ᠣᠯᠠᠭᠠᠢ ᠬᠠᠮᠢᠶᠠᠷᠣᠯᠳᠠ ᠶᠢᠨ ᠣᠷᠣᠨ ᠠᠴᠠ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠠᠮᠣᠷ ᠲᠦᠪᠰᠢᠨ ᠤ ᠶᠡᠭᠡ ᠪᠠᠶᠢᠴᠠᠭᠠᠯᠳᠠ ᠬᠢᠪᠠ
ᠨᠡᠶᠢᠲᠡᠯᠡᠭᠰᠡᠨ ᠴᠠᠭ᠄
2018-06-25
     ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠣᠯᠠᠮ ᠨᠢᠬᠡ ᠠᠯᠬᠤᠮ ᠲᠦᠷᠢᠮᠵᠢᠬᠦᠯᠵᠦ᠂ ᠣᠬᠢ ᠰᠠᠶᠢᠨ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠦᠯᠦᠬᠡ᠂ 6 ᠰᠠᠷ᠎ᠠ ᠎ ᠶᠢᠨ 11᠎ ᠤ ᠡᠳᠣᠷ ᠠᠴᠠ 12᠎ ᠤ ᠡᠳᠣᠷ ᠪᠣᠯᠳᠠᠯ᠎ᠠ᠂ ᠣᠯᠠᠭᠠᠢ ᠬᠠᠮᠢᠶᠠᠷᠣᠯᠳᠠ ᠶᠢᠨ ᠣᠷᠣᠨ ᠤ ᠰᠣᠶᠣᠯ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠣᠪᠴᠢᠶ᠎ᠠ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠠᠮᠣᠷ ᠲᠦᠪᠰᠢᠨ ᠤ ᠶᠡᠭᠡ ᠪᠠᠶᠢᠴᠠᠭᠠᠯᠳᠠ ᠦᠷᠨᠢᠬᠦᠯᠪᠡ᠃ ᠪᠠᠶᠢᠴᠠᠭᠠᠯᠳᠠ ᠶᠢᠨ ᠪᠠᠭ ᠠᠴᠠ ᠦᠵᠡᠮᠵᠢ ᠶᠢᠨ ᠣᠷᠣᠨ᠂ ᠮᠠᠯᠴᠢᠨ ᠠᠶᠢᠯ ᠵᠡᠷᠬᠡ ᠵᠢᠭᠤᠯᠴᠢᠯᠠᠯ ᠳᠤ ᠬᠤᠯᠪᠣᠭᠳᠠᠭᠰᠠᠨ 23 ᠠᠵᠦ ᠠᠬᠤᠶᠢᠯᠠᠯ ᠢ ᠪᠠᠶᠢᠴᠠᠭᠠᠪᠠ᠃ ᠪᠠᠶᠢᠴᠠᠭᠠᠯᠳᠠ ᠳᠤ ᠲᠣᠬᠠᠢ ᠶᠢᠨ ᠲᠠᠯᠠᠪᠠᠢ ᠳᠤ ᠣᠴᠢᠵᠦ ᠪᠠᠶᠢᠴᠠᠭᠠᠨ ᠦᠵᠡᠬᠦ᠂ ᠲᠠᠩᠰᠠ ᠡᠪᠬᠡᠮᠡᠯ ᠢ ᠣᠷᠪᠠᠭᠤᠯᠬᠤ ᠵᠢᠴᠢ ᠰᠠᠭᠤᠳᠠᠯ ᠢᠶᠠᠷ ᠶᠠᠷᠢᠯᠴᠠᠬᠤ ᠵᠡᠷᠬᠡ ᠬᠡᠯᠪᠡᠷᠢ ᠢᠶᠠᠷ ᠬᠠᠮᠢᠶᠠᠷᠣᠯᠳᠠ ᠶᠢᠨ ᠣᠷᠣᠨ ᠤ ᠵᠢᠭᠤᠯᠴᠢᠯᠠᠯ ᠤᠨ ᠲᠦᠯᠦᠪᠯᠡᠭᠡ ᠪᠣᠯᠣᠨ ᠵᠢᠭᠤᠯᠴᠢᠯᠠᠯ ᠤᠨ ᠰᠠᠭᠤᠷᠢ ᠪᠠᠶᠢᠭᠤᠯᠣᠮᠵᠢ ᠶᠢᠨ ᠪᠠᠶᠢᠳᠠᠯ ᠢ ᠣᠶᠢᠯᠠᠭᠠᠨ ᠡᠵᠡᠮᠳᠡᠪᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠳᠠᠬᠢ ᠭᠠᠯ ᠣᠨᠳᠠᠷᠠᠭᠠᠬᠤ ᠪᠠᠭᠠᠵᠢ ᠪᠠᠶᠢᠭᠤᠯᠣᠮᠵᠢ᠂ ᠲᠡᠮᠳᠡᠭ ᠫᠠᠶᠢᠰᠠ᠂ ᠦᠵᠡᠮᠵᠢ ᠶᠢᠨ ᠣᠷᠣᠨ ᠤ ᠬᠠᠷᠢᠭᠤᠴᠠᠭᠴᠢ ᠵᠢᠴᠢ ᠠᠮᠣᠷ ᠲᠦᠪᠰᠢᠨ ᠤ ᠬᠠᠮᠢᠶᠠᠷᠣᠭᠴᠢ ᠶᠢᠨ ᠠᠮᠣᠷ ᠲᠦᠪᠰᠢᠨ ᠤ ᠬᠠᠷᠢᠭᠤᠴᠠᠯᠭ᠎ᠠ ᠶᠢ ᠬᠡᠷᠡᠭᠵᠢᠬᠦᠯᠵᠦ ᠪᠠᠶᠢᠬᠤ᠂ ᠠᠮᠣᠷ ᠲᠦᠪᠰᠢᠨ ᠤ ᠬᠠᠮᠢᠶᠠᠷᠣᠯᠳᠠ ᠶᠢᠨ ᠪᠠᠶᠢᠭᠤᠯᠭ᠎ᠠ ᠪᠦᠷᠢᠨ ᠪᠦᠳᠦᠨ᠂ ᠰᠡᠷᠡᠮᠵᠢ ᠶᠢᠨ ᠲᠡᠮᠳᠡᠭ᠂ ᠠᠶᠣᠯᠬᠦᠢ ᠬᠠᠮᠠᠭᠠᠯᠠᠯᠳᠠ ᠶᠢᠨ ᠠᠷᠭ᠎ᠠ ᠪᠠᠷᠢᠯ᠂ ᠣᠷᠴᠢᠨ ᠲᠣᠭᠤᠷᠢᠨ ᠠᠷᠢᠭᠤᠨ ᠴᠡᠪᠡᠷ ᠵᠡᠷᠬᠡ ᠲᠠᠯ᠎ᠠ ᠪᠠᠷ ᠨᠠᠷᠢᠨ ᠪᠠᠶᠢᠴᠠᠭᠠᠯᠳᠠ ᠬᠢᠭᠰᠡᠨ ᠪᠠᠶᠢᠨ᠎ᠠ᠃ ᠪᠠᠶᠢᠴᠠᠭᠠᠯᠳᠠ ᠳᠤ ᠢᠯᠡᠷᠡᠭᠰᠡᠨ ᠠᠰᠠᠭᠤᠳᠠᠯ ᠳᠤ ᠪᠠᠶᠢᠴᠠᠭᠠᠯᠳᠠ ᠶᠢᠨ ᠪᠠᠭ ᠠᠴᠠ ᠲᠠᠷᠣᠢ ᠳᠤᠨᠢ ᠰᠢᠢᠳᠪᠦᠷᠢᠯᠡᠬᠦ ᠰᠠᠨᠠᠯ ᠭᠠᠷᠭᠠᠬᠤ ᠶᠢᠨ ᠬᠠᠮᠳᠣ ᠬᠤᠭᠤᠴᠭ᠎ᠠ ᠵᠢᠭᠠᠵᠦ ᠴᠡᠭᠴᠡᠯᠡᠬᠦᠯᠪᠡ᠃ ᠬᠤᠭᠤᠴᠠᠭᠠᠨ ᠲᠣᠳᠣᠷ᠎ᠠ ᠴᠡᠭᠴᠡᠯᠡᠯᠳᠡ ᠬᠦᠢᠴᠡᠳ ᠦᠬᠡᠢ᠂ ᠱᠠᠭᠠᠷᠳᠠᠯᠠᠭ᠎ᠠ ᠪᠠᠷ ᠵᠠᠰᠠᠭᠰᠠᠨ ᠦᠬᠡᠢ ᠡᠳᠡᠭᠡᠳ ᠤᠨ ᠠᠵᠢᠯ ᠢ ᠵᠣᠭᠰᠣᠭᠠᠵᠦ ᠴᠡᠭᠴᠡᠯᠡᠬᠦᠯᠦᠨ᠎ᠡ ᠬᠡᠰᠡᠨ ᠪᠠᠶᠢᠨ᠎ᠠ᠃     ᠪᠠᠶᠢᠴᠠᠭᠠᠯᠳᠠ ᠪᠠᠷ ᠲᠠᠮᠵᠢᠵᠦ ᠵᠢᠭᠤᠯᠴᠢᠯᠠᠯ ᠳᠤ ᠬᠤᠯᠪᠣᠭᠳᠠᠭᠰᠠᠨ ᠠᠵᠦ ᠠᠬᠤᠶᠢᠯᠠᠯ ᠤᠨ ᠡᠵᠡᠩᠨᠡᠭᠴᠢ ᠶᠢᠨ ᠵᠢᠭᠤᠯᠴᠢᠯᠠᠯ ᠤᠨ ᠠᠮᠣᠷ ᠲᠦᠪᠰᠢᠨ ᠤ ᠦᠵᠡᠯ ᠣᠬᠠᠮᠰᠠᠷ ᠢ ᠣᠯᠠᠮ ᠨᠢᠬᠡ ᠠᠯᠬᠤᠮ ᠴᠢᠩᠭᠠᠳᠬᠠᠵᠦ᠂ ᠵᠢᠭᠤᠯᠴᠢᠯᠠᠯ ᠎ ᠤᠨ ᠠᠮᠣᠷ ᠲᠦᠪᠰᠢᠨ ᠤ ᠬᠠᠷᠢᠭᠤᠴᠠᠯᠭ᠎ᠠ ᠶᠢ ᠲᠣᠳᠣᠳᠬᠠᠪᠠ᠃ ᠲᠠᠷᠠᠭᠠᠴᠢ ᠶᠢᠨ ᠠᠯᠬᠤᠮ ᠳᠤ ᠬᠠᠮᠢᠶᠠᠷᠣᠯᠳᠠ ᠶᠢᠨ ᠣᠷᠣᠨ ᠠᠴᠠ ᠵᠢᠭᠤᠯᠴᠢᠯᠠᠯ ᠳᠤ ᠬᠤᠯᠪᠣᠭᠳᠠᠭᠰᠠᠨ ᠠᠵᠦ ᠠᠬᠤᠶᠢᠯᠠᠯ ᠢ ᠪᠠᠶᠢᠴᠠᠭᠠᠬᠤ ᠡᠷᠴᠢᠮ ᠢᠶᠠᠨ ᠦᠷᠬᠦᠯᠵᠢᠯᠡᠨ ᠴᠢᠩᠭᠠᠳᠬᠠᠵᠦ᠂ ᠠᠮᠣᠷ ᠲᠦᠪᠰᠢᠨ ᠤ ᠬᠡᠮ ᠰᠣᠭᠤᠭ ᠢ ᠠᠷᠢᠯᠭᠠᠨ᠂ ᠵᠢᠭᠤᠯᠴᠢᠯᠠᠭᠴᠢᠳ ᠲᠤ ᠠᠮᠣᠷ ᠲᠦᠪᠰᠢᠨ ᠡᠮᠬᠢ ᠵᠢᠷᠣᠮ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠬᠠᠩᠭᠠᠨ᠎ᠠ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号