ᠬᠠᠮᠢᠶᠠᠷᠣᠯᠳᠠ ᠶᠢᠨ ᠣᠷᠣᠨ ᠤ 2018 ᠣᠨ ᠤ ᠬᠤᠶᠠᠳᠣᠭᠠᠷ ᠣᠯᠠᠷᠢᠯ ᠤᠨ 75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠶᠢᠴᠣᠳ ᠤᠨ ᠦᠨᠳᠦᠷ ᠨᠠᠰᠣᠨ ᠤ ᠨᠦᠬᠦᠪᠦᠷᠢ ᠶᠢ ᠪᠠᠭᠤᠯᠭᠠᠪᠠ
ᠨᠡᠶᠢᠲᠡᠯᠡᠭᠰᠡᠨ ᠴᠠᠭ᠄
2018-06-15
        75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠨ ᠤ ᠦᠨᠳᠦᠷ ᠨᠠᠰᠣᠨ ᠤ ᠨᠦᠬᠦᠪᠦᠷᠢ ᠶᠢ ᠪᠠᠭᠤᠯᠭᠠᠬᠤ ᠠᠵᠢᠯ ᠢ ᠦᠨᠡᠬᠦ ᠰᠠᠶᠢᠳᠣᠷ ᠪᠡᠶᠡᠯᠡᠬᠦᠯᠵᠦ᠂ ᠬᠠᠮᠢᠶᠠᠷᠣᠯᠳᠠ ᠶᠢᠨ ᠣᠷᠣᠨ ᠤ ᠨᠠᠰᠣᠳᠠᠨ ᠤ ᠦᠨᠳᠦᠰᠦᠨ ᠠᠮᠢᠳᠣᠷᠠᠯ ᠢ ᠣᠯᠠᠮ ᠨᠢᠬᠡ ᠠᠯᠬᠤᠮ ᠰᠠᠶᠢᠵᠢᠷᠠᠭᠤᠯᠵᠦ᠂ ᠠᠮᠢᠳᠣᠷᠠᠯ ᠤᠨ ᠴᠢᠨᠠᠷ ᠴᠢᠨᠰᠠᠭ᠎ᠠ ᠶᠢ ᠲᠠᠰᠣᠷᠠᠯᠳᠠ ᠦᠬᠡᠢ ᠲᠡᠭᠡᠭᠰᠢᠯᠡᠬᠦ ᠶᠢᠨ ᠲᠦᠯᠦᠬᠡ 75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠶᠢᠴᠣᠳ ᠤᠨ ᠦᠨᠳᠦᠷ ᠨᠠᠰᠣᠨ ᠤ ᠨᠦᠬᠦᠪᠦᠷᠢ ᠪᠠᠭᠤᠯᠭᠠᠬᠤ ᠠᠵᠢᠯ ᠢ ᠦᠨᠡᠨᠬᠦ ᠰᠠᠶᠢᠳᠣᠷ ᠬᠢᠵᠦ ᠪᠣᠢ᠃  2018 ᠣᠨ ᠳᠤ ᠭᠤᠷᠪᠠᠨ ᠲᠠᠯᠠᠪᠠᠢ ᠪᠠᠯᠭᠠᠰᠣ᠂ ᠣᠰᠣᠨ ᠴᠦᠬᠦᠷᠦᠮ ᠤᠨ ᠠᠵᠢᠯ ᠤᠨ ᠵᠦᠪᠯᠡᠯ ᠤᠨ ᠪᠦᠷᠢᠳᠬᠡᠵᠦ ᠮᠡᠳᠡᠬᠦᠯᠦᠭᠰᠡᠨ ᠢ ᠨᠠᠰᠣᠳᠠᠶᠢᠴᠣᠳ  ᠤᠨ ᠠᠯᠪᠠᠨ ᠭᠡᠷ ᠠᠴᠠ ᠬᠢᠨᠠᠨ ᠲᠣᠭᠳᠠᠭᠠᠭᠰᠠᠨ ᠤ ᠲᠠᠷᠠᠭ᠎ᠠ ᠬᠠᠮᠢᠶᠠᠷᠣᠯᠳᠠ ᠶᠢᠨ ᠣᠷᠣᠨ ᠤ ᠣᠳᠣ ᠪᠠᠶᠢᠭ᠎ᠠ 75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠨ 431 ᠬᠦᠮᠦᠨ᠂ ᠡᠬᠦᠨ ᠤ ᠲᠣᠳᠣᠷ᠎ᠠ 90-99 ᠨᠠᠰᠣᠨ ᠤ 14 ᠬᠦᠮᠦᠨ ᠪᠠᠶᠢᠨ᠎ᠠ᠃ 2018 ᠣᠨ ᠤ ᠦᠨᠳᠦᠷ ᠨᠠᠰᠣᠨ ᠤ ᠨᠦᠬᠦᠪᠦᠷᠢ ᠪᠠᠭᠤᠯᠭᠠᠬᠤ ᠪᠠᠷᠢᠮᠵᠢᠶ᠎ᠠ ᠨᠢ᠄ 75-89 ᠪᠦᠬᠦᠯᠢ ᠨᠠᠰᠣᠨ ᠤ ᠬᠦᠮᠦᠨ ᠳᠤ ᠰᠠᠷ᠎ᠠ ᠪᠦᠷᠢ 100 ᠲᠦᠬᠦᠷᠢᠭ ᠣᠯᠭᠤᠵᠦ᠂ 90-99 ᠪᠦᠬᠦᠯᠢ ᠨᠠᠰᠣᠨ ᠤ ᠬᠦᠮᠦᠨ ᠳᠤ ᠰᠠᠷ᠎ᠠ ᠪᠦᠷᠢ 300 ᠲᠦᠬᠦᠷᠢᠭ ᠣᠯᠭᠤᠵᠦ᠂ 100 ᠨᠠᠰᠣᠨ ᠠᠴᠠ ᠲᠡᠭᠡᠭᠰᠢ ᠶᠢᠨ ᠨᠠᠰᠣᠳᠠᠨ ᠳᠤ ᠰᠠᠷ᠎ᠠ ᠪᠦᠷᠢ 600 ᠲᠦᠬᠦᠷᠢᠭ ᠣᠯᠣᠭᠤᠨ᠎ᠠ᠃         ᠣᠳᠣᠬᠠᠨ ᠪᠣᠯᠳᠠᠯ᠎ᠠ ᠬᠠᠮᠢᠶᠠᠷᠣᠯᠳᠠ ᠶᠢᠨ ᠣᠷᠣᠨ ᠤ ᠨᠠᠰᠣᠳᠠᠶᠢᠴᠣᠳ ᠤᠨ ᠠᠯᠪᠠᠨ ᠭᠡᠷ ᠠᠴᠠ 2018 ᠣᠨ ᠤ ᠬᠤᠶᠠᠳᠣᠭᠠᠷ ᠣᠯᠠᠷᠢᠯ ᠤᠨ 75 ᠪᠦᠬᠦᠯᠢ ᠨᠠᠰᠣᠨ ᠠᠴᠠ ᠲᠡᠭᠡᠭᠰᠢ ᠶᠢᠨ ᠨᠠᠰᠣᠳᠠᠶᠢᠴᠣᠳ ᠤᠨ ᠨᠦᠬᠦᠪᠦᠷᠢ 13.77 ᠲᠦᠮᠡᠨ ᠲᠦᠬᠦᠷᠢᠭ ᠢ ᠪᠦᠬᠦᠨ ᠢ ︽ᠲᠦᠬᠦᠮ ᠺᠠᠷᠲ︾ ᠲᠤ ᠣᠷᠣᠭᠤᠯᠬᠤ ᠬᠡᠯᠪᠡᠷᠢ ᠪᠠᠷ ᠨᠠᠰᠣᠳᠠᠶᠢᠴᠣᠳ ᠤᠨ ᠭᠠᠷ ᠲᠤ ᠬᠦᠷᠭᠡᠭᠰᠡᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号