ᠤᠯᠠᠭᠠᠢ ᠬᠠᠮᠢᠶᠠᠷᠣᠯᠳᠠ ᠶᠢᠨ ᠣᠷᠣᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ  ᠲᠣᠭᠤᠶᠢᠯᠠᠩ ᠤᠨ ᠠᠯᠪᠠᠨ ᠭᠡᠷ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2019/10/11
  10 ᠰᠠᠷ᠎ᠠ ᠶᠢᠨ 8 ᠤ ᠡᠳᠦᠷ᠂ ᠤᠯᠠᠭᠠᠶ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠳ᠋ᠦᠩᠨᠡᠨ ᠡᠷᠭᠢᠴᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠷᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠤᠨ ᠲᠣᠳᠣᠷᠬᠠᠶᠢᠯᠠᠵᠤ᠂ ᠭᠤᠤᠯ ᠰᠡᠳᠦᠪᠲᠦ ᠬᠥᠮᠦᠵᠢᠯ ᠤᠨ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠪᠠ᠃ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠰᠢᠤᠸᠠᠢ ᠯᠢᠨ ᠬᠤᠷᠠᠯ ᠳᠤ ᠣᠷᠣᠯᠴᠠᠵᠠᠶ᠃    ᠬᠤᠷᠠᠯ ᠠᠴᠠ ︽ᠭᠤᠤᠯ ᠰᠡᠳᠦᠪᠲᠦ ᠬᠥᠮᠦᠵᠢᠯ ᠳᠤᠮᠳᠠ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠬᠦ ᠲᠤᠬᠠᠶ ᠮᠡᠳᠡᠭᠳᠡᠯ﹀ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾᠂ ︽ᠪᠦᠬᠦ ᠠᠶᠢᠮᠠᠭ ᠤᠨ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠭᠤᠤᠯ ᠰᠡᠳᠦᠪᠲᠦ ᠬᠥᠮᠦᠵᠢᠯ ᠢ ᠬᠤᠯᠪᠣᠭᠠᠯᠠᠨ ᠴᠡᠭᠴᠡᠯᠡᠨ ᠰᠠᠶᠢᠵᠢᠷᠠᠭᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠣᠯᠤᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠶᠡᠷᠦᠩᠬᠡᠶᠢᠯᠡᠭᠰᠡᠨ ᠲᠣᠭᠤᠶᠢᠯᠠᠩ ᠂ ᠬᠤᠯᠪᠣᠭ᠎ᠠ ᠠᠪᠴᠤ ᠴᠡᠭᠴᠡᠯᠡᠨ ᠰᠠᠶᠢᠵᠢᠷᠠᠭᠤᠯᠬᠤ ᠲᠣᠭᠤᠶᠢᠯᠠᠩ ᠂ ᠬᠤᠯᠪᠣᠭ᠎ᠠ ᠠᠪᠴᠤ ᠴᠡᠭᠴᠡᠯᠡᠨ ᠰᠠᠶᠢᠵᠢᠷᠠᠭᠤᠯᠬᠤ ᠬᠤᠶᠠᠳᠤᠭᠠᠷ ᠲᠣᠭᠤᠶᠢᠯᠠᠩ ᠂ ᠵᠠᠬᠢᠳᠠᠯ ᠰᠤᠷᠪᠤᠯᠵᠢᠯᠠᠭ᠎ᠠ ᠶᠢᠨ ᠲᠣᠭᠤᠶᠢᠯᠠᠩ ᠂ ᠤᠬᠠᠭᠤᠯᠬᠤ ᠲᠣᠭᠤᠶᠢᠯᠠᠩ ᠂ ᠠᠷᠤ ᠲᠠᠯ᠎ᠠ ᠶᠢᠨ ᠪᠠᠲᠤᠯᠠᠭ᠎ᠠ ᠶᠢᠨ ᠲᠣᠭᠤᠶᠢᠯᠠᠩ ᠵᠢᠴᠢ ᠵᠢᠯᠣᠭᠤᠳᠬᠤ ᠲᠣᠭᠤᠶᠢᠯᠠᠩ ᠤᠨ ᠱᠠᠲᠤᠴᠢ ᠴᠢᠨᠠᠷᠲᠠᠶ ᠠᠵᠢᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠴᠠᠶ᠃    ᠴᠠᠩ ᠰᠢᠤᠸᠠᠢ ᠯᠢᠨ ᠡᠯ᠎ᠡ ᠠᠵᠢᠯ ᠤᠨ ᠲᠣᠭᠤᠶᠢᠯᠠᠩ ᠪᠣᠯᠤᠨ ᠵᠢᠯᠣᠭᠤᠳᠬᠤ ᠲᠣᠭᠤᠶᠢᠯᠠᠩ ᠤᠨ ᠠᠵᠢᠯ ᠢ ᠨᠤᠲᠠᠯᠠᠵᠤ᠂ ᠭᠤᠤᠯ ᠰᠡᠳᠦᠪᠲᠦ ᠬᠥᠮᠦᠵᠢᠯ ᠨᠢ ︽ᠳᠥᠷᠪᠡᠨ ᠣᠨᠴᠠᠯᠢᠭ︾ ᠢ ᠳᠣᠪᠤᠶᠢᠯᠭᠠᠨ᠎ᠠ ᠭᠡᠵᠦ ᠵᠢᠭᠠᠵᠤ ᠭᠠᠷᠭᠠᠪᠠ᠃ ᠨᠢᠭᠡ ᠳᠤ ᠵᠣᠬᠢᠶᠠᠨ ᠪᠠᠶᠢᠭᠤᠯᠤᠯᠲᠠ ᠶᠢᠨ ᠡᠬᠢᠯᠡᠯᠲᠡ ᠨᠡᠯᠢᠶᠡᠳ ᠲᠦᠷᠭᠡᠨ᠂ ᠠᠬᠢᠴᠠ ᠨᠢ ᠤᠷᠤᠭᠰᠢᠲᠠᠶ᠂ ᠡᠬᠢᠯᠡᠯᠲᠡ ᠨᠢ ᠰᠠᠶᠢᠨ ᠪᠠᠶᠢᠨ᠎ᠠ᠃ ᠬᠤᠶᠠᠷ ᠲᠤ ᠲᠣᠭᠲᠠᠭᠠᠭᠰᠠᠨ ᠠᠵᠢᠯᠯᠠᠭ᠎ᠠ ᠨᠢ ᠨᠡᠯᠢᠶᠡᠳ ᠯᠠᠪᠳᠠᠭᠤᠨ ᠪᠠᠲᠤᠲᠠᠶ ᠪᠠᠶᠢᠵᠤ᠂ ᠤᠳᠤᠷᠢᠳᠤᠯᠭ᠎ᠠ ᠲᠦᠷᠦᠭᠦᠯᠡᠨ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠵᠦ᠂ ᠴᠡᠭᠴᠡᠯᠡᠨ ᠥᠭᠡᠷᠡᠴᠢᠯᠡᠵᠦ ᠨᠡᠶᠢᠳᠡᠪᠣᠷᠢᠵᠢᠭᠤᠯᠬᠤ᠂ ᠡᠯ᠎ᠡ ᠭᠠᠵᠠᠷ ᠣᠷᠣᠨ ᠡᠯ᠎ᠡ ᠨᠢᠭᠡᠴᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠭᠤᠷᠪᠠ ᠳᠤ᠂ ᠠᠴᠢᠶᠠᠯᠠᠪᠤᠷᠢ ᠠᠷᠭ᠎ᠠ ᠬᠡᠮᠵᠢᠶ᠎ᠡ ᠨᠡᠯᠢᠶᠡᠳ ᠪᠠᠶᠠᠯᠢᠭ ᠪᠠᠶᠢᠵᠤ᠂ ᠨᠣᠮ ᠤᠩᠰᠢᠬᠤ ᠠᠩᠭᠢ᠂ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ᠂ ᠨᠠᠮ ᠤᠨ ᠡᠭᠦᠷ ᠤᠨ ᠱᠦᠵᠢ ᠪᠦᠬᠦ ᠭᠡᠰᠢᠭᠦᠨ᠂ ︽ᠪᠦᠬᠦ ᠡᠪ ᠬᠠᠮᠲᠤ ᠨᠠᠮ ᠤᠨ ᠭᠡᠰᠢᠭᠦᠨ ᠳᠤ ᠵᠠᠬᠢᠳᠠᠯ ᠢᠯᠡᠭᠡᠬᠦ︾᠂ ᠮᠡᠳᠡᠯᠭᠡ ᠶᠢᠨ ᠤᠷᠤᠯᠳᠤᠭᠠᠨ᠂ ᠨᠠᠶᠢᠷᠠᠯ ᠳᠠᠭᠤᠤ᠂ ︽ᠤᠭ ᠰᠠᠨᠠᠭ᠎ᠠ ᠪᠣᠯᠤᠨ ᠲᠠᠩᠭᠠᠷᠢᠭ — ᠨᠠᠮ ᠤᠨ ᠭᠡᠰᠢᠭᠦᠨ ᠤ ᠰᠡᠳᠬᠢᠯ ᠤᠨ ᠳᠠᠭᠤᠨ︾᠂ ᠴᠡᠭᠴᠡᠯᠡᠨ ᠰᠠᠶᠢᠵᠢᠷᠠᠭᠤᠯᠬᠤ ᠪᠦᠬᠦ ᠪᠣᠳᠠᠲᠤ ᠲᠡᠮᠳᠡᠭᠯᠡᠯ ᠵᠡᠷᠭᠡ ᠣᠯᠠᠨ ᠬᠡᠯᠪᠡᠷᠢ ᠶᠢᠨ ᠰᠢᠷᠢᠰ ᠠᠵᠢᠯᠯᠠᠭ᠎ᠠ ᠶᠢ ᠥᠷᠨᠢᠭᠦᠯᠪᠡ᠃ ᠳᠥᠷᠪᠡ ᠳᠤ ᠠᠵᠢᠯ ᠤᠨ ᠠᠭᠤᠷ ᠠᠮᠢᠰᠬᠤᠯ ᠨᠡᠯᠢᠶᠡᠳ ᠭᠦᠨ ᠵᠤᠵᠠᠭᠠᠨ ᠪᠠᠶᠢᠵᠤ᠂ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠤᠬᠠᠭᠤᠯᠤᠨ ᠮᠡᠳᠡᠭᠡᠯᠡᠵᠦ᠂ ᠬᠤᠪᠢᠰᠬᠠᠯ ᠤᠨ ᠡᠬᠢ ᠪᠠᠶᠠᠯᠢᠭ ᠢ ᠬᠦᠢᠴᠡᠳ ᠠᠰᠢᠭᠯᠠᠨ᠂ ᠡᠯ᠎ᠡ ᠰᠠᠯᠠᠭ᠎ᠠ ᠮᠥᠴᠢᠷ ᠤᠳ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠰᠤᠷᠤᠯᠴᠠᠨ ᠤᠬᠠᠭᠤᠯᠵᠤ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠶ᠃    ᠴᠠᠩ ᠰᠢᠤᠸᠠᠢ ᠯᠢᠨ ᠵᠢᠭᠠᠵᠤ ᠭᠠᠷᠭᠠᠭᠰᠠᠨ ᠨᠢ᠄ ᠠᠮᠵᠢᠯᠲᠠ ᠪᠠᠨ ᠨᠤᠲᠠᠯᠠᠬᠤ ᠶᠢᠨ ᠬᠠᠮᠲᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠃ ᠵᠢᠱᠢᠶᠡᠯᠡᠪᠡᠯ᠄ ᠦᠵᠡᠯ ᠰᠠᠨᠠᠭᠠᠨ ᠤ ᠵᠣᠬᠢᠶᠠᠨ ᠪᠠᠶᠢᠭᠤᠯᠣᠯᠳᠠ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ᠂ ᠠᠵᠢᠯ ᠶᠢᠨ ᠭᠤᠤᠯᠳᠠᠯᠭ᠎ᠠ ᠶᠢ ᠪᠠᠰᠠ ᠤᠯᠠᠮ ᠨᠢᠭᠡ ᠠᠯᠬᠤᠮ ᠨᠠᠶᠢᠳᠠᠪᠣᠷᠢᠵᠢᠭᠤᠯᠬᠤ ᠴᠢᠬᠤᠯᠠᠲᠠᠶ᠂ ᠠᠴᠢᠶᠠᠯᠠᠪᠤᠷᠢ ᠠᠷᠭ᠎ᠠ ᠬᠡᠮᠵᠢᠶ᠎ᠡ ᠶᠢ ᠪᠠᠰᠠ ᠤᠯᠠᠮ ᠨᠢᠭᠡ ᠠᠯᠬᠤᠮ ᠪᠠᠶᠠᠯᠢᠭᠵᠢᠭᠤᠯᠬᠤ ᠴᠢᠬᠤᠯᠠᠲᠠᠶ᠂ ᠳ᠋ᠦᠩᠨᠡᠨ ᠤᠬᠠᠭᠤᠯᠬᠤ ᠠᠵᠢᠯ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ᠂ ᠠᠵᠢᠯ ᠤᠨ ᠨᠡᠶᠢᠯᠡᠮᠡᠯ ᠬᠦᠴᠦᠨ ᠢ ᠪᠠᠰᠠ ᠤᠯᠠᠮ ᠨᠢᠭᠡ ᠠᠯᠬᠤᠮ ᠨᠢᠭᠲᠠᠷᠠᠭᠤᠯᠬᠤ ᠴᠢᠬᠤᠯᠠᠲᠠᠶ ᠪᠠᠢᠨ᠎ᠠ    ᠴᠠᠩ ᠰᠢᠤᠸᠠᠢ ᠯᠢᠨ ᠴᠢᠬᠤᠯᠠᠴᠢᠯᠠᠭᠰᠠᠨ ᠨᠢ᠄ ︽ᠭᠤᠷᠪᠠᠨ ᠪᠣᠳᠠᠲᠠᠶ︾ ᠶᠢ ᠦᠨᠡᠨ ᠬᠦ ᠪᠡᠶᠡᠯᠡᠭᠦᠯᠬᠦ ᠬᠡᠷᠡᠭᠲᠡᠶ᠂ ᠲᠤᠬᠠᠶᠢᠯᠠᠪᠠᠯ᠄ ᠪᠣᠳᠠᠲᠤ ᠪᠠᠶᠢᠳᠠᠯ ᠢ ᠡᠷᠬᠢᠮᠯᠡᠬᠦ᠂ ᠠᠵᠢᠯ ᠤᠨ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ᠃ ︽ᠵᠢᠷᠭᠤᠭᠠᠨ ᠬᠦᠴᠦᠯᠡᠬᠦ︾ ᠶᠢ ᠰᠠᠶᠢᠲᠤᠷ ᠨᠠᠶᠢᠳᠠᠪᠤᠷᠢᠵᠢᠭᠤᠯᠤᠨ᠎ᠠ᠄ ᠨᠢᠭᠡ ᠳᠤ᠂ ᠤᠯᠤᠰ ᠲᠥᠷᠥ ᠶᠢᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠢᠴᠢ ᠨᠠᠮ ᠤᠨ ᠠᠵᠢᠯᠯᠠᠬᠤ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠶᠠᠷᠢᠶᠠᠨ ᠤ ᠵᠣᠷᠢᠭ ᠰᠠᠨᠠᠭ᠎ᠠ ᠪᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠷᠤᠯᠴᠠᠬᠤ ᠬᠡᠷᠡᠭᠲᠡᠶ᠃ ᠭᠤᠣᠯᠳᠠᠯᠭ᠎ᠠ ᠲᠠᠢ ᠠᠵᠢᠯ ᠢ ᠬᠦᠴᠦᠯᠡᠨ ᠠᠳᠬᠤᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠡᠪᠲᠡᠷᠡᠭᠦᠯᠵᠦ᠂ ᠵᠢᠯᠣᠭᠤᠳᠤᠨ ᠰᠢᠪᠠᠳᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠷᠭ᠎ᠠ ᠪᠠᠷᠢᠯ ᠠᠷᠭ᠎ᠠ ᠬᠡᠮᠵᠢᠶ᠎ᠡ ᠶᠢᠨ ᠲᠠᠯ᠎ᠠ ᠪᠠᠷ ᠬᠦᠴᠦᠯᠡᠨ ᠰᠢᠨ᠎ᠡ ᠶᠢ ᠡᠭᠦᠳᠴᠦ᠂ ᠡᠯ᠎ᠡ ᠳᠤᠭᠤᠶᠢᠯᠠᠩ ᠵᠢᠯᠣᠭᠤᠳᠬᠤ ᠰᠠᠯᠠᠭ᠎ᠠ ᠮᠥᠴᠢᠷ᠂ ᠨᠢᠭᠡᠴᠢ ᠶᠢᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠠᠵᠢᠯ ᠤᠨ ᠰᠡᠳᠬᠢᠴᠡ ᠪᠠᠨ ᠣᠯᠠᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠶ᠃ ᠳᠥᠷᠪᠡ ᠳᠤ᠂ ᠳ᠋ᠦᠩᠨᠡᠨ ᠤᠬᠠᠭᠤᠯᠬᠤ ᠠᠵᠢᠯ ᠢ ᠬᠦᠴᠦᠯᠡᠨ ᠴᠢᠩᠭᠠᠳᠬᠠᠵᠤ᠂ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠣᠨᠴᠠᠯᠢᠭ ᠲᠠᠢ ᠭᠢᠯᠠᠰ ᠴᠡᠭ ᠢ ᠴᠠᠭ ᠲᠤᠬᠠᠶ ᠳᠤᠨᠢ ᠳ᠋ᠦᠩᠨᠡᠨ ᠪᠣᠯᠪᠠᠰᠤᠷᠠᠭᠤᠯᠬᠤ ᠬᠡᠷᠡᠭᠲᠡᠶ᠃ ᠲᠠᠪᠤ ᠳᠤ᠂ ᠠᠵᠢᠯ  ᠤᠨ ᠬᠠᠮᠲᠤᠷᠠᠯ ᠬᠦᠴᠦᠨ ᠢᠶᠠᠨ ᠬᠦᠴᠦᠯᠡᠨ ᠴᠢᠩᠭᠠᠳᠬᠠᠵᠤ᠂ ᠲᠥᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠣᠨ ᠰᠤᠷᠤᠯᠴᠠᠵᠤ᠂ ᠡᠯ᠎ᠡ ᠭᠠᠵᠠᠷ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠷ ᠲᠣᠯᠢ ᠪᠣᠯᠭᠠᠬᠤ ᠬᠡᠷᠡᠭᠲᠡᠶ᠃ ᠵᠢᠷᠭᠤᠭ᠎ᠠ ᠳᠤ ᠲᠣᠰ ᠪᠡᠶ᠎ᠡ ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠡᠯ᠎ᠡ ᠳᠤᠭᠤᠶᠢᠯᠠᠩ ᠤᠨ ᠪᠦᠷᠢᠯᠳᠦᠬᠦᠨ ᠨᠡᠷ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠬᠤ ᠬᠡᠷᠡᠭᠲᠡᠶ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠤᠷᠤᠯᠴᠠᠵᠤ᠂ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠭᠤᠤᠯᠳᠠᠯᠭ᠎ᠠ ᠳᠤ ᠪᠣᠳᠠᠲᠠᠶ ᠲᠣᠬᠢᠷᠠᠭᠤᠯᠤᠯᠲᠠ ᠬᠢᠬᠦ ᠱᠠᠭᠠᠷᠳᠠᠯᠭ᠎ᠠ ᠳᠤᠷᠠᠳᠪᠠ᠃    ᠨᠠᠮ ᠤᠨ ᠠᠵᠢᠯᠯᠠᠬᠤ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ ᠤᠨ ᠠᠵᠢᠯᠯᠠᠬᠤ ᠲᠣᠭᠤᠶᠢᠯᠠᠩ ᠵᠢᠴᠢ ᠵᠢᠯᠣᠭᠤᠳᠬᠤ ᠲᠣᠭᠤᠶᠢᠯᠠᠩ ᠤᠨ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ  ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号