ᠰᠢᠯᠢ ᠶᠢᠨ ᠭᠤᠣᠯ ᠠᠶᠢᠮᠠᠭ ᠤᠨ ᠴᠢᠨᠠᠷ ᠬᠢᠨᠠᠯᠳᠠ ᠶᠢᠨ ᠲᠣᠪᠴᠢᠶ᠎ᠠ ᠶᠢᠨ ᠣᠨᠴᠠᠭᠠᠢ ᠲᠣᠨᠤᠭ ᠲᠦᠬᠦᠬᠡᠷᠦᠮᠵᠢ᠂ ᠬᠡᠮᠵᠢᠯᠳᠡ ᠶᠢᠨ ᠠᠵᠢᠯ ᠤᠨ ᠪᠠᠭ ᠠᠴᠠ ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠦᠢᠯᠡᠳᠪᠦᠷᠢ ᠬᠤᠳᠠᠯᠳᠤᠭ᠎ᠠ ᠴᠢᠨᠠᠷ ᠬᠢᠨᠠᠯᠳᠠ ᠶᠢᠨ ᠲᠣᠪᠴᠢᠶ᠎ᠠ ᠶᠢᠨ ᠣᠨᠴᠠᠭᠠᠢ ᠲᠣᠨᠤᠭ ᠲᠦᠬᠦᠬᠡᠷᠦᠮᠵᠢ ᠬᠡᠮᠵᠢᠯᠳᠡ ᠶᠢᠨ ᠠᠵᠢᠯ ᠳᠤ ᠱᠠᠭᠠᠷᠳᠠᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2018-06-25
    6 ᠰᠠᠷ᠎ᠠ ᠶᠢᠨ 14᠎ ᠤ ᠡᠳᠣᠷ᠂ ᠰᠢᠯᠢ ᠶᠢᠨ ᠭᠤᠣᠯ ᠠᠶᠢᠮᠠᠭ ᠤᠨ ᠴᠢᠨᠠᠷ ᠬᠢᠨᠠᠯᠳᠠ ᠶᠢᠨ ᠲᠣᠪᠴᠢᠶᠠᠨ ᠤ ᠲᠡᠳ᠋ ᠲᠣᠪᠴᠢᠶᠠᠨ ᠲᠠᠷᠤᠭ᠎ᠠ ᠬᠠᠨ ᠵᠠᠨ ᠫᠢᠩ ᠭᠤᠷᠪᠠᠨ ᠠᠵᠢᠯᠳᠠᠨ ᠯᠤᠭ᠎ᠠ ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠦᠢᠯᠡᠳᠪᠦᠷᠢ ᠬᠤᠳᠠᠯᠳᠤᠭ᠎ᠠ ᠴᠢᠨᠠᠷ ᠬᠢᠨᠠᠯᠳᠠ ᠶᠢᠨ ᠲᠣᠪᠴᠢᠶ᠎ᠠ ᠶᠢᠨ ᠣᠨᠴᠠᠭᠠᠢ ᠲᠣᠨᠤᠭ ᠲᠦᠬᠦᠬᠡᠷᠦᠮᠵᠢ᠂ ᠬᠡᠮᠵᠢᠯᠳᠡ ᠶᠢᠨ ᠠᠵᠢᠯ ᠳᠤ ᠱᠠᠭᠠᠷᠳᠠᠨ ᠪᠠᠶᠢᠴᠠᠭᠠᠯᠳᠠ ᠬᠢᠪᠡ᠃ ᠲᠣᠰ ᠣᠳᠠᠭᠠᠨ ᠤ ᠱᠠᠭᠠᠷᠳᠠᠨ ᠪᠠᠶᠢᠴᠠᠭᠠᠬᠤ ᠠᠵᠢᠯ ᠤᠨ ᠵᠣᠷᠢᠯᠳᠠ ᠨᠢ ᠵᠢᠯ ᠤᠨ ᠡᠬᠢᠨ ᠤ ᠪᠦᠬᠦ ᠠᠶᠢᠮᠠᠭ ᠤᠨ ᠣᠨᠴᠠᠭᠠᠢ ᠲᠣᠨᠤᠭ ᠲᠦᠬᠦᠬᠡᠷᠦᠮᠵᠢ ᠎ ᠶᠢᠨ ᠠᠮᠣᠷ ᠲᠦᠪᠰᠢᠨ᠂ ᠬᠡᠮᠵᠢᠯᠳᠡ ᠶᠢᠨ ᠠᠵᠢᠯ ᠤᠨ ᠲᠦᠯᠦᠪᠯᠡᠭᠡ ᠵᠢᠴᠢ ᠪᠦᠬᠦ ᠣᠯᠣᠰ ᠤᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠣᠯᠳᠠ ᠶᠢᠨ ᠠᠵᠢᠯ ᠤᠨ ᠲᠧᠯᠸᠢᠰ ᠬᠠᠷᠢᠯᠴᠠᠭᠤᠷ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠡᠭᠵᠢᠬᠦᠯᠬᠦ ᠶᠢᠨ ᠲᠦᠯᠦᠬᠡ ᠪᠣᠯᠣᠭᠰᠠᠨ ᠪᠠᠶᠢᠨ᠎ᠠ᠃     ᠱᠠᠭᠠᠷᠳᠠᠨ ᠪᠠᠶᠢᠴᠠᠭᠠᠬᠤ ᠪᠠᠭ ᠠᠴᠠ ᠶᠠᠭᠤᠨ ᠤ ᠣᠷᠢᠳᠠ ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠦᠢᠯᠡᠳᠪᠦᠷᠢ ᠬᠤᠳᠠᠯᠳᠤᠭ᠎ᠠ ᠴᠢᠨᠠᠷ ᠬᠢᠨᠠᠯᠳᠠ ᠶᠢᠨ ᠲᠣᠪᠴᠢᠶ᠎ᠠ ᠶᠢᠨ ᠲᠡᠭᠡᠳᠣ ᠬᠠᠭᠠᠰ ᠵᠢᠯ ᠤᠨ ᠣᠨᠴᠠᠭᠠᠢ ᠲᠣᠨᠤᠭ ᠲᠦᠬᠦᠬᠡᠷᠦᠮᠵᠢ ᠶᠢᠨ ᠠᠮᠣᠷ ᠲᠦᠪᠰᠢᠨ᠂ ᠬᠡᠮᠵᠢᠯᠳᠡ ᠶᠢᠨ ᠬᠠᠮᠢᠶᠠᠷᠣᠯᠳᠠ ᠶᠢᠨ ᠠᠵᠢᠯ ᠤᠨ ᠮᠡᠳᠡᠬᠦᠯᠦᠯᠳᠡ ᠎ ᠶᠢ ᠰᠣᠨᠣᠰᠴᠣ᠂ ᠮᠠᠨ ᠤ ᠲᠣᠪᠴᠢᠶᠠᠨ ᠤ ᠬᠡᠷᠡᠭᠵᠢᠬᠦᠯᠵᠦ ᠪᠣᠢ ︽ᠣᠨᠴᠠᠭᠠᠢ ᠲᠣᠨᠤᠭ ᠲᠦᠬᠦᠬᠡᠷᠦᠮᠵᠢ ᠶᠢᠨ ᠭᠤᠷᠪᠠᠨ ᠲᠡᠪᠳᠡᠷ ᠲᠠᠩᠰᠠ︾᠎ ᠶᠢᠨ ᠬᠠᠮᠢᠶᠠᠷᠣᠯᠳᠠ ᠶᠢᠨ ᠠᠷᠭ᠎ᠠ᠂ ᠵᠢᠷᠬᠢᠶ᠎ᠡ᠂ QQ ᠵᠡᠷᠬᠡ ᠰᠦᠯᠵᠢᠶᠡᠨ ᠤ ᠲᠠᠪᠴᠠᠩ ᠢᠶᠠᠷ ᠠᠮᠣᠷ ᠲᠦᠪᠰᠢᠨ ᠤ ᠬᠠᠣᠯᠢ ᠲᠣᠭᠳᠠᠭᠠᠯ ᠢ ᠣᠬᠠᠭᠤᠯᠬᠤ᠂ ᠲᠦᠷᠦᠯ ᠬᠤᠪᠢᠶᠠᠭᠰᠠᠨ ᠪᠠᠶᠢᠭᠤᠯᠭ᠎ᠠ ᠶᠢᠨ ᠠᠮᠣᠷ ᠲᠦᠪᠰᠢᠨ ᠤ ᠰᠣᠷᠭᠠᠨ ᠬᠦᠮᠦᠵᠢᠯ ᠤᠨ ᠪᠣᠯᠪᠠᠰᠣᠷᠠᠯ ᠵᠡᠷᠬᠡ ᠠᠵᠢᠯ ᠳᠤ ᠦᠨᠡᠯᠡᠯᠳᠡ ᠬᠢᠵᠦ ᠰᠠᠶᠢᠰᠢᠶᠠᠬᠤ ᠶᠢᠨ ᠬᠠᠮᠳᠣ ᠪᠦᠬᠦ ᠣᠯᠣᠰ ᠤᠨ ᠵᠠᠬ᠎ᠠ ᠲᠡᠯᠬᠡᠬᠦᠷ ᠤᠨ ᠬᠢᠨᠠᠯᠳᠠ ᠲᠠᠯᠪᠢᠬᠤ ᠰᠠᠯᠠᠭ᠎ᠠ ᠮᠦᠴᠢᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠡᠭᠵᠢᠬᠦᠯᠵᠦ᠂ ᠠᠮᠣᠷ ᠲᠦᠪᠰᠢᠨ ᠢ ᠬᠢᠨᠠᠭᠴᠢ ᠬᠠᠮᠢᠶᠠᠷᠣᠭᠴᠢ ᠣᠯᠠᠭᠠᠨ ᠱᠣᠭᠤᠮ ᠤᠨ ᠦᠵᠡᠯ ᠣᠬᠠᠮᠰᠠᠷ ᠢ ᠴᠢᠩᠭᠠᠳᠬᠠᠵᠦ᠂ ᠠᠵᠦ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠬᠡᠷᠡᠭᠵᠢᠬᠦᠯᠬᠦ ᠬᠡᠷᠡᠭᠳᠡᠢ ᠬᠡᠵᠦ ᠴᠢᠬᠤᠯᠴᠢᠯᠠᠪᠠ᠃ ᠲᠠᠷᠠᠭᠠᠴᠢ ᠎ ᠶᠢᠨ ᠠᠯᠬᠤᠮ ᠳᠤ ᠣᠨᠴᠠᠭᠠᠢ ᠲᠣᠨᠤᠭ ᠲᠦᠬᠦᠬᠡᠷᠦᠮᠵᠢ ᠬᠡᠷᠭᠯᠡᠭᠴᠢ ᠪᠠᠶᠢᠭᠤᠯᠭ᠎ᠠ ᠳᠤ ᠨᠢᠬᠡ ᠣᠳᠠᠭᠠᠨ ᠤ ᠪᠦᠬᠦ ᠲᠠᠯ᠎ᠠ ᠎ ᠶᠢᠨ ᠪᠠᠶᠢᠴᠠᠭᠠᠯᠳᠠ ᠬᠢᠵᠦ᠂ ᠠᠮᠣᠷ ᠲᠦᠪᠰᠢᠨ ᠤ ᠨᠢᠭᠤᠭᠳᠠᠮᠠᠯ ᠠᠶᠣᠯ ᠢ ᠠᠷᠢᠯᠭᠠᠨ ᠪᠠᠶᠢᠴᠠᠭᠠᠬᠤ ᠡᠷᠴᠢᠮ ᠢ ᠦᠨᠡᠨᠬᠦ ᠶᠡᠬᠡᠳᠬᠡᠵᠦ᠂ ᠨᠢᠭᠤᠭᠳᠠᠮᠠᠯ ᠠᠶᠣᠯ ᠢ ᠰᠡᠷᠡᠵᠦ ᠮᠡᠳᠡᠭᠰᠡᠨ ᠲᠠᠷᠣᠢ ᠳ᠋ᠣᠨᠠᠢ ᠴᠡᠭᠴᠡᠯᠡᠨ ᠵᠠᠰᠠᠵᠦ᠂ ᠦᠴᠦᠬᠡᠨ ᠴᠦ ᠲᠡᠰᠪᠦᠷᠢᠯᠡᠵᠦ ᠪᠣᠯᠬᠤ ᠦᠬᠡᠢ ᠬᠡᠮᠡᠨ ᠱᠠᠭᠠᠷᠳᠠᠪᠠ᠃     ᠲᠠᠷᠠᠭᠠᠪᠠᠷ ᠱᠠᠭᠠᠷᠳᠠᠨ ᠪᠠᠶᠢᠴᠠᠭᠠᠬᠤ ᠪᠠᠭ ᠠᠴᠠ ᠣᠯᠠᠭᠠᠢ ᠬᠠᠮᠢᠶᠠᠷᠣᠯᠳᠠ ᠶᠢᠨ ᠣᠷᠣᠨ ᠤ ᠪᠦᠯᠢᠶᠡᠨ ᠵᠢᠭᠤᠯᠴᠢᠨ ᠤ ᠭᠠᠵᠠᠷ ᠤᠨ ᠬᠢᠵᠠᠭᠠᠷᠳᠣ ᠺᠣᠮᠫᠠᠨᠢ ᠳᠤ ᠬᠦᠷᠴᠦ ᠠᠬᠤᠢ ᠲᠠᠯᠠᠪᠠᠢ ᠶᠢᠨ ᠪᠠᠶᠢᠴᠠᠭᠠᠯᠳᠠ ᠬᠢᠵᠦ᠂ ᠠᠮᠣᠷ ᠲᠦᠪᠰᠢᠨ ᠤ ᠬᠠᠮᠢᠶᠠᠷᠣᠯᠳᠠ ᠶᠢᠨ ᠲᠦᠷᠢᠮ ᠶᠢᠨ ᠪᠠᠶᠢᠭᠤᠯᠣᠯᠳᠠ ᠬᠡᠷᠡᠭᠵᠢᠬᠦᠯᠦᠯᠳᠡ᠂ ᠣᠨᠴᠠᠭᠠᠢ ᠲᠦᠷᠦᠯ ᠤᠨ ᠲᠣᠨᠤᠭ ᠲᠦᠬᠦᠬᠡᠷᠦᠮᠵᠢ ᠶᠢᠨ ᠠᠮᠣᠷ ᠲᠦᠪᠰᠢᠨ ᠤ ᠮᠡᠷᠬᠡᠵᠢᠯ ᠤᠨ ᠲᠠᠩᠰᠠ ᠡᠪᠬᠡᠮᠡᠯ ᠢ ᠪᠠᠶᠢᠭᠤᠯᠣᠭᠰᠠᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠣᠷᠢᠳᠴᠢᠯᠠᠭᠰᠠᠨ ᠲᠦᠰᠦᠯ ᠵᠢᠴᠢ ᠰᠣᠷᠢᠯᠳᠠ᠂ ᠠᠵᠢᠯᠯᠠᠭᠴᠢ ᠶᠢᠨ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠬᠤ ᠪᠠ ᠪᠣᠯᠪᠠᠰᠣᠷᠠᠯ ᠰᠣᠷᠭᠠᠨ ᠬᠦᠮᠦᠵᠢᠯ ᠵᠡᠷᠬᠡ ᠮᠠᠲ᠋ᠧᠷᠢᠶᠠᠯ ᠢ ᠦᠵᠡᠵᠦ᠂ ᠬᠡᠷᠡᠭᠯᠡᠭᠴᠢ ᠪᠠᠶᠢᠭᠤᠯᠭ᠎ᠠ ᠶᠢᠨ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠬᠡᠷᠡᠭᠵᠢᠬᠦᠯᠵᠦ ᠪᠣᠢ ᠪᠠᠶᠢᠳᠠᠯ ᠢ ᠰᠣᠨᠣᠰᠪᠠ᠃ ᠬᠡᠷᠡᠭᠯᠡᠭᠴᠢ ᠪᠠᠶᠢᠭᠤᠯᠭ᠎ᠠ ᠶᠢᠨ ᠡᠳᠣᠷ ᠲᠣᠳᠣᠮ ᠤᠨ ᠬᠡᠷᠡᠭᠯᠡᠭᠰᠠᠨ ᠪᠠᠶᠢᠳᠠᠯ ᠤᠨ ᠲᠡᠮᠳᠡᠭᠯᠡᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠳᠠ ᠶᠢᠨ ᠲᠡᠮᠳᠡᠭᠯᠡᠯ᠂ ᠠᠵᠢᠯᠯᠠᠭᠴᠢ ᠶᠢᠨ ᠲᠦᠷᠢᠮᠵᠢᠬᠦᠨ ᠠᠵᠢᠯᠯᠠᠬᠤ ᠪᠠᠶᠢᠳᠠᠯ ᠳᠤ ᠲᠦᠷᠢᠮᠵᠢᠯ ᠬᠢᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号