ᠬᠠᠮᠢᠶᠠᠷᠣᠯᠳᠠ ᠶᠢᠨ ᠣᠷᠣᠨ ᠠᠴᠠ 2018 ᠣᠨ ᠤ ᠬᠤᠳᠠ ᠪᠠᠯᠭᠠᠰᠣᠨ ᠤ ᠨᠣᠭᠤᠭᠠᠷᠠᠭᠤᠯᠣᠯᠳᠠ ᠶᠢᠨ ᠢᠨᠵᠧᠨᠧᠷᠢᠩ ᠢ ᠵᠢᠩᠬᠢᠨᠢ ᠪᠠᠷ ᠡᠬᠢᠯᠡᠬᠦᠯᠪᠡ
ᠨᠡᠶᠢᠲᠡᠯᠡᠭᠰᠡᠨ ᠴᠠᠭ᠄
2018-05-30
    2018 ᠣᠨ ᠤ 3 ᠰᠠᠷ᠎ᠠ ᠶᠢᠨ 25᠎ ᠳᠤ ᠬᠠᠮᠢᠶᠠᠷᠣᠯᠳᠠ ᠶᠢᠨ ᠣᠷᠣᠨ ᠠᠴᠠ 2018 ᠣᠨ ᠤ ᠬᠤᠳᠠ ᠪᠠᠯᠭᠠᠰᠣᠨ ᠤ ᠨᠣᠭᠤᠭᠠᠷᠠᠭᠤᠯᠣᠯᠳᠠ ᠶᠢᠨ ᠢᠨᠵᠧᠨᠧᠷᠢᠩ ᠢ ᠵᠢᠩᠬᠢᠨᠢ ᠪᠠᠷ ᠡᠬᠢᠯᠡᠬᠦᠯᠪᠡ᠃ ᠬᠦᠮᠦᠨ ᠠᠷᠠᠳ ᠤᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠠᠷᠴᠢᠮ ᠢ ᠪᠠᠷᠢᠮᠳᠠᠯᠠᠵᠦ᠂ ᠰᠢᠨ᠎ᠡ ᠶᠢ ᠡᠬᠦᠳᠬᠦ᠂ ᠵᠣᠬᠢᠴᠠᠩᠭᠤᠢ᠂ ᠨᠣᠭᠤᠭᠠᠨ᠂ ᠨᠡᠬᠡᠬᠡᠯᠳᠡ ᠲᠠᠢ᠂ ᠬᠠᠮᠳᠣ ᠡᠳ᠋ᠯᠡᠬᠦ ᠬᠦᠭᠵᠢᠯᠳᠡ ᠶᠢᠨ ᠣᠶᠢᠯᠠᠭᠠᠯᠳᠠ ᠶᠢ ᠲᠣᠣᠱᠯᠠᠭᠤᠯᠣᠨ ᠬᠡᠷᠡᠭᠵᠢᠬᠦᠯᠬᠦ ᠪᠠᠷ 2018 ᠣᠨ ᠳᠤ ᠬᠠᠮᠢᠶᠠᠷᠣᠯᠳᠠ ᠶᠢᠨ ᠣᠷᠣᠨ ᠠᠴᠠ ᠬᠤᠳᠠ ᠪᠠᠯᠭᠠᠰᠣ ᠶᠢ ᠣᠭᠤᠭᠠᠷᠠᠭᠤᠯᠬᠤ ᠠᠵᠢᠯ ᠳᠤ ᠶᠡᠭᠡ ᠬᠦᠴᠦ ᠲᠠᠯᠪᠢᠵᠦ᠂ ᠪᠧᠢ ᠬᠠᠢ ᠶᠡᠭᠡ ᠵᠡᠬᠡᠯᠢ᠂ ᠲᠤᠸᠠᠨ ᠵᠢᠶᠧ ᠶᠡᠭᠡ ᠵᠡᠬᠡᠯᠢ᠂ ᠪᠠᠶᠠᠨᠬᠤᠰᠢᠭᠤ ᠶᠡᠭᠡ ᠵᠡᠬᠡᠯᠢ᠂ ᠳ᠋ᠦᠩ ᠹᠧᠩ ᠶᠡᠭᠡ ᠵᠡᠬᠡᠯᠢ᠂ ᠨᠠᠨ ᠬᠤ᠋ ᠶᠡᠭᠡ ᠵᠡᠬᠡᠯᠢ᠂ ᠦ᠋ ᠢ ᠵᠠᠮ᠂ ᠵᠧᠨ ᠰᠢᠩ ᠵᠠᠮ᠂ ᠪᠦᠯᠢᠶᠡᠨ ᠪᠣᠯᠠᠭ ᠵᠠᠮ᠂ ᠦ᠋ ᠰᠠᠨ ᠵᠠᠮ᠂ ᠭᠤᠸᠠᠩ ᠶᠤᠸᠠᠨ ᠵᠠᠮ᠂ ᠵᠢᠶᠠᠨ ᠱᠧ ᠵᠠᠮ᠂ ᠪᠢᠩ ᠲᠤᠸᠠᠨ ᠵᠠᠮ᠂ ᠰᠢᠤᠸᠠᠢ ᠶᠤᠸᠠᠨ ᠵᠠᠮ᠂ ᠭᠤᠸᠠᠩ ᠮᠢᠩ ᠵᠠᠮ᠂ ᠶᠤᠸᠠᠨ ᠳ᠋ᠢᠩ ᠵᠠᠮ ᠤᠨ ᠨᠣᠭᠤᠭᠠᠷᠠᠭᠤᠯᠣᠯᠳᠠ ᠵᠢᠴᠢ ᠭᠤᠣᠯ ᠪᠣᠯᠬᠤ ᠵᠡᠬᠡᠯᠢ ᠭᠤᠳᠣᠮᠵᠢ ᠶᠢᠨ ᠵᠠᠮ ᠤᠨ ᠬᠠᠵᠠᠭᠤ ᠳᠠᠬᠢ ᠮᠣᠳᠣᠨ ᠤ ᠬᠤᠩᠬᠢᠯ᠂ ᠴᠡᠴᠡᠭ ᠤᠨ ᠰᠣᠪᠠᠭ ᠢ ᠨᠣᠭᠤᠭᠠᠷᠠᠭᠤᠯᠣᠨ ᠪᠠᠶᠢᠭᠤᠯᠣᠨ᠎ᠠ᠃ ᠡᠬᠦᠨ ᠤ ᠬᠠᠮᠳᠣ ᠪᠢᠩ ᠲᠤᠸᠠᠨ ᠴᠡᠴᠡᠷᠯᠢᠭ᠂ ᠰᠢ ᠱᠠᠨ ᠴᠡᠴᠡᠷᠯᠢᠭ᠂ ᠣᠯᠣᠰ ᠎ ᠤᠨ ᠴᠠᠬᠢᠯᠭᠠᠨ ᠤ ᠵᠡᠬᠦᠨ ᠳᠠᠬᠢ ᠣᠯᠢᠶᠠᠰᠣᠨ ᠰᠢᠭᠤᠢ ᠶᠢᠨ ᠰᠡᠯᠡᠬᠦᠴᠡᠯ ᠤᠨ ᠬᠦᠷᠢᠶᠡᠯᠡᠩ ᠢ ᠵᠡᠷᠬᠡ ᠲᠡᠪᠰᠢᠬᠦᠯᠵᠦ ᠲᠡᠰ ᠲᠡᠭᠡᠭᠰᠢᠯᠡᠬᠦᠯᠵᠦ᠂ ᠨᠣᠭᠤᠭᠠᠷᠠᠭᠤᠯᠣᠨ ᠦᠬᠡᠷᠡᠴᠢᠯᠡᠵᠦ᠂ ᠲᠣᠰᠣᠯᠠᠭᠤᠷ ᠲᠣᠬᠢᠷᠠᠭᠤᠯᠬᠤ᠂ ᠲᠠᠭᠠᠯᠳᠠ ᠵᠠᠮ ᠱᠣᠭᠤᠮ ᠵᠡᠷᠬᠡ ᠢᠨᠵᠧᠨᠧᠷᠢᠩ ᠳᠤ ᠪᠦᠳᠦᠬᠡᠨ ᠪᠠᠶᠢᠭᠤᠯᠣᠯᠳᠠ ᠬᠢᠨ᠎ᠠ᠃ ᠲᠦᠰᠦᠪᠯᠡᠯᠳᠡ ᠪᠠᠷ ᠨᠣᠭᠤᠭᠠᠷᠠᠭᠤᠯᠣᠯᠳᠠ ᠎ ᠶᠢᠨ ᠲᠠᠯᠠᠪᠠᠢ 64 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠵᠦ᠂ 15199.00 ᠲᠦᠬᠦᠷᠢᠭ ᠤᠨ ᠪᠡᠯᠡ ᠣᠷᠣᠭᠤᠯᠣᠨ᠎ᠠ᠃     ᠣᠳᠣᠬᠠᠨ ᠳᠤ ᠬᠡᠰᠡᠭ ᠭᠠᠵᠠᠷ ᠣᠷᠣᠨ ᠵᠡᠷᠯᠢᠭ ᠡᠪᠡᠰᠣ ᠶᠢ ᠠᠷᠢᠯᠭᠠᠬᠤ᠂ ᠰᠢᠷᠣᠢ ᠶᠢᠨ ᠣᠪᠣᠭ᠎ᠠ ᠶᠢ ᠰᠢᠯᠵᠢᠬᠦᠯᠬᠦ᠂ ᠲᠠᠯᠠᠪᠠᠢ ᠶᠢ ᠲᠡᠭᠰᠢᠯᠡᠬᠦ ᠵᠡᠷᠬᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠡᠬᠢᠯᠡᠬᠦᠯᠦᠭᠰᠡᠨ ᠪᠠᠶᠢᠨ᠎ᠠ᠃ ᠶᠢᠩ ᠪᠢᠨ ᠪᠠᠭᠤᠳᠠᠯ ᠤᠨ ᠠᠷᠣ ᠳᠠᠬᠢ ᠰᠡᠯᠡᠬᠦᠴᠡᠯ ᠤᠨ ᠬᠦᠷᠢᠶᠡᠯᠡᠩ᠂ ᠣᠯᠣᠰ ᠤᠨ ᠴᠠᠬᠢᠯᠭᠠᠨ ᠤ ᠵᠡᠬᠦᠨ ᠳᠠᠬᠢ ᠣᠯᠢᠶᠠᠰᠣᠨ ᠰᠢᠭᠤᠢ ᠶᠢᠨ ᠰᠡᠯᠡᠬᠦᠴᠡᠯ ᠤᠨ ᠬᠦᠷᠢᠶᠡᠯᠡᠩ ᠳᠤ ᠵᠣᠯᠵᠠᠭ᠎ᠠ ᠮᠣᠳᠣ ᠲᠠᠷᠢᠬᠤ ᠠᠵᠢᠯ ᠢ ᠨᠢᠬᠡᠨᠳᠡ ᠡᠬᠢᠯᠡᠬᠦᠯᠵᠦ᠂ ᠬᠠᠮᠢᠶᠠᠷᠣᠯᠳᠠ ᠶᠢᠨ ᠵᠦᠪᠯᠡᠯ ᠤᠨ ᠣᠳᠣᠷᠢᠳᠣᠯᠭ᠎ᠠ ᠶᠢᠨ ᠴᠢᠬᠤᠯᠴᠢᠯᠠᠯ ᠪᠠ ᠣᠯᠠᠨ ᠲᠠᠯ᠎ᠠ ᠎ ᠶᠢᠨ ᠬᠠᠮᠳᠣ ᠶᠢᠨ ᠴᠢᠷᠮᠠᠶᠢᠯᠭ᠎ᠠ ᠲᠣᠣᠷ᠎ᠠ 2018 ᠣᠨ ᠤ ᠬᠠᠮᠢᠶᠠᠷᠣᠯᠳᠠ ᠶᠢᠨ ᠣᠷᠣᠨ ᠤ ᠨᠣᠭᠤᠭᠠᠷᠠᠭᠤᠯᠣᠯᠳᠠ ᠎ ᠶᠢᠨ ᠲᠦᠰᠦᠯ ᠣᠷᠣᠭᠰᠢᠳᠠᠢ ᠠᠬᠢᠵᠦ᠂ ᠵᠢᠩᠬᠢᠨᠢ ᠪᠠᠷ ᠬᠡᠷᠡᠭᠵᠢᠬᠦᠯᠬᠦ ᠱᠠᠳᠣᠨ ᠳᠤ ᠣᠷᠣᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号