ᠣᠯᠠᠭᠠᠢ ᠬᠠᠮᠢᠶᠠᠷᠣᠯᠳᠠ ᠶᠢᠨ ᠣᠷᠣᠨ ᠪᠠᠷᠢᠯᠭ᠎ᠠ ᠶᠢᠨ ᠠᠮᠣᠷ ᠲᠦᠪᠰᠢᠨ ᠦᠢᠯᠡᠳᠪᠦᠷᠢᠯᠡᠯ ᠢ ᠲᠦᠯᠬᠢᠨ ᠠᠬᠢᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-05-30
    5 ᠰᠠᠷ᠎ᠠ ᠶᠢᠨ 24᠎ ᠤ ᠡᠳᠣᠷ᠂ ᠣᠯᠠᠭᠠᠢ ᠬᠠᠮᠢᠶᠠᠷᠣᠯᠳᠠ ᠶᠢᠨ ᠣᠷᠣᠨ ᠪᠠᠷᠢᠯᠭ᠎ᠠ ᠶᠢᠨ ᠠᠮᠣᠷ ᠲᠦᠪᠰᠢᠨ ᠦᠢᠯᠡᠳᠪᠦᠷᠢᠯᠡᠯ ᠢ ᠲᠦᠯᠬᠢᠨ ᠠᠬᠢᠭᠤᠯᠬᠤ ᠬᠤᠷᠠᠯ ᠬᠤᠷᠠᠯᠳᠣᠪᠠ᠂ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠷᠧᠨ ᠰᠢ ᠵᠢᠶᠦ᠋ᠨ ᠨᠦᠬᠦᠷ ᠬᠤᠷᠠᠯ ᠳᠤ ᠰᠠᠭᠠᠳᠠᠵᠦ᠂ ᠰᠠᠭᠤᠴᠠ ᠪᠠᠶᠢᠭᠤᠯᠬᠤ ᠲᠣᠪᠴᠢᠶᠠᠨ ᠤ ᠲᠠᠷᠠᠭ᠎ᠠ ᠰᠢᠦᠢ ᠪᠢᠨ ᠨᠦᠬᠦᠷ ᠠᠴᠠ ᠲᠣᠰ ᠣᠳᠠᠭᠠᠨ ᠤ ᠬᠤᠷᠠᠯ ᠢ ᠡᠷᠬᠢᠯᠡᠪᠡ᠃ ᠬᠤᠷᠠᠯ ᠲᠡᠭᠡᠷ᠎ᠡ ᠣᠳᠣᠬᠠᠨ ᠤ ᠪᠠᠷᠢᠯᠭ᠎ᠠ ᠎ ᠶᠢᠨ ᠬᠦᠷᠢᠶᠡᠨ ᠤ ᠠᠮᠣᠷ ᠲᠦᠪᠰᠢᠨ ᠦᠢᠯᠡᠳᠪᠦᠷᠢᠯᠡᠯ ᠤᠨ ᠠᠵᠢᠯ ᠳᠤ ᠲᠠᠶᠢᠴᠢᠯᠠᠯᠳᠠ᠂ ᠲᠣᠬᠢᠷᠠᠭᠤᠯᠣᠯᠳᠠ᠂ ᠪᠠᠶᠢᠷᠢᠯᠠᠭᠤᠯᠣᠯᠳᠠ ᠬᠢᠭᠰᠡᠨ ᠪᠠᠶᠢᠨ᠎ᠠ᠃     ᠰᠠᠭᠤᠴᠠ ᠪᠠᠶᠢᠭᠤᠯᠬᠤ ᠲᠣᠪᠴᠢᠶᠠᠨ ᠤ ᠲᠡᠳ᠋ ᠲᠠᠷᠤᠭ᠎ᠠ ᠵᠣᠣ ᠫᠧᠩ ᠨᠦᠬᠦᠷ ᠣᠯᠣᠰ ᠤᠨ ᠠᠮᠣᠷ ᠲᠦᠪᠰᠢᠨ ᠬᠢᠨᠠᠨ ᠱᠠᠭᠠᠷᠳᠠᠬᠤ ᠲᠦᠷᠦ ᠶᠢᠨ ᠪᠣᠳᠣᠯᠭ᠎ᠠ ᠲᠣᠭᠳᠠᠭᠠᠯ ᠢ ᠲᠠᠮᠵᠢᠭᠤᠯᠵᠦ᠂ ᠬᠠᠮᠢᠶᠠᠷᠣᠯᠳᠠ ᠶᠢᠨ ᠣᠷᠣᠨ ᠤ 2018 ᠣᠨ ᠳᠤ ᠪᠠᠷᠢᠮᠵᠢᠶᠠᠵᠢᠭᠰᠠᠨ ᠪᠠᠷᠢᠯᠭ᠎ᠠ ᠶᠢᠨ ᠲᠠᠯᠠᠪᠠᠢ ᠶᠢ ᠴᠣᠭᠴᠠᠯᠠᠬᠤ ᠠᠵᠢᠯ ᠢ ᠲᠣᠬᠢᠷᠠᠭᠤᠯᠣᠨ᠂ ᠪᠠᠶᠢᠭᠤᠯᠣᠭᠴᠢ ᠪᠠᠶᠢᠭᠤᠯᠭ᠎ᠠ᠂ ᠠᠵᠢᠯᠯᠠᠭᠴᠢ ᠪᠠᠶᠢᠭᠤᠯᠭ᠎ᠠ᠂ ᠬᠢᠨᠠᠭᠴᠢ ᠪᠠᠶᠢᠭᠤᠯᠭ᠎ᠠ ᠶᠢᠨ ᠲᠦᠰᠦᠯ ᠤᠨ ᠬᠠᠷᠢᠭᠤᠴᠠᠭᠴᠢ ᠶᠢᠨ ᠠᠮᠣᠷ ᠲᠦᠪᠰᠢᠨ ᠤ ᠬᠠᠷᠢᠭᠤᠴᠠᠯᠭ᠎ᠠ ᠶᠢᠨ ᠲᠣᠭᠳᠠᠭᠠᠯ ᠵᠢᠴᠢ ᠠᠵᠢᠯᠯᠠᠭᠴᠢ ᠪᠠᠶᠢᠭᠤᠯᠭ᠎ᠠ᠂ ᠬᠢᠨᠠᠭᠴᠢ ᠪᠠᠶᠢᠭᠤᠯᠭ᠎ᠠ ᠶᠢᠨ ᠠᠵᠦ ᠠᠬᠤᠶᠢᠯᠠᠯ ᠤᠨ ᠬᠠᠷᠢᠭᠤᠴᠠᠭᠴᠢ ᠪᠣᠯᠣᠨ ᠲᠦᠰᠦᠯ ᠤᠨ ᠬᠠᠷᠢᠭᠤᠴᠠᠭᠴᠢ ᠶᠢᠨ ᠠᠬᠤᠢ ᠲᠠᠯᠠᠪᠠᠢ ᠳᠤ ᠡᠬᠡᠯᠵᠢ ᠲᠠᠭᠠᠭᠤᠯᠬᠤ ᠲᠦᠷᠢᠮ ᠤᠨ ᠲᠣᠬᠠᠢ ᠪᠣᠳᠠᠳᠠᠢ ᠱᠠᠭᠠᠷᠳᠠᠯᠭ᠎ᠠ ᠲᠣᠷᠠᠳᠪᠠ᠃ ᠠᠮᠣᠷ ᠲᠦᠪᠰᠢᠨ ᠤ ᠬᠢᠨᠠᠯᠳᠠ ᠶᠢᠨ ᠲᠣᠪᠴᠢᠶ᠎ᠠ ᠶᠢᠨ ᠲᠡᠳ᠋ ᠲᠠᠷᠤᠭ᠎ᠠ ᠵᠢᠢ ᠺᠦᠢ ᠱᠧᠩ ᠨᠦᠬᠦᠷ ᠠᠴᠠ ᠪᠠᠶᠢᠭᠤᠯᠣᠭᠴᠢ ᠪᠠᠶᠢᠭᠤᠯᠭ᠎ᠠ᠂ ᠠᠵᠢᠯᠯᠠᠭᠴᠢ ᠪᠠᠶᠢᠭᠤᠯᠭ᠎ᠠ᠂ ᠬᠢᠨᠠᠭᠴᠢ ᠪᠠᠶᠢᠭᠤᠯᠭ᠎ᠠ ᠬᠡᠷᠬᠢᠨ ᠠᠵᠦ ᠠᠬᠤᠶᠢᠯᠠᠯ ᠤᠨ ᠭᠤᠣᠯ ᠴᠣᠭᠴᠠ ᠎ ᠶᠢᠨ ᠬᠠᠷᠢᠭᠤᠴᠠᠯᠭ᠎ᠠ ᠶᠢ ᠬᠡᠷᠡᠭᠵᠢᠬᠦᠯᠵᠦ᠂ ᠭᠤᠷᠪᠠᠨ ᠲᠡᠰ ᠤᠨ ᠰᠣᠷᠭᠠᠨ ᠬᠦᠮᠦᠵᠢᠯ ᠵᠢᠴᠢ ᠪᠦᠬᠦ ᠬᠡᠰᠢᠬᠦᠳ ᠤᠨ ᠠᠵᠢᠯ ᠳᠤ ᠭᠠᠷᠬᠤ ᠠᠴᠠ ᠡᠮᠦᠨᠡᠬᠢ ᠰᠣᠷᠭᠠᠨ ᠬᠦᠮᠦᠵᠢᠯ ᠤᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠲᠣᠷᠠᠳᠣᠭᠰᠠᠨ ᠪᠠᠶᠢᠨ᠎ᠠ᠃     ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠷᠧᠨ ᠰᠢ ᠵᠢᠶᠦ᠋ᠨ ᠨᠦᠬᠦᠷ ᠠᠴᠠ ᠶᠠᠷᠢᠶ᠎ᠠ ᠲᠠᠯᠪᠢᠬᠤ ᠎ ᠳᠠᠭᠠᠨ ᠵᠢᠭᠠᠵᠦ ᠭᠠᠷᠭᠠᠭᠰᠠᠨ ᠨᠢ᠄ ᠨᠢᠬᠡ ᠳᠤ ᠪᠠᠶᠢᠭᠤᠯᠣᠭᠴᠢ ᠪᠠᠶᠢᠭᠤᠯᠭ᠎ᠠ᠂ ᠠᠵᠢᠯᠯᠠᠭᠴᠢ ᠪᠠᠶᠢᠭᠤᠯᠭ᠎ᠠ᠂ ᠬᠢᠨᠠᠭᠴᠢ ᠪᠠᠶᠢᠭᠤᠯᠭ᠎ᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠬᠡᠷᠡᠭᠵᠢᠬᠦᠯᠦᠨ᠎ᠡ᠃ ᠬᠤᠶᠠᠷ ᠲᠤ ᠡᠯ᠎ᠡ ᠠᠵᠦ ᠠᠬᠤᠶᠢᠯᠠᠯ ᠠᠴᠠ ᠠᠶᠣᠯ ᠦᠬᠡᠢ ᠦᠢᠯᠡᠳᠪᠦᠷᠢᠯᠡᠯ ᠤᠨ ᠣᠷᠣᠭᠤᠯᠣᠯᠳᠠ ᠶᠢ ᠶᠡᠬᠡᠳᠭᠡᠨ᠎ᠡ᠃ ᠭᠤᠷᠪᠠ ᠳᠤ ᠠᠵᠢᠯ ᠤᠨ ᠲᠦᠷᠦᠯ ᠤᠨ ᠭᠤᠣᠯ ᠬᠠᠮᠢᠶᠠᠷᠣᠭᠴᠢ ᠰᠠᠯᠠᠭ᠎ᠠ ᠮᠦᠴᠢᠷ ᠲᠠᠨᠢᠯᠳᠠ ᠪᠠᠨ ᠲᠡᠭᠡᠭᠰᠢᠯᠡᠬᠦᠯᠵᠦ᠂ ᠬᠠᠮᠢᠶᠠᠷᠣᠯᠳᠠ ᠪᠠᠨ ᠴᠢᠩᠭᠠᠳᠬᠠᠵᠦ᠂ ᠣᠨᠴᠠᠭᠠᠶᠢᠯᠠᠨ ᠠᠵᠢᠯ ᠤᠨ ᠲᠣᠮᠳᠠᠬᠢ᠂ ᠠᠵᠢᠯ ᠤᠨ ᠬᠤᠶᠢᠨᠠᠬᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠦ᠂ ᠠᠵᠢᠯ ᠤᠨ ᠲᠠᠯᠠᠪᠠᠢ ᠳᠠᠬᠢ ᠢᠯᠡᠷᠡᠭᠰᠡᠨ ᠠᠶᠣᠯᠳᠠᠢ ᠬᠡᠮ ᠰᠣᠭᠤᠭ ᠢ ᠠᠵᠦ ᠠᠬᠤᠶᠢᠯᠠᠯ ᠤᠨ ᠴᠠᠭ ᠎ ᠢ ᠠᠮᠵᠢᠨ ᠴᠡᠭᠴᠡᠯᠡᠨ ᠵᠠᠰᠠᠬᠤ ᠶᠢ ᠱᠠᠭᠠᠷᠳᠠᠵᠦ᠂ ᠴᠡᠭᠴᠡᠯᠡᠨ ᠵᠠᠰᠠᠭᠰᠠᠨ ᠨᠢ ᠬᠦᠢᠴᠡᠳ ᠪᠣᠰᠣ ᠪᠣᠶᠣ ᠦᠯᠦ ᠴᠡᠭᠴᠡᠯᠡᠨ ᠵᠠᠰᠠᠭᠰᠠᠨ ᠪᠠᠶᠢᠭᠤᠯᠭ᠎ᠠ ᠳᠤ ᠬᠠᠣᠯᠢ ᠶᠣᠰᠣ ᠪᠠᠷ ᠵᠠᠰᠠᠭ ᠵᠠᠬᠢᠷᠭᠠᠨ ᠤ ᠰᠢᠢᠳᠭᠡᠯ ᠣᠯᠭᠤᠨ᠎ᠠ᠃ ᠲᠦᠷᠪᠡ ᠎ ᠳᠤ ᠣᠳᠣᠬᠠᠨ ᠤ ᠬᠤᠳᠠ ᠶᠢᠨ ᠵᠠᠰᠠᠭ ᠤᠨ ᠢᠨᠵᠧᠨᠧᠷᠢᠩ ᠤᠨ ᠠᠵᠢᠯ ᠢ ᠵᠢᠭᠤᠯᠴᠢᠯᠠᠯ ᠤᠨ ᠣᠷᠬᠢᠯ ᠤᠨ ᠬᠤᠭᠤᠴᠠᠭᠠᠨ ᠳᠤ ᠵᠠᠮ ᠱᠣᠭᠤᠮ ᠢᠶᠠᠷ ᠡᠬᠡᠯᠵᠢᠯᠡᠨ ᠠᠵᠢᠯᠯᠠᠵᠦ᠂ ᠠᠵᠢᠯᠯᠠᠬᠤ ᠠᠬᠤᠢ ᠲᠠᠯᠠᠪᠠᠢ ᠶᠢᠨ ᠠᠮᠣᠷ ᠲᠦᠪᠰᠢᠨ ᠤ ᠲᠡᠮᠳᠡᠭ ᠵᠢᠴᠢ ᠬᠦᠷᠢᠶ᠎ᠡ ᠬᠡᠪᠴᠢᠶ᠎ᠠ ᠶᠢ ᠰᠠᠶᠢᠳᠣᠷ ᠬᠢᠬᠦ ᠬᠡᠷᠡᠭᠳᠡᠢ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号