ᠠᠶᠢᠮᠠᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠶᠢ ᠱᠠᠭᠠᠷᠳᠠᠨ ᠪᠠᠶᠢᠴᠠᠭᠠᠬᠤ ᠪᠠᠭ ᠬᠠᠮᠢᠶᠠᠷᠣᠯᠳᠠ ᠎ ᠶᠢᠨ ᠣᠷᠣᠨ ᠢᠷᠡᠵᠦ ᠶᠠᠳᠠᠭᠤ ᠶᠢ ᠲᠡᠳᠬᠦᠬᠦ ᠪᠡᠯᠡ ᠮᠦᠩᠬᠦ ᠶᠢᠨ ᠬᠡᠷᠡᠭᠯᠡᠯᠳᠡ ᠬᠠᠮᠢᠶᠠᠷᠣᠯᠳᠠ ᠶᠢ ᠱᠠᠭᠠᠷᠳᠠᠨ ᠪᠠᠶᠢᠴᠠᠭᠠᠬᠤ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2018-06-15
      2018 ᠣᠨ ᠤ 6 ᠰᠠᠷ᠎ᠠ ᠶᠢᠨ 6᠎ ᠤ ᠡᠳᠣᠷ ᠠᠴᠠ 7᠎ ᠤ ᠡᠳᠣᠷ ᠪᠣᠯᠳᠠᠯ᠎ᠠ᠂ ᠠᠶᠢᠮᠠᠭ ᠤᠨ ᠡᠳ᠋ ᠤᠨ ᠶᠠᠪᠣᠳᠠᠯ ᠤᠨ ᠲᠣᠪᠴᠢᠶ᠎ᠠ ᠶᠢᠨ ᠲᠠᠷᠤᠭ᠎ᠠ ᠴᠢᠩ ᠰᠢᠦ ᠵᠢᠶᠠᠩ ᠤᠨ ᠲᠠᠭᠠᠭᠤᠯᠭ᠎ᠠ ᠲᠣᠣᠷ᠎ᠠ᠂ ᠠᠶᠢᠮᠠᠭ ᠤᠨ ᠡᠳ᠋ ᠤᠨ ᠶᠠᠪᠣᠳᠠᠯ ᠤᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠶᠠᠳᠠᠭᠤ ᠶᠢ ᠲᠠᠳᠭᠦᠬᠦ ᠠᠯᠪᠠᠨ ᠬᠡᠷ ᠬᠤᠯᠪᠣᠭᠠᠯᠠᠨ ᠪᠠᠶᠢᠭᠤᠯᠣᠭᠰᠠᠨ ᠱᠠᠭᠠᠷᠳᠠᠨ ᠪᠠᠶᠢᠴᠠᠭᠠᠬᠤ ᠪᠠᠭ ᠤᠨ ᠬᠡᠰᠢᠬᠦᠳ ᠬᠠᠮᠢᠶᠠᠷᠣᠯᠳᠠ ᠶᠢᠨ ᠣᠷᠣᠨ ᠤ ᠶᠠᠳᠠᠭᠤ ᠶᠢ ᠲᠡᠳᠬᠦᠬᠦ ᠪᠡᠯᠡ ᠮᠦᠩᠬᠦ ᠶᠢ ᠪᠠᠭᠤᠯᠭᠠᠬᠤ ᠬᠡᠷᠡᠭᠯᠡᠬᠦ ᠬᠠᠮᠢᠶᠠᠷᠬᠤ ᠪᠣᠯᠣᠨ ᠬᠢᠨᠠᠨ ᠪᠣᠳᠣᠯᠳᠠ ᠶᠢᠨ ᠲᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠳᠤ ᠲᠣᠰᠬᠠᠢ ᠱᠠᠭᠠᠷᠳᠠᠨ ᠪᠠᠶᠢᠴᠠᠭᠠᠯᠳᠠ ᠬᠢᠪᠡ᠃       ᠱᠠᠭᠠᠷᠳᠠᠨ ᠪᠠᠶᠢᠴᠠᠭᠠᠬᠤ ᠪᠠᠭ ᠠᠴᠠ ᠶᠠᠳᠠᠭᠤ ᠶᠢ ᠲᠡᠳᠬᠦᠬᠦ ᠪᠡᠯᠡ ᠮᠦᠩᠬᠦ ᠶᠢ ᠪᠠᠭᠤᠯᠭᠠᠵᠦ ᠬᠡᠷᠡᠭᠯᠡᠭᠰᠡᠨ ᠪᠣᠯᠣᠨ ᠬᠢᠨᠠᠨ ᠪᠣᠳᠣᠯᠳᠠ ᠶᠢᠨ ᠲᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠤᠨ ᠮᠡᠳᠡᠬᠦᠯᠦᠯᠳᠡ ᠶᠢ ᠰᠣᠨᠣᠰᠴᠣ᠂ ᠬᠠᠮᠢᠶᠠᠷᠣᠯᠳᠠ ᠶᠢᠨ ᠣᠷᠣᠨ ᠤ ᠶᠠᠳᠠᠭᠤ ᠶᠢ ᠲᠡᠳᠬᠦᠬᠦ ᠠᠵᠢᠯ ᠤᠨ ᠲᠦᠰᠦᠯ ᠢ ᠦᠷᠨᠢᠬᠦᠯᠦᠭᠰᠡᠨ ᠵᠢᠴᠢ ᠪᠡᠯᠡ ᠮᠦᠩᠬᠦ ᠶᠢ ᠬᠡᠷᠡᠭᠯᠡᠭᠰᠡᠨ ᠪᠠᠶᠢᠳᠠᠯ ᠢ ᠨᠠᠷᠢᠨ ᠣᠶᠢᠯᠠᠭᠠᠵᠦ᠂ ᠡᠬᠦᠨ ᠤ ᠲᠣᠬᠠᠢ ᠴᠢᠬᠤᠯᠠ ᠰᠠᠨᠠᠯ ᠲᠣᠷᠠᠳᠣᠭᠰᠠᠨ ᠪᠠᠶᠢᠨ᠎ᠠ᠃   ᠬᠠᠮᠢᠶᠠᠷᠣᠯᠳᠠ ᠶᠢᠨ ᠣᠷᠣᠨ ᠤ 2015 ᠣᠨ ᠠᠴᠠ 2018 ᠣᠨ ᠪᠣᠯᠳᠠᠯ᠎ᠠ ᠡᠳ᠋ ᠤᠨ ᠶᠠᠪᠣᠳᠠᠯ ᠤᠨ ᠲᠣᠪᠴᠢᠶ᠎ᠠ ᠶᠢᠨ ᠲᠡᠭᠡᠳᠣ ᠱᠠᠳᠣᠨ ᠤ ᠪᠠᠭᠠᠣᠯᠭᠠᠭᠰᠠᠨ ᠶᠠᠳᠠᠭᠤ ᠶᠢ ᠲᠡᠳᠬᠦᠬᠦ ᠪᠡᠯᠡ ᠮᠦᠩᠬᠦ 4098 ᠲᠦᠮᠡᠨ ᠲᠦᠬᠦᠷᠢᠭ ᠲᠤ ᠬᠦᠷᠴᠦ᠂ ᠲᠡᠷᠢᠶᠡᠯᠡᠩ ᠮᠠᠯᠵᠢᠯ ᠤᠨ ᠲᠦᠷᠦᠯ ᠤᠨ ᠲᠣᠰᠬᠠᠢ ᠲᠦᠰᠦᠯ ᠤᠨ ᠶᠠᠳᠠᠭᠤ ᠶᠢ ᠲᠡᠳᠬᠦᠬᠦ ᠪᠡᠯᠡ ᠮᠦᠩᠬᠦ 2987 ᠲᠦᠮᠡᠨ ᠲᠦᠬᠦᠷᠢᠭ᠂ ᠨᠡᠶᠢᠬᠡᠮ ᠤᠨ ᠪᠠᠳᠣᠯᠠᠭᠠᠨ ᠤ ᠲᠦᠷᠦᠯ ᠤᠨ ᠪᠡᠯᠡ ᠮᠦᠩᠬᠦ 1111 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ ᠱᠠᠭᠠᠷᠳᠠᠨ ᠪᠠᠶᠢᠴᠠᠭᠠᠬᠤ ᠪᠠᠭ ᠠᠴᠠ ᠶᠠᠳᠠᠭᠤ ᠶᠢ ᠲᠡᠳᠬᠦᠬᠦ ᠲᠦᠰᠦᠯ ᠢ ᠬᠡᠷᠡᠭᠵᠢᠬᠦᠯᠦᠭᠴᠢ ᠪᠠᠶᠢᠭᠤᠯᠭ᠎ᠠ ᠳᠤ ᠬᠦᠷᠴᠦ᠂ ᠶᠠᠳᠠᠭᠤ ᠶᠢ ᠲᠡᠳᠬᠦᠬᠦ ᠪᠡᠯᠡ ᠮᠦᠩᠬᠦ ᠶᠢᠨ ᠲᠠᠩᠰᠠᠨ ᠤ ᠶᠠᠪᠣᠳᠠᠯ ᠤᠨ ᠰᠢᠢᠳᠪᠦᠷᠢᠯᠡᠯᠳᠡ ᠶᠢ ᠨᠠᠷᠢᠨ ᠪᠠᠶᠢᠴᠠᠭᠠᠵᠦ᠂ ᠲᠠᠩᠰᠠᠨ ᠤ ᠶᠠᠪᠣᠳᠠᠯ ᠤᠨ ᠰᠢᠢᠳᠪᠦᠷᠢᠯᠡᠯᠳᠡ ᠲᠦᠷᠢᠮᠵᠢᠬᠦᠨ᠂ ᠲᠠᠭᠠᠯᠳᠠ ᠵᠦᠢᠯ ᠨᠠᠷᠢᠨ᠂ ᠲᠠᠩᠰᠠ ᠦᠨᠡᠨ ᠪᠣᠳᠠᠳᠠᠢ ᠲᠠᠢ ᠨᠡᠶᠢᠴᠡᠭᠰᠡᠨ ᠪᠠᠶᠢᠬᠤ ᠭᠡᠷᠡᠭᠳᠡᠢ ᠬᠡᠮᠡᠨ ᠱᠠᠭᠠᠷᠳᠠᠭᠰᠠᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号