠡᠳᠦᠪ ᠪᠣᠯᠭᠠᠵᠦ᠂ ᠲᠢᠶᠠᠨᠵᠢᠨ ᠪᠣᠯᠣᠨ ᠦᠪᠦᠷ ᠮᠣᠩᠭᠤᠯ ᠤᠨ ᠵᠠᠬᠦᠨ ᠬᠡᠰᠡᠭ ᠣᠷᠣᠨ ᠤ 6 ᠬᠤᠰᠢᠭᠤ ᠬᠤᠳᠠ ᠶᠢᠨ ᠬᠠᠷᠢᠯᠴᠠᠭ᠎ᠠ ᠬᠤᠯᠪᠣᠭᠠᠨ ᠤ ᠰᠢᠨ᠎ᠡ ᠲᠠᠪᠴᠠᠩ ᠢ ᠪᠠᠶᠢᠭᠤᠯᠵᠦ᠂ ᠶᠢᠨ ᠮᠧᠩ ᠵᠢᠭᠤᠯᠴᠢᠯᠠᠯ ᠤᠨ ᠬᠤᠷᠰᠢᠶ᠎ᠠ ᠶᠢᠨ ᠰᠢᠨ᠎ᠡ ᠬᠠᠭᠤᠳᠠᠰᠣ ᠶᠢ ᠨᠡᠬᠡᠬᠡᠵᠦ᠂ ︽ ᠰᠢᠯᠢ ᠶᠢᠨ ᠭᠤᠣᠯ ᠤᠨ ᠮᠢᠩᠭ᠎ᠠ ᠮᠢᠩᠭᠠᠨ ᠪᠠᠷ᠎ᠠ ᠶᠢᠨ ᠲᠠᠯ᠎ᠠ ᠨᠣᠳᠤᠭ ᠤᠨ ᠦᠵᠡᠮᠵᠢ ᠶᠢᠨ ᠶᠡᠭᠡ ᠵᠠᠮ︾᠎ ᠢ ᠪᠦᠳᠦᠬᠡᠵᠦ᠂ ᠦᠵᠡᠮᠵᠢ ᠶᠢᠨ ᠣᠷᠣᠨ ᠲᠠᠮᠵᠢᠭᠰᠠᠨ᠂ ᠣᠷᠣᠨ ᠪᠦᠰᠡ ᠲᠠᠮᠵᠢᠭᠰᠠᠨ ᠵᠢᠭᠤᠯᠴᠢᠯᠠᠯ ᠤᠨ ᠬᠤᠷᠰᠢᠶ᠎ᠡ ᠶᠢ ᠣᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠶᠢᠨ ᠮᠧᠩ ᠰᠣᠶᠣᠯ ᠵᠢᠭᠤᠯᠴᠢᠯᠠᠯ ᠤᠨ ᠬᠠᠮᠵᠢᠯᠴᠠᠭᠠᠨ ᠤ ᠣᠷᠣᠨ ᠪᠣᠯᠣᠨ ᠠᠵᠦ ᠠᠬᠤᠢ ᠶᠢᠨ ᠪᠦᠰᠡ ᠶᠢ ᠴᠣᠭᠴᠠᠯᠠᠵᠦ᠂ ᠡᠯ᠎ᠡ ᠣᠷᠣᠨ ᠤ ᠵᠢᠭᠤᠯᠴᠢᠯᠠᠯ ᠤᠨ ᠦᠢᠯᠡᠰ ᠤᠨ ᠴᠡᠴᠡᠭᠯᠡᠨ ᠬᠦᠭᠵᠢᠬᠦ ᠠᠬᠢᠭᠤᠯᠣᠨ᠎ᠠ᠃     2018 ᠣᠨ ᠤ ᠡᠬᠢᠨ ᠢᠶᠠᠷ ︽ᠵᠢᠩ ᠶᠢᠨ ᠢ — ᠬᠤᠣᠯᠢᠨ ᠭᠤᠣᠯ — ᠣᠯᠠᠭᠠᠢ — ᠵᠡᠬᠦᠨ ᠪᠠᠷᠠᠭᠤᠨ ᠦᠵᠦᠮᠦᠴᠢᠨ — ᠷᠠᠰᠢᠶᠠᠨ︾ ︽ᠬᠠᠷᠠᠮᠦᠷᠡᠨ — ᠬᠦᠮᠦᠨ ᠪᠦᠢᠷ — ᠷᠠᠰᠢᠶᠠᠨ — ᠬᠤᠣᠯᠢᠨ ᠭᠤᠣᠯ — ᠣᠯᠠᠭᠠᠢ — ᠵᠡᠬᠦᠨ ᠪᠠᠷᠠᠭᠤᠨ ᠦᠵᠦᠮᠦᠴᠢᠨ︾ ︽ᠯᠢᠶᠣᠣᠨᠢᠩ ᠬᠢᠷᠢᠨ — ᠲᠦᠩᠯᠢᠶᠣᠣ — ᠣᠯᠠᠭᠠᠨᠬᠠᠳᠠ — ᠵᠡᠬᠦᠨ ᠪᠠᠷᠠᠭᠤᠨ ᠦᠵᠦᠮᠦᠴᠢᠨ — ᠣᠯᠠᠭᠠᠢ — ᠷᠠᠰᠢᠶᠠᠨ︾ ︽ᠬᠦᠬᠡᠬᠤᠳᠠ ᠪᠣᠭᠤᠳᠣ ᠣᠷᠳᠣᠰ — ᠰᠢᠯᠢ ᠶᠢᠨ ᠬᠤᠳᠠ — ᠵᠡᠬᠦᠨ ᠪᠠᠷᠠᠭᠤᠨ ᠦᠵᠦᠮᠦᠴᠢᠨ — ᠣᠯᠠᠭᠠᠢ — ᠬᠤᠣᠯᠢᠨ ᠭᠤᠣᠯ︾ ᠵᠡᠷᠬᠡ ᠣᠯᠠᠨ ᠵᠣᠷᠪᠣᠰ ᠵᠢᠭᠤᠯᠴᠢᠯᠠᠯ ᠤᠨ ᠵᠠᠮ ᠱᠣᠭᠤᠮ ᠢ ᠠᠩᠬ᠎ᠠ ᠠᠯᠬᠤᠮ ᠨᠡᠪᠳᠡᠷᠡᠬᠦᠯᠵᠦ᠂ ᠣᠷᠣᠨ ᠪᠦᠰᠡ ᠲᠠᠮᠵᠢᠭᠰᠠᠨ ᠮᠠᠰᠢᠨ ᠲᠡᠷᠭᠡ ᠲᠦᠷᠢᠶᠡᠰᠦᠯᠡᠬᠦ ᠦᠢᠯᠡᠴᠢᠯᠡᠬᠡᠨ ᠤ ᠲᠠᠪᠴᠠᠩ ᠢ ᠬᠠᠶᠢᠨ ᠪᠠᠶᠢᠭᠤᠯᠵᠦ ᠪᠣᠢ᠃ ᠰᠢᠯᠢ ᠶᠢᠨ ᠬᠤᠳᠠ ᠶᠢᠨ ᠨᠢᠰᠬᠡᠯ ᠤᠨ ᠲᠠᠯᠠᠪᠠᠢ᠂ ᠲᠦᠩᠯᠢᠶᠣᠣ ᠶᠢᠨ ᠨᠢᠰᠬᠡᠯ ᠤᠨ ᠲᠠᠯᠠᠪᠠᠢ᠂ ᠬᠤᠣᠯᠢᠨ ᠭᠤᠣᠯ ᠤᠨ ᠨᠢᠰᠬᠡᠯ ᠤᠨ ᠲᠠᠯᠠᠪᠠᠢ᠂ ᠷᠠᠰᠢᠶᠠᠨ ᠤ ᠨᠢᠰᠬᠡᠯ ᠤᠨ ᠲᠠᠯᠠᠪᠠᠢ ᠲᠠᠰᠣᠷᠠᠯᠳᠠ ᠦᠬᠡᠢ ᠰᠢᠨ᠎ᠡ ᠠᠶᠠᠯᠠᠯ ᠤᠨ ᠵᠠᠮ ᠦᠷᠬᠡᠳᠬᠡᠵᠦ᠂ ᠨᠢᠬᠡᠨᠳᠡ ᠪᠡᠬᠡᠵᠢᠩ᠂ ᠲᠢᠶᠠᠨᠵᠢᠨ᠂ ᠱᠠᠩᠬᠠᠢ ᠵᠡᠷᠬᠡ ᠣᠯᠣᠰ ᠤᠨ ᠲᠣᠳᠣᠭᠠᠳᠣ ᠶᠢᠨ ᠨᠡᠯᠢᠶᠡᠳ ᠣᠯᠠᠨ ᠲᠣᠮᠣ ᠲᠣᠮᠳᠠ ᠬᠤᠳᠠ ᠳᠤ ᠬᠦᠷᠴᠦ ᠴᠢᠳᠠᠬᠤ ᠪᠣᠯᠣᠭᠰᠠᠨ ᠪᠠᠶᠢᠨ᠎ᠠ᠃ ᠡᠬᠦᠨ ᠤ ᠲᠣᠳᠣᠷ᠎ᠠ ᠬᠤᠣᠯᠢᠨ ᠭᠤᠣᠯ ᠠᠴᠠ ᠰᠢᠯᠢ ᠶᠢᠨ ᠬᠤᠳᠠ ᠬᠦᠷᠬᠦ ᠠᠶᠠᠯᠠᠯ ᠤᠨ ᠱᠣᠭᠤᠮ ᠪᠠᠷᠤᠭ 6 ᠰᠠᠷ᠎ᠠ ᠶᠢᠨ ᠲᠣᠮᠳᠠᠴᠢ ᠪᠠᠷ ᠨᠡᠪᠳᠡᠷᠡᠨ᠎ᠡ᠃       ᠣᠯᠠᠭᠠᠢ ᠪᠣᠯ ᠦᠪᠡᠷᠳᠡᠬᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠦᠰᠦᠪᠯᠡᠭᠰᠡᠨ ᠵᠢᠭᠤᠯᠴᠢᠯᠠᠯ ᠤᠨ ᠱᠣᠭᠤᠮ ︵ᠬᠠᠶᠢᠯᠠᠷ — ᠮᠠᠨᠵᠣᠣᠷ — ᠷᠠᠰᠢᠶᠠᠨ — ᠪᠠᠷᠠᠭᠤᠨ ᠦᠵᠦᠮᠦᠴᠢᠨ ᠬᠤᠰᠢᠭᠤ — ᠬᠡᠰᠢᠭᠳᠡᠨ ᠬᠤᠰᠢᠭᠤ ︶᠎ ᠤᠨ ᠵᠠᠪᠠᠯ ᠦᠩᠬᠡᠷᠡᠬᠦ ᠭᠠᠵᠠᠷ ᠪᠣᠯᠬᠤ ᠪᠦᠬᠡᠳ ᠦᠪᠡᠷ ᠤᠨ ᠲᠠᠪᠠᠭᠤᠯᠢᠭ ᠣᠨᠴᠠᠯᠢᠭ ᠲᠠᠭᠠᠨ ᠲᠦᠰᠢᠭᠯᠡᠵᠦ ᠵᠢᠭᠤᠯᠴᠢᠯᠠᠯ ᠤᠨ ᠦᠢᠯᠡᠰ ᠢ ᠡᠷᠡᠬᠦᠯ ᠢᠶᠠᠷ ᠦᠳᠳᠣᠷ ᠬᠦᠭᠵᠢᠬᠦᠯᠵᠦ ᠴᠢᠳᠠᠬᠤ ᠪᠣᠯᠣᠨ᠎ᠠ᠃ ᠡᠮᠦᠨ᠎ᠡ ᠬᠤᠶᠢᠨ᠎ᠠ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠢ 3 ᠪᠠᠶᠢᠭᠤᠯᠵᠦ᠂ ︽ᠲᠣᠮᠳᠠᠳᠣ ᠣᠯᠣᠰ ᠤᠨ ᠣᠬᠢ ᠰᠢᠯᠢᠳᠡᠭ ᠨᠣᠭᠤᠭᠠᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠳᠠ ᠶᠢᠨ ᠭᠠᠵᠠᠷ︾ ︽ᠪᠦᠬᠦ ᠣᠯᠣᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠣᠷᠣᠨ︾ ᠵᠡᠷᠬᠡ ᠴᠣᠯᠠ ᠬᠦᠷᠳᠡᠪᠡ᠃ 2017 ᠣᠨ ᠳᠤ 89.3 ᠲᠦᠮᠡᠨ ᠬᠦᠮᠦᠨ   ᠣᠳᠠᠭᠠᠨ ᠤ ᠵᠢᠭᠤᠯᠴᠢᠨ ᠢ ᠬᠦᠯᠢᠶᠡᠨ ᠵᠣᠴᠢᠯᠠᠵᠦ᠂ 2.85 ᠳ᠋ᠥᠩᠰᠢᠭᠤᠷ ᠲᠦᠬᠦᠷᠢᠭ ᠤᠨ ᠣᠷᠣᠯᠭ᠎ᠠ ᠶᠢ ᠪᠡᠶᠡᠯᠡᠬᠦᠯᠪᠡ᠂ ᠣᠯᠠᠨ ᠲᠣᠬᠤᠢ ᠶᠢᠨ 5A ᠲᠡᠰ᠂ ᠪᠦᠯᠢᠶᠡᠨ ᠪᠣᠯᠠᠭ ᠤᠨ 4A ᠲᠡᠰ᠂ ᠴᠠᠨ᠎ᠠ ᠴᠡᠴᠡᠭ ᠤᠨ ᠬᠦᠨᠳᠡᠢ ᠎ ᠶᠢᠨ 3A ᠲᠡᠰ ᠤᠨ ᠦᠵᠡᠮᠵᠢ ᠶᠢᠨ ᠣᠷᠣᠨ ᠢ ᠴᠢᠷᠮᠠᠶᠢᠨ ᠴᠣᠭᠴᠠᠯᠠᠵᠦ᠂ ᠦᠪᠡᠷᠳᠡᠬᠡᠨ ᠮᠠᠰᠢᠨ ᠢᠶᠠᠷ ᠵᠣᠭᠠᠴᠠᠬᠤ᠂ ᠵᠣᠰᠠᠬᠤ᠂ ᠰᠡᠯᠡᠬᠦᠴᠡᠬᠦ᠂ ᠠᠮᠠᠷᠠᠬᠤ ᠬᠠᠮᠤᠭ ᠤᠨ ᠣᠬᠢ ᠰᠢᠯᠢᠳᠡᠭ ᠵᠢᠭᠤᠯᠴᠢᠯᠠᠯ ᠤᠨ ᠬᠠᠷᠠᠯᠳᠠ ᠶᠢᠨ ᠭᠠᠵᠠᠷ ᠢ ᠪᠦᠳᠦᠬᠡᠬᠦ ᠪᠠᠷ ᠦᠷᠬᠦᠯᠵᠢᠯᠡᠨ ᠴᠢᠷᠮᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号