75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠨ ᠤ ᠦᠨᠳᠦᠷ ᠨᠠᠰᠣᠨ ᠤ ᠨᠦᠬᠦᠪᠦᠷᠢ ᠶᠢ | ᠪᠠᠭᠤᠯᠭᠠᠬᠤ ᠠᠵᠢᠯ ᠢ ᠦᠨᠡᠬᠦ ᠰᠠᠶᠢᠳᠣᠷ ᠪᠡᠶᠡᠯᠡᠬᠦᠯᠵᠦ᠂ ᠬᠠᠮᠢᠶᠠᠷᠣᠯᠳᠠ ᠶᠢᠨ ᠣᠷᠣᠨ ᠤ ᠨᠠᠰᠣᠳᠠᠨ ᠤ ᠦᠨᠳᠦᠰᠦᠨ | ᠠᠮᠢᠳᠣᠷᠠᠯ ᠢ ᠣᠯᠠᠮ ᠨᠢᠬᠡ ᠠᠯᠬᠤᠮ ᠰᠠᠶᠢᠵᠢᠷᠠᠭᠤᠯᠵᠦ᠂ ᠠᠮᠢᠳᠣᠷᠠᠯ ᠤᠨ ᠴᠢᠨᠠᠷ ᠴᠢᠨᠰᠠᠭ᠎ᠠ ᠶᠢ ᠲᠠᠰᠣᠷᠠᠯᠳᠠ ᠦᠬᠡᠢ | ᠲᠡᠭᠡᠭᠰᠢᠯᠡᠬᠦ ᠶᠢᠨ ᠲᠦᠯᠦᠬᠡ 75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠶᠢᠴᠣᠳ ᠤᠨ ᠦᠨᠳᠦᠷ ᠨᠠᠰᠣᠨ ᠤ | ᠨᠦᠬᠦᠪᠦᠷᠢ ᠪᠠᠭᠤᠯᠭᠠᠬᠤ ᠠᠵᠢᠯ ᠢ ᠦᠨᠡᠨᠬᠦ ᠰᠠᠶᠢᠳᠣᠷ ᠬᠢᠵᠦ ᠪᠣᠢ᠃ 2018 ᠣᠨ ᠳᠤ ᠭᠤᠷᠪᠠᠨ ᠲᠠᠯᠠᠪᠠᠢ | ᠪᠠᠯᠭᠠᠰᠣ᠂ ᠣᠰᠣᠨ ᠴᠦᠬᠦᠷᠦᠮ ᠤᠨ ᠠᠵᠢᠯ ᠤᠨ ᠵᠦᠪᠯᠡᠯ ᠤᠨ ᠪᠦᠷᠢᠳᠬᠡᠵᠦ ᠮᠡᠳᠡᠬᠦᠯᠦᠭᠰᠡᠨ ᠢ ᠨᠠᠰᠣᠳᠠᠶᠢᠴᠣᠳ | ᠤᠨ ᠠᠯᠪᠠᠨ ᠭᠡᠷ ᠠᠴᠠ ᠬᠢᠨᠠᠨ ᠲᠣᠭᠳᠠᠭᠠᠭᠰᠠᠨ ᠤ ᠲᠠᠷᠠᠭ᠎ᠠ ᠬᠠᠮᠢᠶᠠᠷᠣᠯᠳᠠ ᠶᠢᠨ ᠣᠷᠣᠨ ᠤ ᠣᠳᠣ ᠪᠠᠶᠢᠭ᠎ᠠ 75 | ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠨ 431 ᠬᠦᠮᠦᠨ᠂ ᠡᠬᠦᠨ ᠤ ᠲᠣᠳᠣᠷ᠎ᠠ 90-99 ᠨᠠᠰᠣᠨ ᠤ 14 | ᠬᠦᠮᠦᠨ ᠪᠠᠶᠢᠨ᠎ᠠ᠃ 2018 ᠣᠨ ᠤ ᠦᠨᠳᠦᠷ ᠨᠠᠰᠣᠨ ᠤ ᠨᠦᠬᠦᠪᠦᠷᠢ ᠪᠠᠭᠤᠯᠭᠠᠬᠤ ᠪᠠᠷᠢᠮᠵᠢᠶ᠎ᠠ ᠨᠢ᠄ 75-89 | ᠪᠦᠬᠦᠯᠢ ᠨᠠᠰᠣᠨ ᠤ ᠬᠦᠮᠦᠨ ᠳᠤ ᠰᠠᠷ᠎ᠠ ᠪᠦᠷᠢ 100 ᠲᠦᠬᠦᠷᠢᠭ ᠣᠯᠭᠤᠵᠦ᠂ 90-99 ᠪᠦᠬᠦᠯᠢ ᠨᠠᠰᠣᠨ ᠤ | ᠬᠦᠮᠦᠨ ᠳᠤ ᠰᠠᠷ᠎ᠠ ᠪᠦᠷᠢ 300 ᠲᠦᠬᠦᠷᠢᠭ ᠣᠯᠭᠤᠵᠦ᠂ 100 ᠨᠠᠰᠣᠨ ᠠᠴᠠ ᠲᠡᠭᠡᠭᠰᠢ ᠶᠢᠨ ᠨᠠᠰᠣᠳᠠᠨ ᠳᠤ | ᠰᠠᠷ᠎ᠠ ᠪᠦᠷᠢ 600 ᠲᠦᠬᠦᠷᠢᠭ ᠣᠯᠣᠭᠤᠨᠠ᠃ | ᠣᠳᠣᠬᠠᠨ ᠪᠣᠯᠳᠠᠯ᠎ᠠ ᠬᠠᠮᠢᠶᠠᠷᠣᠯᠳᠠ ᠶᠢᠨ ᠣᠷᠣᠨ ᠤ ᠨᠠᠰᠣᠳᠠᠶᠢᠴᠣᠳ ᠤᠨ ᠠᠯᠪᠠᠨ ᠭᠡᠷ ᠠᠴᠠ 2018 | ᠣᠨ ᠤ ᠬᠤᠶᠠᠳᠣᠭᠠᠷ ᠣᠯᠠᠷᠢᠯ ᠤᠨ 75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠶᠢᠴᠣᠳ ᠤᠨ ᠨᠦᠬᠦᠪᠦᠷᠢ | 13.77 ᠲᠦᠮᠡᠨ ᠲᠦᠬᠦᠷᠢᠭ ᠢ ᠪᠦᠬᠦᠨ ᠢ ︽ᠲᠦᠬᠦᠮ ᠺᠠᠷᠲ︾ ᠲᠤ ᠣᠷᠣᠭᠤᠯᠬᠤ ᠬᠡᠯᠪᠡᠷᠢ ᠪᠠᠷ | ᠨᠠᠰᠣᠳᠠᠶᠢᠴᠣᠳ ᠤᠨ ᠭᠠᠷ ᠲᠤ ᠬᠦᠷᠭᠡᠭᠰᠡᠨ ᠪᠠᠶᠢᠨ᠎ᠠ᠃ |