ᠬᠠᠪᠣᠷ ᠤᠨ ᠣᠯᠠᠷᠢᠯ ᠠᠴᠠ ᠨᠠᠰᠢ ᠬᠠᠮᠢᠶᠠᠷᠣᠯᠳᠠ ᠶᠢᠨ ᠣᠷᠣᠨ ᠤ ᠠᠭᠠᠷ ᠤᠨ ᠲᠣᠯᠠᠭᠠᠨ ᠬᠠᠷᠢᠴᠠᠩᠭᠤᠢ | ᠦᠨᠳᠦᠷ᠂ ᠣᠶᠢᠴᠠᠭᠠᠶᠢᠯᠠᠨ ᠭᠤᠷᠪᠠᠨ ᠰᠠᠷ᠎ᠠ ᠶᠢᠨ ᠠᠭᠠᠷ ᠤᠨ ᠲᠣᠯᠠᠭᠠᠨ ᠶᠡᠷᠦ ᠪᠣᠰᠣ ᠶᠢᠨ ᠦᠨᠳᠦᠷ ᠪᠠᠶᠢᠵᠦ ᠡᠪᠦᠯ | ᠤᠨ ᠣᠯᠠᠷᠢᠯ ᠤᠨ ᠬᠤᠷᠠᠮᠠᠯ ᠴᠠᠰᠣᠨ ᠤ ᠬᠠᠶᠢᠯᠣᠭᠰᠠᠨ ᠴᠠᠭ ᠨᠢ ᠦᠩᠬᠡᠷᠡᠭᠰᠡᠨ ᠵᠢᠯ ᠠᠴᠠ 35 ᠡᠳᠣᠷ | ᠣᠷᠢᠳᠴᠢᠯᠠᠭᠰᠠᠨ ᠪᠠᠶᠢᠨ᠎ᠠ᠃ ᠬᠡᠳᠦᠶᠢᠪᠡᠷ ᠬᠤᠷ᠎ᠠ ᠲᠣᠨᠣᠳᠠᠰᠣ ᠡᠯᠪᠡᠭ ᠪᠣᠯᠪᠠᠴᠣ ᠬᠦᠯᠳᠡᠬᠦᠦ ᠬᠦᠷᠦᠰᠣᠨ ᠤ | ᠨᠦᠯᠦᠬᠡᠯᠡᠯ ᠠᠴᠠ ᠨᠡᠪᠴᠢᠯᠳᠠ ᠠᠨᠠᠢ ᠪᠠᠶᠢᠵᠦ᠂ ᠬᠠᠪᠣᠷ ᠤᠨ ᠶᠡᠭᠡ ᠰᠠᠯᠬᠢ ᠡᠯᠡᠰᠣᠨ ᠰᠢᠭᠤᠷᠭ᠎ᠠ ᠵᠡᠷᠬᠡ ᠴᠠᠭ ᠠᠭᠠᠷ | ᠠᠴᠠ ᠪᠣᠯᠵᠦ ᠬᠦᠷᠦᠰᠦᠨ ᠳᠠᠬᠢ ᠣᠰᠣᠨ ᠤ ᠠᠭᠤᠷᠰᠢᠬᠤ ᠬᠡᠮᠵᠢᠶ᠎ᠡ ᠶᠡᠭᠡ ᠪᠣᠯᠣᠭᠰᠠᠨ ᠠᠴᠠ ᠣᠷᠣᠨ ᠤ ᠲᠣᠳᠣᠷ᠎ᠠ | ᠶᠡᠭᠡ ᠪᠠᠭ᠎ᠠ ᠠᠳᠠᠯᠢ ᠪᠣᠰᠣ ᠬᠡᠮᠵᠢᠶᠡᠨ ᠤ ᠭᠠᠩ ᠤᠨ ᠪᠠᠶᠢᠳᠠᠯ ᠡᠬᠦᠰᠪᠡ᠃ | ᠣᠳᠣᠬᠠᠨ ᠤ ᠪᠣᠳᠠᠳᠣ ᠪᠠᠶᠢᠳᠠᠯ ᠳᠤ ᠴᠢᠭᠯᠡᠬᠦᠯᠦᠨ ᠲᠦᠷᠦ ᠶᠢᠨ ᠪᠣᠳᠣᠯᠭ᠎ᠠ ᠶᠢᠨ ᠴᠢᠨᠠᠷᠳᠠᠢ ᠲᠠᠷᠢᠶᠠᠯᠠᠩ ᠤᠨ | ᠦᠢᠯᠡᠰ ᠤᠨ ᠲᠠᠭᠠᠳᠬᠠᠯ ᠤᠨ ᠲᠠᠷᠢᠶᠠᠯᠠᠩ ᠤᠨ ᠦᠢᠯᠡᠳᠪᠦᠷᠢᠯᠡᠯ ᠲᠣᠮᠳᠠᠬᠢ ᠭᠠᠮᠰᠢᠭ ᠢ ᠰᠡᠷᠬᠡᠶᠢᠯᠡᠵᠦ ᠬᠤᠬᠢᠷᠠᠯ ᠢ | ᠪᠠᠭᠠᠰᠬᠠᠬᠤ ᠪᠠᠳᠣᠯᠠᠭᠠᠨ ᠤ ᠦᠢᠯᠡᠳᠦᠯ ᠢ ᠪᠠᠳᠠᠷᠠᠭᠤᠯᠬᠤ ᠶᠢᠨ ᠲᠦᠯᠦᠬᠡ᠂ ᠲᠠᠷᠢᠶᠠᠯᠠᠩ ᠮᠠᠯᠵᠢᠯ ᠣᠢ ᠶᠢᠨ ᠦᠢᠯᠡᠰ | ᠰᠢᠨᠵᠢᠯᠡᠭᠡ ᠮᠡᠷᠬᠡᠵᠢᠯ ᠤᠨ ᠲᠣᠪᠴᠢᠶ᠎ᠠ ᠠᠴᠠ ᠵᠢᠷᠬᠢᠶ᠎ᠡ ᠪᠠᠷ ᠣᠬᠠᠭᠤᠯᠬᠤ᠂ ᠡᠷᠦᠬᠡ ᠳᠤ ᠣᠷᠣᠬᠤ ᠵᠡᠷᠬᠡ ᠠᠷᠭ᠎ᠠ | ᠬᠡᠯᠪᠡᠷᠢ ᠲᠠᠷᠢᠶᠠᠯᠠᠩ ᠤᠨ ᠲᠠᠭᠠᠳᠬᠠᠯ ᠳᠤ ᠣᠷᠣᠬᠤ ᠣᠬᠠᠭᠤᠯᠭ᠎ᠠ ᠶᠢᠨ ᠬᠦᠳᠡᠯᠬᠡᠬᠡᠨ ᠬᠢᠵᠦ᠂ ᠦᠷᠬᠡᠨ ᠣᠯᠠᠨ | ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠲᠠᠭᠠᠳᠬᠠᠯ ᠤᠨ ᠠᠵᠢᠯ ᠤᠨ ᠲᠠᠨᠢᠯᠳᠠ ᠶᠢ ᠣᠯᠠᠮ ᠨᠢᠬᠡ ᠠᠯᠬᠤᠮ | ᠲᠡᠭᠡᠭᠰᠢᠯᠡᠬᠦᠯᠪᠡ᠃ ᠡᠬᠦᠨ ᠤ ᠬᠠᠮᠳᠣ ᠲᠠᠭᠠᠳᠬᠠᠯ ᠢ ᠲᠠᠭᠠᠭᠠᠭᠰᠠᠨ ᠪᠠᠶᠢᠭᠤᠯᠭ᠎ᠠ ︽ᠪᠦᠬᠦᠳᠡ ᠨᠠᠶᠢᠷᠠᠮᠳᠠᠬᠤ | ᠬᠤᠯᠪᠣᠭᠠᠯᠠᠭᠰᠠᠨ ᠡᠳ᠋ ᠬᠦᠷᠦᠩᠭᠡ ᠶᠢᠨ ᠲᠠᠭᠠᠳᠬᠠᠯ ᠤᠨ ᠬᠤᠪᠢᠴᠠᠭᠠᠳᠣ ᠬᠢᠵᠠᠭᠠᠷᠳᠣ ᠺᠣᠮᠫᠠᠨᠢ ᠶᠢᠨ ᠣᠯᠠᠭᠠᠢ ᠶᠢᠨ | ᠰᠠᠯᠪᠣᠷᠢ ᠺᠣᠮᠫᠠᠨᠢ︾ ᠶᠢ ᠵᠣᠬᠢᠶᠠᠨ ᠪᠠᠶᠢᠭᠤᠯᠣᠨ ᠵᠣᠬᠢᠴᠠᠭᠤᠯᠵᠦ ᠲᠠᠷᠢᠶᠠᠯᠠᠩ ᠤᠨ ᠦᠢᠯᠡᠰ ᠤᠨ ᠲᠠᠭᠠᠳᠬᠠᠯ ᠳᠤ | ᠣᠷᠣᠬᠤ ᠠᠵᠢᠯ ᠢ ᠴᠠᠭ ᠢ ᠠᠮᠵᠢᠨ ᠡᠬᠢᠯᠡᠬᠦᠯᠦᠭᠰᠡᠨ ᠠᠴᠠ ᠦᠨᠦ ᠵᠢᠯ ᠤᠨ ᠲᠠᠷᠢᠶᠠᠯᠠᠩ ᠤᠨ ᠦᠢᠯᠡᠰ ᠤᠨ | ᠲᠠᠭᠠᠳᠬᠠᠯ ᠳᠤ ᠣᠷᠣᠭᠰᠠᠨ ᠨᠣᠷᠮ᠎ᠠ ᠢᠯᠡᠳᠳᠡ ᠲᠠᠭᠡᠭᠰᠢᠯᠡᠭᠰᠡᠨ ᠪᠠᠶᠢᠨ᠎ᠠ᠃ ᠣᠳᠣᠬᠠᠨ ᠳᠤ ᠪᠣᠯᠳᠠᠯ᠎ᠠ | ᠬᠠᠮᠢᠶᠠᠷᠣᠯᠳᠠ ᠶᠢᠨ ᠣᠷᠣᠨ ᠤ ᠲᠠᠷᠢᠶᠠᠯᠠᠩ ᠤᠨ ᠦᠢᠯᠡᠰ ᠤᠨ ᠲᠠᠭᠠᠳᠬᠠᠯ ᠳᠤ ᠣᠷᠣᠭᠰᠠᠨ ᠨᠡᠶᠢᠳᠡ ᠲᠠᠯᠠᠪᠠᠢ 24. | 84 ᠲᠦᠮᠡᠨ ᠮᠦ ᠳᠤ ᠬᠦᠷᠦᠭᠰᠡᠨ ᠪᠠᠶᠢᠨ᠎ᠠ᠃ ᠡᠬᠦᠨ ᠤ ᠲᠣᠳᠣᠷ᠎ᠠ ᠪᠣᠭᠤᠳᠠᠢ ᠶᠢᠨ ᠲᠠᠭᠠᠳᠬᠠᠯ ᠳᠤ ᠣᠷᠣᠭᠰᠠᠨ | ᠲᠠᠯᠠᠪᠠᠢ 15.5 ᠲᠦᠮᠡᠨ ᠮᠦ᠂ ᠰᠢᠯᠡᠮᠳᠡᠭ ᠤᠨ ᠲᠠᠭᠠᠳᠬᠠᠯ ᠳᠤ ᠣᠷᠣᠭᠰᠠᠨ ᠲᠠᠯᠠᠪᠠᠢ 9.15 ᠲᠦᠮᠡᠨ ᠮᠦ᠂ | ᠲᠦᠮᠦᠰᠦ᠂ ᠨᠠᠷᠠᠨ ᠴᠡᠴᠡᠭ ᠤᠨ ᠲᠠᠭᠠᠳᠬᠠᠯ ᠳᠤ ᠣᠷᠣᠭᠰᠠᠨ ᠲᠠᠯᠠᠪᠠᠢ 0.19 ᠲᠦᠮᠡᠨ ᠮᠦ᠂ ᠲᠦᠰᠦᠬᠡᠯᠡᠯ ᠢᠶᠠᠷ | 6 ᠰᠠᠷ᠎ᠠ ᠶᠢᠨ ᠰᠡᠬᠦᠯᠴᠢ ᠠᠴᠠ ᠡᠮᠦᠨ᠎ᠡ ᠲᠠᠭᠠᠳᠬᠠᠯ ᠳᠤ ᠣᠷᠣᠬᠤ ᠠᠵᠢᠯ ᠢ ᠪᠦᠬᠦᠨ ᠢ ᠪᠡᠶᠡᠯᠡᠬᠦᠯᠦᠨ᠎ᠡ᠃ |