ᠬᠠᠮᠢᠶᠠᠷᠣᠯᠳᠠ ᠶᠢᠨ ᠵᠥᠪᠯᠡᠯ ᠤᠨ ᠨᠠᠮ ᠤᠨ ᠤᠳᠤᠷᠢᠳᠬᠤ ᠲᠣᠭᠤᠶᠢᠯᠠᠩ ᠤᠨ ᠳᠡᠳ᠋ ᠱᠦᠵᠢ ᠸᠧᠨ ᠪᠦᠦ ᠯᠦᠩ ᠤᠯᠠᠭᠠᠶ ᠮᠠᠯᠵᠢᠯ ᠤᠨ ᠲᠠᠯᠠᠪᠠᠢ ᠳᠤ ᠬᠦᠷᠴᠦ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠰᠡᠳᠦᠪᠲᠦ ᠪᠠᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019/10/15
   ᠣᠳᠣᠬᠠᠨ ᠤ ᠥᠷᠨᠢᠭᠦᠯᠵᠦ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠣᠶᠢᠷ᠎ᠠ ᠶᠢᠨ ᠡᠳᠦᠷ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠲᠣᠭᠤᠶᠢᠯᠠᠩ ᠤᠨ ᠳᠡᠳ᠋ ᠱᠦᠵᠢ ᠸᠧᠠ ᠪᠦᠦ ᠯᠦᠩ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠢ ᠳᠠᠭᠠᠭᠤᠯᠤᠨ ᠤᠯᠠᠭᠠᠶ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠵᠦ᠂ ᠴᠠᠭᠠᠨ ᠢᠳᠡᠭᠡᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠴᠢᠨᠠᠷᠲᠠᠶ ᠥᠭᠴᠡᠭᠡᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠪᠠᠷ ᠭᠤᠤᠯᠳᠠᠯᠭ᠎ᠠ ᠪᠣᠯᠭᠠᠨ ᠲᠠᠷᠢᠶᠠᠯᠠᠩ ᠤᠨ ᠪᠦᠲᠦᠭᠡᠭᠳᠡᠬᠦᠨ ᠤ ᠬᠤᠪᠢᠶᠠᠷᠢ ᠲᠠᠯᠠᠪᠠᠢ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠡᠷᠦᠬᠡ᠂ ᠯᠦ ᠰᠢᠨ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠸᠡᠨ ᠪᠦᠦ ᠯᠦᠩ ᠮᠠᠯᠴᠢᠨ ᠲᠠᠷᠢᠶᠠᠴᠢᠨ ᠣᠯᠠᠨ ᠲᠦᠮᠡᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠮᠠᠯᠴᠢᠨ ᠲᠠᠷᠢᠶᠠᠴᠢᠳ ᠤᠨ  ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠪᠠ᠃    ᠰᠤᠷᠪᠤᠯᠵᠢᠯᠠᠭ᠎ᠠ ᠳᠠᠭᠤᠰᠤᠭᠰᠠᠨ ᠤ ᠳᠠᠷᠠᠭ᠎ᠠ ᠯᠦ ᠰᠢᠨ ᠺᠣᠮᠫᠠᠨᠢ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠤᠯᠠᠭᠠᠶ ᠮᠠᠯᠵᠢᠯ ᠤᠨ ᠲᠠᠯᠠᠪᠠᠢ᠂ ᠯᠦ ᠰᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃    ᠸᠡᠨ ᠪᠦᠦ ᠯᠦᠩ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠳ ᠦᠢᠯᠡᠴᠢᠯᠡᠬᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠬᠡᠬᠦ ᠳᠤ ᠂ ᠲᠤᠰᠬᠠᠶ ᠬᠥᠮᠦᠨ ᠬᠠᠷᠠᠵᠤ ᠬᠦᠢᠴᠡᠳᠬᠡᠬᠦ᠂ ᠳᠡᠰ ᠳᠠᠷᠠᠭᠠᠯᠠᠯ ᠢ ᠳᠥᠭᠦᠮᠴᠢᠯᠡᠬᠦ᠂ ᠬᠤᠭᠤᠴᠠᠭ᠎ᠠ ᠬᠢᠵᠠᠭᠠᠷᠯᠠᠨ ᠬᠦᠢᠴᠡᠳᠬᠡᠵᠦ ᠳᠠᠭᠤᠰᠬᠠᠬᠤ ᠬᠡᠷᠡᠭᠲᠡᠶ᠃ ᠤᠯᠠᠭᠠᠶ ᠮᠠᠯᠵᠢᠯ ᠤᠨ ᠲᠠᠯᠠᠪᠠᠢ ᠶᠢᠨ ᠬᠢᠨ ᠠᠵᠤ ᠠᠬᠤᠶᠢᠯᠠᠯ ᠢ ᠵᠣᠷᠢᠭᠵᠢᠭᠤᠯᠤᠨ ᠳᠠᠮᠵᠢᠵᠤ᠂ ᠬᠤᠷᠰᠢᠶ᠎ᠠ ᠠᠴᠠ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠬᠥᠭᠵᠢᠭᠦᠯᠵᠦ᠂ ᠡᠪᠦᠯᠵᠢᠬᠦ ᠦᠬᠡᠷ ᠲᠡᠵᠢᠭᠡᠨ ᠦᠷᠡᠵᠢᠭᠦᠯᠬᠦ᠂ ᠮᠠᠯᠴᠢᠨ ᠲᠠᠷᠢᠶᠠᠴᠢᠨ ᠤ ᠪᠣᠯᠪᠠᠰᠤᠷᠠᠯ ᠵᠡᠷᠭᠡ ᠲᠣᠪᠦ᠋ᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃  
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号