ᠠᠶᠢᠮᠠᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠶᠢ ᠱᠠᠭᠠᠷᠳᠠᠨ ᠪᠠᠶᠢᠴᠠᠭᠠᠬᠤ ᠪᠠᠭ ᠬᠠᠮᠢᠶᠠᠷᠣᠯᠳᠠ  ᠶᠢᠨ ᠣᠷᠣᠨ ᠢᠷᠡᠵᠦ ᠶᠠᠳᠠᠭᠤ ᠶᠢ ᠲᠡᠳᠬᠦᠬᠦ ᠪᠡᠯᠡ ᠮᠦᠩᠬᠦ ᠶᠢᠨ ᠬᠡᠷᠡᠭᠯᠡᠯᠳᠡ ᠬᠠᠮᠢᠶᠠᠷᠣᠯᠳᠠ ᠶᠢ ᠱᠠᠭᠠᠷᠳᠠᠨ ᠪᠠᠶᠢᠴᠠᠭᠠᠬᠤ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2018-06-15
      2018 ᠣᠨ ᠤ 6 ᠰᠠᠷ᠎ᠠ ᠶᠢᠨ 6 ᠤ ᠡᠳᠣᠷ ᠠᠴᠠ 7 ᠤ ᠡᠳᠣᠷ ᠪᠣᠯᠳᠠᠯ᠎ᠠ᠂ ᠠᠶᠢᠮᠠᠭ ᠤᠨ ᠡᠳ᠋ ᠤᠨ ᠶᠠᠪᠣᠳᠠᠯ ᠤᠨ ᠲᠣᠪᠴᠢᠶ᠎ᠠ ᠶᠢᠨ ᠲᠠᠷᠤᠭ᠎ᠠ ᠴᠢᠩ ᠰᠢᠦ ᠵᠢᠶᠠᠩ ᠤᠨ ᠲᠠᠭᠠᠭᠤᠯᠭ᠎ᠠ ᠲᠣᠣᠷ᠎ᠠ᠂ ᠠᠶᠢᠮᠠᠭ ᠤᠨ ᠡᠳ᠋ ᠤᠨ ᠶᠠᠪᠣᠳᠠᠯ ᠤᠨ ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠶᠠᠳᠠᠭᠤ ᠶᠢ ᠲᠠᠳᠭᠦᠬᠦ ᠠᠯᠪᠠᠨ ᠬᠡᠷ ᠬᠤᠯᠪᠣᠭᠠᠯᠠᠨ ᠪᠠᠶᠢᠭᠤᠯᠣᠭᠰᠠᠨ ᠱᠠᠭᠠᠷᠳᠠᠨ ᠪᠠᠶᠢᠴᠠᠭᠠᠬᠤ ᠪᠠᠭ ᠤᠨ ᠬᠡᠰᠢᠬᠦᠳ ᠬᠠᠮᠢᠶᠠᠷᠣᠯᠳᠠ ᠶᠢᠨ ᠣᠷᠣᠨ ᠤ ᠶᠠᠳᠠᠭᠤ ᠶᠢ ᠲᠡᠳᠬᠦᠬᠦ ᠪᠡᠯᠡ ᠮᠦᠩᠬᠦ ᠶᠢ ᠪᠠᠭᠤᠯᠭᠠᠬᠤ ᠬᠡᠷᠡᠭᠯᠡᠬᠦ ᠬᠠᠮᠢᠶᠠᠷᠬᠤ ᠪᠣᠯᠣᠨ ᠬᠢᠨᠠᠨ ᠪᠣᠳᠣᠯᠳᠠ ᠶᠢᠨ ᠲᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠳᠤ ᠲᠣᠰᠬᠠᠢ ᠱᠠᠭᠠᠷᠳᠠᠨ ᠪᠠᠶᠢᠴᠠᠭᠠᠯᠳᠠ ᠬᠢᠪᠡ᠃       ᠱᠠᠭᠠᠷᠳᠠᠨ ᠪᠠᠶᠢᠴᠠᠭᠠᠬᠤ ᠪᠠᠭ ᠠᠴᠠ ᠶᠠᠳᠠᠭᠤ ᠶᠢ ᠲᠡᠳᠬᠦᠬᠦ ᠪᠡᠯᠡ ᠮᠦᠩᠬᠦ ᠶᠢ ᠪᠠᠭᠤᠯᠭᠠᠵᠦ ᠬᠡᠷᠡᠭᠯᠡᠭᠰᠡᠨ ᠪᠣᠯᠣᠨ ᠬᠢᠨᠠᠨ ᠪᠣᠳᠣᠯᠳᠠ ᠶᠢᠨ ᠲᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠤᠨ ᠮᠡᠳᠡᠬᠦᠯᠦᠯᠳᠡ ᠶᠢ ᠰᠣᠨᠣᠰᠴᠣ᠂ ᠬᠠᠮᠢᠶᠠᠷᠣᠯᠳᠠ ᠶᠢᠨ ᠣᠷᠣᠨ ᠤ ᠶᠠᠳᠠᠭᠤ ᠶᠢ ᠲᠡᠳᠬᠦᠬᠦ ᠠᠵᠢᠯ ᠤᠨ ᠲᠦᠰᠦᠯ ᠢ ᠦᠷᠨᠢᠬᠦᠯᠦᠭᠰᠡᠨ ᠵᠢᠴᠢ ᠪᠡᠯᠡ ᠮᠦᠩᠬᠦ ᠶᠢ ᠬᠡᠷᠡᠭᠯᠡᠭᠰᠡᠨ ᠪᠠᠶᠢᠳᠠᠯ ᠢ ᠨᠠᠷᠢᠨ ᠣᠶᠢᠯᠠᠭᠠᠵᠦ᠂ ᠡᠬᠦᠨ ᠤ ᠲᠣᠬᠠᠢ ᠴᠢᠬᠤᠯᠠ ᠰᠠᠨᠠᠯ ᠲᠣᠷᠠᠳᠣᠭᠰᠠᠨ ᠪᠠᠶᠢᠨ᠎ᠠ᠃   ᠬᠠᠮᠢᠶᠠᠷᠣᠯᠳᠠ ᠶᠢᠨ ᠣᠷᠣᠨ ᠤ 2015 ᠣᠨ ᠠᠴᠠ 2018 ᠣᠨ ᠪᠣᠯᠳᠠᠯ᠎ᠠ ᠡᠳ᠋ ᠤᠨ ᠶᠠᠪᠣᠳᠠᠯ ᠤᠨ ᠲᠣᠪᠴᠢᠶ᠎ᠠ ᠶᠢᠨ ᠲᠡᠭᠡᠳᠣ ᠱᠠᠳᠣᠨ ᠤ ᠪᠠᠭᠠᠣᠯᠭᠠᠭᠰᠠᠨ ᠶᠠᠳᠠᠭᠤ ᠶᠢ ᠲᠡᠳᠬᠦᠬᠦ ᠪᠡᠯᠡ ᠮᠦᠩᠬᠦ 4098 ᠲᠦᠮᠡᠨ ᠲᠦᠬᠦᠷᠢᠭ ᠲᠤ ᠬᠦᠷᠴᠦ᠂ ᠲᠡᠷᠢᠶᠡᠯᠡᠩ ᠮᠠᠯᠵᠢᠯ ᠤᠨ ᠲᠦᠷᠦᠯ ᠤᠨ ᠲᠣᠰᠬᠠᠢ ᠲᠦᠰᠦᠯ ᠤᠨ ᠶᠠᠳᠠᠭᠤ ᠶᠢ ᠲᠡᠳᠬᠦᠬᠦ ᠪᠡᠯᠡ ᠮᠦᠩᠬᠦ 2987 ᠲᠦᠮᠡᠨ ᠲᠦᠬᠦᠷᠢᠭ᠂ ᠨᠡᠶᠢᠬᠡᠮ ᠤᠨ ᠪᠠᠳᠣᠯᠠᠭᠠᠨ ᠤ ᠲᠦᠷᠦᠯ ᠤᠨ ᠪᠡᠯᠡ ᠮᠦᠩᠬᠦ 1111 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ ᠱᠠᠭᠠᠷᠳᠠᠨ ᠪᠠᠶᠢᠴᠠᠭᠠᠬᠤ ᠪᠠᠭ ᠠᠴᠠ ᠶᠠᠳᠠᠭᠤ ᠶᠢ ᠲᠡᠳᠬᠦᠬᠦ ᠲᠦᠰᠦᠯ ᠢ ᠬᠡᠷᠡᠭᠵᠢᠬᠦᠯᠦᠭᠴᠢ ᠪᠠᠶᠢᠭᠤᠯᠭ᠎ᠠ ᠳᠤ ᠬᠦᠷᠴᠦ᠂ ᠶᠠᠳᠠᠭᠤ ᠶᠢ ᠲᠡᠳᠬᠦᠬᠦ ᠪᠡᠯᠡ ᠮᠦᠩᠬᠦ ᠶᠢᠨ ᠲᠠᠩᠰᠠᠨ ᠤ ᠶᠠᠪᠣᠳᠠᠯ ᠤᠨ ᠰᠢᠢᠳᠪᠦᠷᠢᠯᠡᠯᠳᠡ ᠶᠢ ᠨᠠᠷᠢᠨ ᠪᠠᠶᠢᠴᠠᠭᠠᠵᠦ᠂ ᠲᠠᠩᠰᠠᠨ ᠤ ᠶᠠᠪᠣᠳᠠᠯ ᠤᠨ ᠰᠢᠢᠳᠪᠦᠷᠢᠯᠡᠯᠳᠡ ᠲᠦᠷᠢᠮᠵᠢᠬᠦᠨ᠂ ᠲᠠᠭᠠᠯᠳᠠ ᠵᠦᠢᠯ ᠨᠠᠷᠢᠨ᠂ ᠲᠠᠩᠰᠠ ᠦᠨᠡᠨ ᠪᠣᠳᠠᠳᠠᠢ ᠲᠠᠢ ᠨᠡᠶᠢᠴᠡᠭᠰᠡᠨ ᠪᠠᠶᠢᠬᠤ ᠭᠡᠷᠡᠭᠳᠡᠢ ᠬᠡᠮᠡᠨ ᠱᠠᠭᠠᠷᠳᠠᠭᠰᠠᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号