ᠣᠯᠠᠭᠠᠢ ᠬᠠᠮᠢᠶᠠᠷᠣᠯᠳᠠ ᠶᠢᠨ ᠣᠷᠣᠨ ᠤ ᠰᠠᠬᠢᠯᠭ᠎ᠠ ᠪᠠᠶᠢᠴᠠᠭᠠᠬᠤ ᠬᠤᠷᠢᠶᠠᠨ ᠠᠴᠠ ᠰᠢᠨ᠎ᠡ ᠪᠠᠷ ᠲᠣᠰᠢᠶᠠᠯ ᠲᠡᠪᠰᠢᠭᠰᠡᠨ ᠵᠢᠴᠢ ᠰᠢᠵᠢᠬᠦᠯᠦᠨ ᠲᠣᠮᠢᠯᠠᠭᠰᠠᠨ 42 ᠨᠡᠷᠡᠰ ᠺᠠᠳ᠋ᠷ ᠤᠳ ᠲᠠᠢ ᠲᠣᠰᠢᠶᠠᠯ ᠳᠤ ᠭᠠᠷᠬᠤ ᠎ ᠠᠴᠠ ᠡᠮᠦᠨᠡᠬᠢ ᠴᠢᠬᠡᠴᠢ ᠵᠠᠰᠠᠭ ᠤᠨ ᠶᠠᠷᠢᠯᠴᠠᠭ᠎ᠠ ᠬᠢᠪᠡ
ᠨᠡᠶᠢᠲᠡᠯᠡᠭᠰᠡᠨ ᠴᠠᠭ᠄
2018-05-30
      5 ᠰᠠᠷ᠎ᠠ ᠶᠢᠨ 24᠎ ᠤ ᠡᠳᠣᠷ ᠣᠯᠠᠭᠠᠢ ᠬᠠᠮᠢᠶᠠᠷᠣᠯᠳᠠ ᠶᠢᠨ ᠣᠷᠣᠨ ᠤ ᠰᠠᠬᠢᠯᠭ᠎ᠠ ᠪᠠᠶᠢᠴᠠᠭᠠᠬᠤ ᠬᠤᠷᠢᠶᠠᠨ ᠎ ᠠᠴᠠ ᠺᠠᠳ᠋ᠷ ᠤᠨ ᠲᠣᠰᠢᠶᠠᠯ ᠳᠤ ᠭᠠᠷᠬᠤ ᠠᠴᠠ ᠡᠮᠦᠨᠡᠬᠢ ᠴᠢᠬᠡᠴᠢ ᠵᠠᠰᠠᠭ ᠤᠨ ᠶᠠᠷᠢᠯᠴᠠᠭᠠᠨ ᠤ ᠬᠤᠷᠠᠯ ᠬᠤᠷᠠᠯᠳᠣᠪᠠ ᠃ ᠨᠠᠮ ᠤᠨ ᠠᠵᠢᠯ ᠤᠨ ᠬᠤᠷᠢᠶᠠᠨ ᠤ ᠬᠡᠰᠢᠬᠦᠨ᠂ ᠰᠠᠬᠢᠯᠭ᠎ᠠ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠬᠦᠬᠡ ᠨᠦᠬᠦᠷ ᠬᠤᠷᠠᠯ ᠳᠤ ᠰᠠᠭᠠᠳᠠᠵᠦ ᠶᠠᠷᠢᠶ᠎ᠠ ᠲᠠᠯᠪᠢᠪᠠ᠃ ᠰᠠᠬᠢᠯᠭ᠎ᠠ ᠪᠠᠶᠢᠴᠠᠭᠠᠬᠤ ᠬᠤᠷᠢᠶᠠᠨ ᠤ ᠲᠡᠳ᠋ ᠱᠦᠵᠢ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ ᠵᠢᠶᠠ ᠵᠢᠶᠠᠨ ᠪᠢᠨ ᠨᠦᠬᠦᠷ ᠬᠤᠷᠠᠯ ᠡᠷᠬᠢᠯᠡᠪᠡ᠃ ᠰᠢᠨ᠎ᠡ ᠪᠠᠷ ᠲᠣᠰᠢᠶᠠᠯ ᠲᠡᠪᠰᠢᠭᠰᠡᠨ ᠵᠢᠴᠢ ᠰᠢᠵᠢᠬᠦᠯᠦᠨ ᠲᠣᠮᠢᠯᠠᠭᠰᠠᠨ 42 ᠨᠡᠷᠡᠰ ᠺᠠᠳ᠋ᠷ ᠤᠳ ᠬᠤᠷᠠᠯ ᠳᠤ ᠣᠷᠣᠯᠴᠠᠪᠠ᠃       ᠬᠦᠬᠡ ᠨᠦᠬᠦᠷ ᠠᠴᠠ ᠰᠢᠨ᠎ᠡ ᠪᠠᠷ ᠲᠣᠰᠢᠶᠠᠯ ᠲᠡᠪᠰᠢᠭᠰᠡᠨ ᠵᠢᠴᠢ ᠰᠢᠵᠢᠬᠦᠯᠦᠨ ᠲᠣᠮᠢᠯᠠᠭᠰᠠᠨ ᠺᠠᠳ᠋ᠷ ᠣᠳᠣᠷᠢᠳᠣᠯᠭ᠎ᠠ ᠬᠠᠷᠢᠭᠤᠴᠠᠯᠭ᠎ᠠ ᠡᠬᠦᠷᠬᠡᠯᠡᠬᠦ᠂ ᠣᠬᠠᠮᠰᠠᠷ ᠠᠴᠠ ᠪᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠡᠷᠡᠭᠵᠢᠬᠦᠯᠵᠦ᠂ ︽ᠲᠦᠷᠪᠡᠨ ᠣᠬᠠᠮᠰᠠᠷ︾᠎ ᠢ ᠦᠨᠡᠨᠬᠦ ᠨᠡᠮᠡᠭᠳᠡᠬᠦᠯᠦᠨ᠂ ᠬᠦᠨᠳᠣ ᠴᠢᠬᠤᠯᠠ ᠣᠯᠣᠰ ᠲᠦᠷᠦ ᠶᠢᠨ ᠵᠠᠷᠴᠢᠮ ᠪᠣᠯᠣᠨ ᠶᠡᠭᠡ ᠬᠡᠷᠡᠭ ᠤᠨ ᠡᠮᠦᠨ᠎ᠡ ᠣᠪᠣᠷ ᠲᠣᠳᠣᠷᠬᠠᠢ᠂ ᠵᠣᠭᠰᠣᠯᠳᠠ ᠪᠠᠳᠣ ᠪᠠᠶᠢᠬᠤ ᠶᠢ ᠴᠢᠩᠭᠠᠳᠬᠠᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠡᠷᠡᠭᠵᠢᠬᠦᠯᠬᠦ ᠶᠢ ᠰᠠᠶᠢᠳᠣᠷ ᠠᠳᠬᠤᠵᠦ᠂ ᠦᠷᠬᠦᠯᠵᠢ ᠰᠡᠳᠬᠢᠨ ᠬᠡᠷᠡᠭᠵᠢᠬᠦᠯᠵᠦ᠂ ︽ᠨᠢᠬᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠦ᠂ ᠬᠤᠪᠢᠶᠠᠷᠯᠠᠨ ᠬᠠᠮᠢᠶᠠᠷᠬᠤ ᠬᠦᠷᠢᠶ᠎ᠡ ᠬᠡᠪᠴᠢᠶᠡᠨ ᠤ ᠨᠠᠮ ᠤᠨ ᠰᠣᠷᠳᠠᠯ ᠴᠢᠬᠡᠴᠢ ᠵᠠᠰᠠᠭ ᠤᠨ ᠠᠵᠢᠯ ᠪᠣᠯᠣᠨ ᠲᠣᠬᠠᠶᠢᠯᠠᠭᠰᠠᠨ ᠠᠵᠢᠯ ᠢᠶᠠᠨ ᠣᠶᠠᠯᠳᠣᠭᠤᠯᠣᠨ᠎ᠠ᠃ ᠰᠠᠬᠢᠯᠭ᠎ᠠ ᠪᠠᠳᠣ ᠪᠠᠷ ᠠᠵᠢᠯᠯᠠᠵᠦ᠂ ᠰᠠᠨᠠᠭᠠᠴᠢᠯᠠᠭ᠎ᠠ ᠲᠠᠢ ᠪᠠᠷ ᠡᠯ᠎ᠡ ᠲᠠᠯ᠎ᠠ ᠶᠢᠨ ᠬᠢᠨᠠᠯᠳᠠ ᠶᠢ ᠬᠦᠯᠢᠶᠡᠵᠦ᠂ ᠠᠷᠠᠳᠴᠢᠯᠠᠯ ᠲᠦᠪᠯᠡᠷᠡᠯ ᠤᠨ ᠲᠦᠷᠢᠮ ᠢ ᠪᠠᠷᠢᠮᠳᠠᠯᠠᠵᠦ᠂ ︽ᠭᠤᠷᠪᠠᠨ ᠬᠦᠨᠳᠣ ᠨᠢᠬᠡ ᠶᠡᠭᠡ︾ ᠬᠡᠷᠡᠭ ᠶᠠᠪᠣᠳᠠᠯ ᠢ ᠨᠡᠶᠢᠳᠡ ᠪᠠᠷ ᠰᠣᠳᠣᠯᠣᠨ ᠲᠣᠭᠳᠠᠭᠠᠵᠦ᠂ ᠠᠷᠠᠳᠴᠢᠯᠠᠯᠳᠣ ᠰᠢᠢᠳᠪᠦᠷᠢ᠂ ᠰᠢᠨᠵᠢᠯᠡᠬᠦ ᠣᠬᠠᠭᠠᠨᠴᠢ ᠰᠢᠢᠳᠪᠦᠷᠢ ᠶᠢ ᠪᠠᠳᠣᠯᠠᠨ᠎ᠠ᠃       ᠬᠤᠷᠠᠯ ᠤᠨ ᠲᠠᠷᠠᠭ᠎ᠠ᠂ ᠰᠢᠨ᠎ᠡ ᠪᠠᠷ ᠲᠣᠰᠢᠶᠠᠯ ᠲᠡᠪᠰᠢᠭᠰᠡᠨ ᠵᠢᠴᠢ ᠰᠢᠵᠢᠬᠦᠯᠦᠨ ᠲᠣᠮᠢᠯᠠᠭᠰᠠᠨ 42 ᠨᠡᠷᠡᠰ ᠺᠠᠳ᠋ᠷ ᠰᠡᠷᠡᠮᠵᠢᠯᠡᠬᠦᠯᠦᠨ ᠰᠣᠷᠭᠠᠬᠤ ᠫᠢᠯᠢᠮ ︽ᠦᠨᠢᠳᠡ ᠵᠠᠮ ᠲᠡᠭᠡᠷ᠎ᠡ︾᠎ ᠶᠢᠨ ᠨᠠᠢᠮᠠᠳᠣᠭᠠᠷ ᠪᠦᠯᠦᠭ ︽ᠦᠩᠬᠡ ᠦᠨᠳᠦᠰᠦ ᠶᠢ ᠬᠠᠮᠳᠣ ᠪᠠᠷ ᠵᠠᠰᠠᠬᠤ︾᠎ ᠶᠢ ᠦᠵᠡᠵᠦ᠂ ᠰᠢᠨ᠎ᠡ ᠪᠠᠷ ᠲᠣᠰᠢᠶᠠᠯ ᠲᠡᠪᠰᠢᠭᠰᠡᠨ ᠵᠢᠴᠢ ᠰᠢᠵᠢᠬᠦᠯᠦᠨ ᠲᠣᠮᠢᠯᠠᠭᠰᠠᠨ ᠺᠠᠳ᠋ᠷ ᠨᠠᠷ ᠦᠷᠬᠦᠯᠵᠢ ᠦᠪᠡᠷ ᠢ ᠪᠠᠨ ᠴᠢᠩᠳᠠᠯᠠᠬᠤ ᠰᠡᠳᠬᠢᠯ ᠲᠠᠢ ᠪᠠᠶᠢᠵᠦ᠂ ᠦᠷᠬᠦᠯᠵᠢ ᠭᠠᠵᠢᠭᠤ ᠪᠣᠷᠣᠭᠤ ᠪᠣᠳᠣᠯ ᠢᠶᠠᠨ ᠠᠷᠢᠯᠭᠠᠵᠦ᠂ ᠣᠬᠢ ᠰᠠᠶᠢᠨ ᠠᠵᠢᠯᠴᠢ ᠰᠣᠷᠳᠠᠯ ᠢᠶᠠᠷ ᠦᠨᠡᠨ ᠪᠣᠳᠠᠳᠠᠢ ᠵᠠᠰᠠᠭ ᠤᠨ ᠠᠵᠢᠯ ᠎ ᠤᠨ ᠪᠦᠳᠦᠮᠵᠢ ᠪᠠᠷ ᠢᠶᠠᠨ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠣᠯᠳᠠ ᠶᠢᠨ ᠵᠦᠪᠯᠡᠯ ᠳᠤ ᠰᠡᠳᠬᠢᠯ ᠲᠦᠬᠦᠷᠡᠩ ᠬᠠᠷᠢᠭᠤᠯᠳᠠ ᠲᠣᠰᠢᠶᠠᠳᠣᠭᠠᠢ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号