ᠣᠯᠠᠭᠠᠢ ᠬᠠᠮᠢᠶᠠᠷᠣᠯᠳᠠ ᠶᠢᠨ ᠣᠷᠣᠨ ᠠᠴᠠ 2018 ᠣᠨ ᠦᠨᠳᠣᠰᠣᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠱᠦᠵᠢ ᠨᠠᠮ ᠤᠨ ᠪᠦᠳᠦᠬᠡᠨ ᠪᠠᠶᠢᠭᠤᠯᠣᠯᠳᠠ ᠶᠢᠨ ᠠᠵᠢᠯ ᠢ ᠠᠳᠬᠤᠬᠤ ᠲᠣᠰᠢᠶᠠᠯ ᠤᠨ ᠲᠣᠭᠠᠴᠢᠯᠳᠠ ᠶᠢ ᠦᠨᠡᠯᠡᠨ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/1/14
      2019 ᠣᠨ ᠤ 1 ᠰᠠᠷ᠎ᠠ ᠶᠢᠨ 4 ᠤ ᠡᠳᠣᠷ ᠣᠯᠠᠭᠠᠢ ᠬᠠᠮᠢᠶᠠᠷᠣᠯᠳᠠ ᠶᠢᠨ ᠣᠷᠣᠨ ᠠᠴᠠ 2018 ᠣᠨ ᠦᠨᠳᠣᠰᠣᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠱᠦᠵᠢ ᠨᠠᠮ ᠤᠨ ᠪᠦᠳᠦᠬᠡᠨ ᠪᠠᠶᠢᠭᠤᠯᠣᠯᠳᠠ ᠶᠢᠨ ᠠᠵᠢᠯ ᠢ ᠠᠳᠬᠤᠬᠤ ᠲᠣᠰᠢᠶᠠᠯ ᠤᠨ ᠲᠣᠭᠠᠴᠢᠯᠳᠠ ᠶᠢ ᠦᠨᠡᠯᠡᠨ ᠶᠠᠷᠢᠯᠴᠠᠬᠤ ᠬᠤᠷᠠᠯ ᠬᠤᠷᠠᠯᠳᠣᠪᠠ᠂ ᠬᠠᠮᠢᠶᠠᠷᠣᠯᠳᠠ  ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠰᠦᠨ ᠵᠧᠨ ᠵᠢᠶᠠᠩ ᠬᠤᠷᠠᠯ ᠡᠷᠬᠢᠯᠡᠨ ᠶᠡᠷᠢᠶ᠎ᠠ ᠲᠠᠯᠪᠢᠪᠠ᠂ ᠠᠶᠢᠮᠠᠭ ᠤᠨ ᠨᠠᠮ ᠤᠨ ᠲᠦᠯᠦᠬᠡᠯᠡᠭᠴᠢ ᠶᠢᠨ ᠬᠤᠯᠪᠣᠭᠠᠨ ᠤ ᠠᠯᠪᠠᠨ ᠭᠡᠷ ᠤᠨ ᠡᠷᠬᠢᠯᠡᠭᠴᠢ ᠶᠠᠩ ᠶᠢᠨ ᠵᠦ ᠬᠤᠷᠠᠯ ᠳᠤ ᠰᠠᠭᠠᠳᠠᠪᠠ᠃       ᠬᠤᠷᠠᠯ ᠲᠡᠭᠡᠷ᠎ᠡ ᠡᠯ᠎ᠡ ᠲᠠᠯᠠᠪᠠᠢ ᠪᠠᠯᠭᠠᠰᠣ ᠶᠢᠨ ᠨᠠᠮ ᠤᠨ ᠬᠤᠷᠢᠶ᠎ᠠ᠂ ᠲᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ᠂ ᠰᠢᠭᠤᠳ ᠬᠠᠷᠢᠶ᠎ᠠ ᠪᠠᠶᠢᠭᠤᠯᠣᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠣᠯᠣᠰ ᠲᠦᠷᠦ ᠬᠠᠣᠯᠢ ᠴᠠᠭᠠᠵᠠ ᠶᠢᠨ ᠬᠤᠷᠢᠶ᠎ᠠ ᠶᠢᠨ ᠶᠡᠷᠦᠩᠬᠡᠢ ᠡᠬᠦᠷ ᠵᠡᠷᠬᠡ 10 ᠨᠠᠮ ᠤᠨ ᠵᠣᠬᠢᠶᠠᠨ ᠪᠠᠶᠢᠭᠤᠯᠣᠯᠳᠠ ᠶᠢᠨ ᠨᠠᠮ ᠤᠨ ᠪᠦᠳᠦᠬᠡᠨ ᠪᠠᠶᠢᠭᠤᠯᠣᠯᠳᠠ ᠶᠢᠨ ᠲᠣᠰᠢᠶᠠᠯ ᠤᠨ ᠲᠣᠭᠠᠴᠢᠯᠳᠠ ᠶᠢ ᠰᠣᠨᠣᠰᠴᠣ᠂ ᠰᠦᠨ ᠵᠧᠨ ᠵᠢᠶᠠᠩ ᠨᠦᠬᠦᠷ ᠨᠢᠬᠡ ᠨᠢᠬᠡ ᠪᠠᠷ ᠦᠨᠡᠯᠡᠯᠳᠡ ᠦᠭᠪᠡ᠃ ᠪᠣᠰᠣᠳ ᠨᠠᠮ ᠤᠨ ᠠᠵᠢᠯ ᠤᠨ ᠬᠤᠷᠢᠶᠠᠨ ᠤ ᠣᠳᠣᠷᠢᠳᠣᠯᠭ᠎ᠠ ᠨᠠᠷ ᠠᠵᠢᠯ ᠤᠨ ᠬᠤᠪᠢᠶᠠᠷᠢᠯᠠᠯ ᠵᠢᠴᠢ ᠡᠩ ᠤᠨ ᠦᠶ᠎ᠡ ᠤᠨ ᠰᠣᠳᠣᠯᠣᠯ ᠢᠶᠠᠷ ᠣᠶᠢᠯᠠᠭᠠᠭᠰᠠᠨ ᠪᠠᠶᠢᠳᠠᠯ ᠯᠤᠭ᠎ᠠ ᠣᠶᠠᠯᠳᠣᠭᠤᠯᠵᠦ ᠴᠢᠭᠯᠡᠯᠳᠣ ᠴᠢᠨᠠᠷ ᠲᠠᠢ ᠦᠨᠡᠯᠡᠯᠳᠡ ᠬᠢᠪᠡ᠃ ᠶᠠᠩ ᠶᠢᠨ ᠵᠦ ᠨᠦᠬᠦᠷ ᠬᠠᠮᠢᠶᠠᠷᠣᠯᠳᠠ ᠶᠢᠨ ᠣᠷᠣᠨ ᠤ ᠦᠨᠳᠣᠰᠣᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠠᠵᠢᠯ ᠤᠨ ᠬᠢᠷᠢ ᠪᠦᠳᠦᠮᠵᠢ ᠶᠢ ᠦᠨᠡᠯᠡᠨ᠂ ᠣᠯᠣᠰ ᠲᠦᠷᠦ ᠶᠢᠨ ᠵᠣᠭᠰᠣᠴᠠ᠂ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠦᠨᠡᠨᠬᠦ ᠰᠠᠶᠢᠳᠣᠷ ᠠᠳᠬᠤᠬᠤ᠂ ᠠᠰᠠᠭᠤᠳᠠᠯ ᠢ ᠵᠠᠰᠠᠨ ᠰᠠᠶᠢᠵᠢᠷᠠᠭᠤᠯᠬᠤ ᠵᠡᠷᠬᠡ ᠭᠤᠷᠪᠠᠨ ᠲᠠᠯ᠎ᠠ ᠪᠠᠷ ᠵᠢᠯᠣᠭᠤᠳᠣᠮᠵᠢ ᠶᠢᠨ ᠴᠢᠨᠠᠷᠳᠠᠢ ᠰᠠᠨᠠᠯ ᠲᠣᠷᠠᠳᠪᠠ᠃      ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠨ ᠬᠦᠮᠦᠰ ᠰᠢᠯᠭᠠᠨ ᠦᠨᠡᠯᠡᠬᠦ ᠬᠠᠭᠤᠳᠠᠰᠣ ᠶᠢ ᠲᠠᠭᠯᠠᠵᠦ᠂ ᠡᠯ᠎ᠡ ᠦᠨᠳᠣᠰᠣᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠱᠦᠵᠢ ᠨᠠᠮ ᠤᠨ ᠪᠦᠳᠦᠬᠡᠨ ᠪᠠᠶᠢᠭᠤᠯᠣᠯᠳᠠ ᠶᠢ ᠠᠳᠬᠤᠬᠤ ᠠᠵᠢᠯ ᠳᠤ ᠠᠬᠤᠢ ᠲᠠᠯᠠᠪᠠᠢ ᠶᠢᠨ ᠦᠨᠡᠯᠡᠯᠳᠡ ᠦᠭᠪᠡ᠃ ᠬᠠᠮᠢᠶᠠᠷᠣᠯᠳᠠ ᠶᠢᠨ ᠣᠷᠣᠨ ᠤ ᠣᠳᠣᠷᠢᠳᠣᠯᠭ᠎ᠠ ᠺᠠᠳ᠋ᠷ᠂ ᠣᠯᠠᠭᠠᠢ ᠳᠤ ᠰᠠᠭᠤᠭ᠎ᠠ ᠪᠠᠶᠢᠭᠤᠯᠣᠯᠭ᠎ᠠ᠂ ᠨᠠᠶᠢᠳᠠ ᠶᠢᠨ ᠦᠮᠴᠢᠯᠠᠯ ᠤᠨ ᠪᠣᠰᠣ ᠠᠵᠦ ᠠᠬᠤᠢ ᠶᠢᠨ ᠵᠣᠬᠢᠶᠠᠨ ᠪᠠᠶᠢᠭᠤᠯᠣᠯᠳᠠ ᠶᠢᠨ ᠬᠠᠷᠢᠭᠤᠴᠠᠯᠭᠠᠳᠠᠨ᠂ ᠬᠡᠰᠡᠭ ᠪᠦᠯᠦᠭ ᠦᠨᠳᠦᠰᠣᠨ ᠱᠠᠳᠣᠨ ᠤ ᠨᠠᠮ ᠤᠨ ᠲᠦᠯᠦᠬᠡᠯᠡᠭᠴᠢ᠂ ᠭᠠᠴᠠᠭ᠎ᠠ ᠲᠣᠰᠬᠤᠨ ᠪᠣᠯᠣᠨ ᠨᠡᠶᠢᠬᠡᠮ ᠲᠣᠭᠤᠷᠢᠭ ᠤᠨ ︽ᠬᠤᠶᠠᠷ ᠵᠦᠪᠯᠡᠯ︾ ᠤᠨ ᠺᠠᠳ᠋ᠷ᠂ ᠣᠯᠠᠨ ᠲᠦᠮᠡᠨ ᠤ ᠲᠦᠯᠦᠬᠡᠯᠡᠭᠴᠢ ᠵᠡᠷᠬᠡ 90 ᠭᠠᠷᠣᠢ ᠬᠦᠮᠦᠨ ᠬᠤᠷᠠᠯ ᠣᠷᠣᠯᠴᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号