ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠲᠡᠳ᠋ ᠶᠡᠷᠦᠩᠬᠡᠢ ᠭᠤᠣᠯ ᠤᠨ ᠲᠠᠷᠤᠭ᠎ᠠ ᠢᠦᠢ ᠬᠠᠢ ᠴᠧᠩ᠂ ᠬᠠᠮᠢᠶᠠᠷᠣᠯᠳᠠ ᠶᠢᠨ ᠵᠦᠪᠯᠡᠯ ᠤᠨ ᠨᠠᠮ ᠤᠨ ᠵᠣᠬᠢᠶᠠᠨ ᠪᠠᠶᠢᠭᠤᠯᠣᠯᠳᠠ ᠶᠢᠨ ᠬᠡᠰᠢᠬᠦᠨ ᠸᠧᠨ ᠪᠣᠣ ᠯᠥᠩ ᠭᠤᠣᠯ ᠢ ᠴᠠᠭᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2018-06-15
      ︽ᠭᠤᠣᠯ ᠤᠨ ᠲᠠᠷᠤᠭ᠎ᠠ ᠶᠢᠨ ᠲᠦᠷᠢᠮ︾ ︽ᠨᠠᠭᠤᠷ ᠤᠨ ᠲᠠᠷᠤᠭ᠎ᠠ ᠶᠢᠨ ᠲᠦᠷᠢᠮ︾ ᠤᠨ ᠠᠵᠢᠯ ᠤᠨ ᠬᠠᠷᠢᠭᠤᠴᠠᠯᠭ᠎ᠠ ᠶᠢ ᠦᠨᠡᠨᠬᠦ ᠬᠡᠷᠡᠭᠵᠢᠬᠦᠯᠵᠦ᠂ ᠭᠤᠣᠯ ᠤᠨ ᠠᠷᠠᠯ ᠤᠨ ᠡᠳᠣᠷ ᠲᠣᠳᠣᠮ ᠤᠨ ᠪᠠᠶᠢᠴᠠᠭᠠᠯᠳᠠ ᠶᠢ ᠰᠠᠭᠤᠷᠢᠯᠢᠭ ᠪᠡᠶᠡᠯᠡᠬᠦᠯᠵᠦ᠂ ᠭᠤᠣᠯ ᠨᠠᠭᠤᠷ ᠤᠨ ᠣᠰᠣᠨ ᠣᠷᠴᠢᠨ ᠤ ᠦᠷᠬᠦᠯᠵᠢᠬᠦᠶᠢᠴᠡ ᠰᠠᠶᠢᠵᠢᠷᠠᠯᠳᠠ ᠶᠢ ᠪᠠᠶᠡᠯᠡᠬᠦᠯᠬᠦ ᠶᠢᠨ ᠲᠦᠯᠦᠬᠡ 6 ᠰᠠᠷ᠎ᠠ ᠶᠢᠨ 9 ᠤ ᠡᠳᠣᠷ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠲᠡᠳ᠋ ᠶᠡᠷᠦᠩᠬᠡᠢ ᠭᠤᠣᠯ ᠤᠨ ᠲᠠᠷᠤᠭ᠎ᠠ ᠢᠦᠢ ᠬᠠᠢ ᠴᠧᠩ᠂ ᠬᠠᠮᠢᠶᠠᠷᠣᠯᠳᠠ ᠶᠢᠨ ᠵᠦᠪᠯᠡᠯ ᠤᠨ ᠨᠠᠮ ᠤᠨ ᠵᠣᠬᠢᠶᠠᠨ ᠪᠠᠶᠢᠭᠤᠯᠣᠯᠳᠠ ᠶᠢᠨ ᠬᠡᠰᠢᠬᠦᠨ᠂ ᠬᠠᠮᠢᠶᠠᠷᠣᠯᠳᠠ ᠶᠢᠨ ᠣᠷᠣᠨ ᠤ ᠰᠣᠶᠣᠯᠵᠢᠨ ᠭᠤᠣᠯ ᠤᠨ ᠭᠤᠣᠯ ᠤᠨ ᠲᠠᠷᠤᠭ᠎ᠠ ᠸᠧᠨ ᠪᠣᠣ ᠯᠥᠩ ᠭᠤᠣᠯ ᠢ ᠴᠠᠭᠳᠠᠨ ᠪᠠᠶᠢᠴᠠᠭᠠᠯᠳᠠ ᠬᠢᠪᠡ᠂ ᠬᠠᠮᠢᠶᠠᠷᠣᠯᠳᠠ ᠶᠢᠨ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠡᠯ᠎ᠡ ᠲᠠᠯᠠᠪᠠᠢ ᠪᠠᠯᠭᠠᠰᠣᠨ ᠤ ᠬᠠᠷᠢᠭᠤᠴᠠᠭᠴᠢ ᠨᠡᠷ ᠪᠠᠷ᠎ᠠ ᠪᠣᠯᠵᠦ ᠪᠠᠶᠢᠴᠠᠭᠠᠨ ᠰᠣᠳᠣᠯᠪᠠ᠃       ᠢᠦᠢ ᠬᠠᠢ ᠴᠧᠩ ᠨᠠᠷ ᠣᠯᠠᠭᠠᠢ ᠣᠰᠣᠨ ᠴᠦᠬᠦᠷᠦᠮ᠂ ᠬᠡᠰᠡᠭ ᠠᠭᠤᠯᠠ ᠣᠰᠣᠨ ᠴᠦᠬᠦᠷᠦᠮ᠂ ᠣᠯᠠᠭᠠᠢ ᠭᠤᠣᠯ᠂ ᠰᠣᠶᠣᠯᠵᠢᠨ ᠭᠤᠣᠯ᠂ ᠬᠦᠪᠦᠷ ᠤᠨ ᠨᠠᠭᠤᠷ ᠤᠨ ᠪᠠᠶᠢᠳᠠᠯ ᠢ ᠲᠣᠬᠠᠢ ᠶᠢᠨ ᠲᠠᠯᠠᠪᠠᠢ ᠳᠤ ᠪᠠᠶᠢᠴᠠᠭᠠᠨ ᠰᠢᠨᠵᠢᠵᠦ᠂ ᠭᠤᠣᠯ ᠨᠠᠭᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠨᠠᠷᠢᠯᠢᠭ ᠪᠠᠶᠢᠴᠠᠭᠠᠨ᠂ ᠣᠶᠢᠷ᠎ᠠ ᠬᠠᠪᠢ ᠶᠢᠨ ᠵᠢᠭᠤᠯᠴᠢᠯᠠᠯ ᠤᠨ ᠣᠷᠣᠨ ᠳᠤ ᠴᠢᠩᠭ᠎ᠠ ᠬᠠᠳᠠᠭᠤ ᠱᠠᠭᠠᠷᠳᠠᠯᠭ᠎ᠠ ᠲᠠᠯᠪᠢᠵᠦ᠂ ᠠᠵᠢᠯ ᠤᠨ ᠲᠣᠮᠳᠠᠬᠢ ᠲᠦᠪᠡᠭ ᠲᠠᠢ ᠠᠰᠠᠭᠤᠳᠠᠯ ᠤᠨ ᠲᠣᠭᠤᠷᠢᠨ ᠳᠤ ᠶᠠᠷᠢᠯᠴᠠᠭ᠎ᠠ ᠬᠢᠪᠡ᠃       ᠪᠠᠶᠢᠴᠠᠭᠠᠯᠳᠠ ᠳᠤ ᠢᠦᠢ ᠬᠠᠢ ᠴᠧᠩ ᠵᠢᠭᠠᠭᠰᠠᠨ ᠨᠢ᠄ ᠭᠤᠣᠯ ᠤᠨ ᠠᠷᠠᠯ ᠢ ᠵᠠᠰᠠᠬᠤ ᠪᠣᠯ ᠬᠦᠮᠦᠨ ᠤ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠯᠠᠨ ᠲᠦᠮᠡᠨ ᠳᠤ ᠪᠣᠶᠠᠨ ᠦᠢᠯᠡᠳᠬᠦ ᠠᠷᠠᠳ ᠤᠨ ᠠᠮᠢᠳᠣᠷᠠᠯ ᠤᠨ ᠢᠨᠵᠧᠨᠧᠷᠢᠩ᠂ ︽ᠭᠤᠣᠯ ᠲᠦᠭᠵᠢᠬᠡ ᠦᠬᠡᠢ᠂ ᠣᠰᠣ ᠨᠢ ᠴᠡᠩᠭᠡᠭ᠂ ᠡᠷᠬᠢ ᠨᠢ ᠨᠣᠭᠤᠭᠠᠨ᠂ ᠦᠵᠡᠮᠵᠢ ᠨᠢ ᠭᠤᠶᠣ︾ ᠪᠠᠶᠢᠬᠤ ᠶᠢ ᠪᠠᠳᠣᠯᠠᠬᠤ ᠶᠢᠨ ᠲᠦᠯᠦᠬᠡ᠂ ᠣᠬᠢ ᠰᠠᠶᠢᠨ ᠭᠤᠣᠯ ᠤᠨ ᠠᠷᠠᠯ ᠤᠨ ᠬᠠᠮᠢᠶᠠᠷᠣᠯᠳᠠ ᠶᠢᠨ ᠲᠢᠭᠯᠢᠮ ᠢ ᠪᠦᠬᠦ ᠲᠠᠯ᠎ᠠ ᠪᠠᠷ ᠴᠡᠭᠴᠡᠯᠡᠨ᠂ ᠱᠣᠭᠤᠮ ᠲᠠᠭᠠᠣ ᠶᠢᠨ ᠬᠤᠭ ᠨᠣᠪᠰᠢ ᠶᠢ ᠠᠷᠢᠯᠭᠠᠬᠤ ᠵᠢᠴᠢ ᠪᠣᠵᠠᠷ ᠣᠰᠣ ᠶᠢ ᠭᠠᠳᠠᠭᠰᠢᠯᠠᠭᠤᠯᠬᠤ ᠬᠠᠮᠢᠶᠠᠷᠣᠯᠳᠠ ᠡᠵᠡᠮᠳᠡᠯ ᠤᠨ ᠡᠷᠴᠢᠮ ᠢ ᠶᠡᠬᠡᠳᠬᠡᠵᠦ᠂ ᠲᠡᠵᠢᠬᠡᠨ ᠦᠷᠡᠵᠢᠬᠦᠯᠬᠦ ᠶᠢ ᠴᠠᠭᠠᠵᠠᠯᠠᠭᠰᠠᠨ ᠣᠷᠣᠨ ᠳᠠᠬᠢ ᠮᠠᠯ ᠵᠢᠬᠦᠷᠳᠡᠨ ᠲᠡᠵᠢᠬᠡᠨ ᠦᠷᠡᠵᠢᠬᠦᠯᠬᠦ ᠡᠷᠦᠬᠡ ᠶᠢ ᠴᠡᠪᠡᠷᠯᠡᠨ ᠠᠷᠢᠯᠭᠠᠵᠦ᠂ ᠭᠤᠣᠯ ᠤᠨ ᠠᠷᠠᠯ ᠤᠨ ᠲᠦᠭᠵᠢᠬᠡ ᠶᠢ ᠴᠡᠪᠡᠷᠯᠡᠬᠦ ᠠᠵᠢᠯ ᠢ ᠢᠳᠡᠪᠬᠢᠳᠡᠢ ᠬᠢᠬᠦ ᠬᠡᠷᠡᠭᠳᠡᠢ ᠬᠡᠪᠡ᠃ ᠡᠯ᠎ᠡ ᠲᠠᠯᠠᠪᠠᠢ ᠪᠠᠯᠭᠠᠰᠣ ᠬᠤᠭᠤᠴᠠᠭ᠎ᠠ ᠪᠣᠯᠵᠦᠵᠦ ᠭᠤᠣᠯ ᠤᠨ ᠡᠷᠬᠢ ᠶᠢᠨ ᠠᠮᠢ ᠠᠬᠤᠢ ᠶᠢᠨ ᠣᠷᠴᠢᠨ ᠲᠣᠭᠤᠷᠢᠨ᠂ ᠠᠷᠢᠭᠤᠨ ᠴᠡᠪᠡᠷ ᠤᠨ ᠪᠠᠶᠢᠳᠠᠯ ᠢ ᠴᠠᠭᠳᠠᠨ ᠪᠠᠶᠢᠴᠠᠭᠠᠵᠦ᠂ ᠠᠰᠠᠭᠤᠳᠠᠯ ᠢ ᠴᠠᠭ ᠲᠣᠬᠠᠢ ᠳᠤᠨᠢ ᠢᠯᠡᠷᠡᠬᠦᠯᠵᠦ᠂ ᠢᠳᠡᠪᠬᠢᠳᠡᠢ ᠴᠡᠭᠴᠡᠯᠡᠨ ᠵᠠᠰᠠᠵᠦ᠂ ᠲᠣᠭᠳᠠᠭᠰᠠᠨ ᠬᠤᠭᠤᠴᠭᠠᠠᠨ ᠳᠠᠭᠠᠨ ᠮᠡᠳᠡᠬᠦᠯᠦᠯᠳᠡ ᠬᠢᠵᠦ᠂ ᠬᠦᠴᠦᠨ ᠢᠶᠠᠨ ᠨᠡᠶᠢᠳᠬᠡᠵᠦ᠂ ᠬᠠᠮᠳᠣ ᠪᠠᠷ ᠣᠰᠣᠨ ᠰᠣᠷᠪᠣᠯᠵᠢ ᠶᠢ ᠬᠠᠮᠠᠭᠠᠯᠠᠨ᠂ ᠣᠰᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠎ᠠ ᠬᠡᠰᠡᠨ ᠪᠠᠶᠢᠨ᠎ᠠ᠃
 
ᠢᠷᠡᠯᠲᠡ᠄ ᠣᠯᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号