11 ᠰᠠᠷ᠎ᠠ ᠶᠢᠨ 15 ᠤ ᠡᠳᠦᠷ᠂ ᠤᠯᠠᠭᠠᠶ ᠬᠠᠮᠢᠶᠠᠷᠣᠯᠳᠠ ᠶᠢᠨ ᠣᠷᠣᠨ ᠢᠯᠵᠠᠷᠠᠯ ᠢ ᠡᠰᠡᠷᠭᠦᠴᠡᠬᠦ ᠠᠵᠢᠯ ᠤᠨ | ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠠᠵᠢᠯ ᠤᠨ | ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ᠂ ᠢᠯᠵᠠᠷᠠᠯ ᠢ ᠡᠰᠡᠷᠭᠦᠴᠡᠬᠦ ᠠᠵᠢᠯ ᠤᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠤᠨ ᠳᠠᠷᠤᠭ᠎ᠠ | ᠬᠦᠬᠡ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠠᠮᠢᠶᠠᠷᠤᠯᠲᠠ ᠶᠢᠨ ᠵᠦᠪᠯᠡᠯ ᠤᠨ ᠳᠡᠳ᠋ | ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠪᠠᠶ ᠴᠢᠩ ᠱᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠢᠯᠵᠠᠷᠠᠯ ᠢ ᠡᠰᠡᠷᠭᠦᠴᠡᠬᠦ ᠠᠵᠢᠯ ᠤᠨ ᠵᠣᠬᠢᠴᠠᠭᠤᠯᠤᠨ ᠤᠳᠤᠷᠢᠳᠬᠤ ᠳᠤᠭᠤᠢᠯᠠᠩ ᠤᠨ ᠡᠯ᠎ᠡ | ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠪᠡᠶ᠎ᠡ ᠶᠢᠨ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠲᠣᠰ ᠲᠣᠰ ᠤᠨ 2019 ᠣᠨ ᠠᠴᠠ ᠨᠠᠰᠢᠬᠢ ᠠᠰᠠᠭᠤᠳᠠᠯ ᠤᠨ | ᠰᠦᠪᠡᠭᠴᠢ ᠶᠢ ᠰᠢᠯᠵᠢᠭᠦᠯᠦᠨ ᠲᠤᠰᠢᠶᠠᠭᠰᠠᠨ ᠪᠠᠶᠢᠳᠠᠯ ᠵᠢᠴᠢ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠲᠣᠰ | ᠲᠣᠰ ᠰᠠᠨᠠᠯ ᠢᠶᠠᠨ ᠰᠣᠯᠢᠯᠴᠠᠪᠠ᠃ ᠬᠥᠬᠡ ᠨᠥᠬᠦᠷ ᠢᠯᠵᠠᠷᠠᠯ ᠢ ᠡᠰᠡᠷᠭᠦᠴᠡᠬᠦ ᠠᠵᠢᠯ ᠤᠨ ᠵᠣᠬᠢᠴᠠᠭᠤᠯᠬᠤ ᠠᠵᠢᠯ ᠢ | ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ | ᠬᠦᠬᠡ ᠵᠢᠭᠠᠵᠤ ᠭᠠᠷᠭᠠᠭᠰᠠᠨ ᠨᠢ᠂ 2019 ᠣᠨ ᠠᠴᠠ ᠨᠠᠰᠢ᠂ ᠢᠯᠵᠠᠷᠠᠯ ᠢ ᠡᠰᠡᠷᠭᠦᠴᠡᠬᠦ ᠠᠵᠢᠯ ᠤᠨ | ᠵᠣᠬᠢᠴᠠᠭᠤᠯᠤᠨ ᠤᠳᠤᠷᠢᠳᠬᠤ ᠳᠤᠭᠤᠢᠯᠠᠩ ᠤᠨ ᠡᠯ᠎ᠡ ᠪᠦᠷᠢᠯᠳᠦᠬᠦᠨ ᠨᠢᠭᠡᠴᠡ ᠦᠢᠯᠡᠴᠢᠯᠡᠬᠡᠨ ᠤ ᠲᠥᠪ᠂ ᠲᠣᠰ | ᠲᠣᠰ ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠨᠢᠭᠲᠠ ᠬᠠᠮᠵᠢᠯᠴᠠᠨ᠂ ᠨᠡᠶᠢᠯᠡᠯ ᠬᠦᠴᠦᠨ ᠪᠦᠬᠦᠢ ᠰᠠᠶᠢᠨ | ᠰᠠᠢᠬᠠᠨ ᠪᠠᠶᠢᠳᠠᠯ ᠢ ᠪᠣᠶ ᠪᠣᠯᠭᠠᠵᠤ᠂ ᠡᠯ᠎ᠡ ᠪᠦᠷᠢᠯᠳᠦᠬᠦᠨ ᠨᠢᠭᠡᠴᠡ ᠪᠠᠶᠢᠳᠠᠯ ᠢ ᠲᠣᠳᠣᠷᠬᠠᠶ ᠲᠠᠨᠢᠵᠤ᠂ ᠢᠯᠵᠠᠷᠠᠯ ᠢ | ᠡᠰᠡᠷᠭᠦᠴᠡᠬᠦ ᠠᠵᠢᠯ ᠤᠨ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠣᠯᠳᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠥᠬᠦᠷᠡᠰᠢ ᠥᠬᠡᠶ ᠠᠬᠢᠭᠤᠯᠬᠤ ᠬᠡᠷᠡᠭᠲᠡᠶ᠃ | | ᠬᠥᠬᠡ᠂ ᠪᠦᠯᠬᠦᠮᠳᠡᠨ ᠬᠠᠮᠵᠢᠯᠴᠠᠵᠤ᠂ ᠡᠭᠦᠷᠭᠡᠯᠡᠯ ᠢᠶᠠᠨ ᠴᠢᠩᠭᠠᠳᠬᠠᠨ᠂ ᠢᠯᠵᠠᠷᠠᠯ ᠢ ᠰᠡᠷᠭᠡᠶᠢᠯᠡᠬᠦ ᠠᠵᠢᠯ ᠤᠨ | ᠬᠦᠴᠦᠲᠡᠶ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠨᠢᠭᠲᠠ ᠬᠠᠮᠵᠢᠯᠴᠠᠨ᠂ ᠮᠡᠳᠡᠭᠡ ᠵᠠᠩᠭᠢ ᠨᠡᠪᠲᠡᠷᠡᠯᠴᠡᠬᠦ ︽ᠵᠠᠪᠰᠠᠷ ᠥᠬᠡᠶ ᠵᠣᠯᠭᠠᠯᠳᠤᠭᠤᠯᠬᠤ︾ ᠶᠢ ᠪᠡᠶᠡᠯᠡᠭᠦᠯᠵᠦ᠂ | ᠥᠪᠡᠷ ᠤᠨ ︽ᠬᠠᠷᠢᠭᠤᠴᠠᠯᠭ᠎ᠠ ᠶᠢᠨ ᠲᠠᠷᠢᠶ᠎ᠠ︾ ᠪᠠᠨ ᠰᠠᠶᠢᠲᠤᠷ ᠲᠠᠷᠢᠵᠤ᠂ ᠪᠠᠰᠠ ᠪᠤᠰᠤᠳ ᠪᠦᠷᠢᠯᠳᠦᠬᠦᠨ | ᠨᠢᠭᠡᠴᠡ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠢᠯᠵᠠᠷᠠᠯ ᠢ ᠡᠰᠡᠷᠭᠦᠴᠡᠬᠦ | ᠵᠣᠬᠢᠴᠠᠭᠤᠯᠬᠤ ᠲᠣᠭᠤᠶᠢᠯᠠᠩ ᠤᠨ ᠪᠣᠷᠣ ᠲᠥᠯᠥᠪ ᠤᠨ ᠳᠣᠤᠷ᠎ᠠ᠂ ᠲᠣᠰ ᠲᠣᠰ ᠤᠨ ᠬᠠᠷᠢᠭᠤᠴᠠᠯᠭ᠎ᠠ ᠪᠠᠨ | ᠬᠦᠢᠴᠡᠳᠬᠡᠬᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠬᠡᠬᠦ᠂ ᠬᠦᠴᠦ ᠪᠠᠨ ᠬᠠᠮᠲᠤᠳᠬᠠᠨ | ᠬᠠᠮᠵᠢᠯᠴᠠᠬᠤ᠂ ᠬᠠᠷᠢᠯᠴᠠᠨ ᠬᠠᠮᠵᠢᠯᠴᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ ᠭᠡᠵᠦ ᠱᠠᠭᠠᠷᠳᠠᠪᠠ᠃ | ᠪᠠᠶᠢᠩᠭᠤ ᠶᠢᠨ ᠴᠢᠨᠠᠷᠲᠠᠶ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠬᠠᠤᠯᠢ ᠴᠠᠭᠠᠵᠠ ᠠᠴᠠ ᠣᠯᠭᠤᠭᠰᠠᠨ | ᠢᠯᠵᠠᠷᠠᠯ ᠢ ᠡᠰᠡᠷᠭᠦᠴᠡᠬᠦ ᠡᠭᠦᠷᠭᠡ ᠴᠢᠳᠠᠪᠤᠷᠢ ᠪᠠᠨ ᠬᠦᠢᠴᠡᠳ ᠬᠦᠢᠴᠡᠳᠬᠡᠵᠦ᠂ ᠠᠵᠢᠯ ᠤᠨ ᠬᠠᠮᠵᠢᠯᠴᠠᠭ᠎ᠠ ᠪᠠᠨ | ᠴᠢᠩᠭᠠᠳᠬᠠᠵᠤ᠂ ᠰᠦᠪᠡᠭᠴᠢ ᠶᠢᠨ ᠢᠷᠡᠯᠲᠡ᠂ ᠰᠦᠪᠡᠭᠴᠢ ᠶᠢ ᠵᠠᠳᠠᠯᠬᠤ᠂ ᠰᠦᠪᠡᠭᠴᠢ ᠶᠢ ᠠᠩᠬ᠎ᠠ ᠪᠠᠶᠢᠴᠠᠭᠠᠬᠤ᠂ | ᠰᠦᠪᠡᠭᠴᠢ ᠶᠢ ᠰᠢᠪᠲᠤᠯᠬᠤ ᠱᠠᠲᠤᠨ ᠳᠤ ᠰᠠᠯᠠᠭ᠎ᠠ ᠮᠥᠴᠢᠷ ᠤᠨ ᠬᠠᠷᠰᠢ ᠰᠠᠭᠠᠳ ᠢ ᠡᠪᠳᠡᠵᠦ᠂ ᠤᠷᠢᠳᠴᠢᠯᠠᠨ | ᠬᠦᠷᠭᠡᠵᠦ᠂ ᠬᠠᠷᠢᠯᠴᠠᠨ ᠮᠡᠳᠡᠭᠳᠡᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠵᠠᠳᠠᠯᠬᠤ ᠪᠠᠨ ᠴᠢᠩᠭᠠᠳᠬᠠᠵᠤ᠂ | ᠲᠤᠰ ᠲᠤᠰ ᠤᠨ ᠡᠬᠢ ᠪᠠᠶᠠᠯᠢᠭ᠂ ᠬᠦᠴᠦᠨ ᠴᠢᠳᠠᠯ ᠢᠶᠠᠨ ᠬᠡᠷᠡᠭᠯᠡᠵᠦ᠂ ᠴᠢᠳᠠᠪᠤᠷᠢ ᠪᠠᠨ ᠬᠠᠷᠢᠯᠴᠠᠨ ᠨᠥᠬᠦᠪᠥᠷᠢᠯᠡᠵᠦ | ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠡᠷᠡᠭ ᠢ | ᠪᠠᠶᠢᠴᠠᠭᠠᠨ ᠰᠢᠢᠳᠪᠦᠷᠢᠯᠡᠬᠦ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠲᠣᠭᠲᠠᠴᠠ ᠶᠢ ᠲᠡᠭᠦᠯᠳᠡᠷᠵᠢᠭᠦᠯᠵᠦ᠂ ᠢᠯᠵᠠᠷᠠᠯ ᠢ ᠡᠰᠡᠷᠭᠦᠴᠡᠬᠦ ᠠᠵᠢᠯ ᠤᠨ ᠳᠠᠶᠢᠴᠢᠨ ᠬᠦᠴᠦᠨ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠨ | ᠪᠠᠶᠢᠴᠠᠭᠠᠵᠤ ᠪᠠᠶᠢᠴᠠᠭᠠᠯᠳᠠ ᠬᠢᠬᠦ ᠳᠠᠪᠠᠭᠤᠯᠢᠭ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠨ ᠪᠤᠳᠤᠬᠤ ᠡᠭᠦᠷᠭᠡ | ᠴᠢᠳᠠᠪᠬᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠷᠭᠡᠵᠢᠯ ᠢᠶᠠᠷ ᠲᠠᠩᠨᠠᠨ ᠪᠠᠶᠢᠴᠠᠭᠠᠬᠤ ᠨᠡᠬᠡᠮᠵᠢᠯᠡᠨ | ᠪᠠᠷᠢᠪᠴᠢᠯᠠᠬᠤ ᠠᠷᠭ᠎ᠠ ᠪᠠᠷᠢᠯ᠂ ᠪᠠᠶᠢᠴᠠᠭᠠᠬᠤ ᠪᠠᠶᠢᠭᠤᠯᠭ᠎ᠠ ᠶᠢᠨ ᠠᠯᠪᠠᠨ ᠵᠠᠭᠠᠯᠳᠤᠯᠭ᠎ᠠ ᠬᠢᠬᠦ ᠡᠭᠦᠷᠭᠡ ᠴᠢᠳᠠᠪᠬᠢ᠂ | ᠰᠢᠭᠦᠬᠦ ᠬᠤᠷᠢᠶᠠᠨ ᠤ ᠰᠢᠭᠦᠨ ᠲᠠᠰᠤᠯᠬᠤ ᠵᠠᠯᠬᠠᠭᠠᠨ ᠰᠢᠢᠳᠬᠡᠬᠦ ᠵᠡᠷᠭᠡ ᠡᠯ᠎ᠡ ᠵᠦᠢᠯ ᠤᠨ ᠡᠭᠦᠷᠭᠡ ᠴᠢᠳᠠᠪᠬᠢ ᠶᠢᠨ | ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠡᠯ᠎ᠡ ᠰᠠᠬᠢᠯᠭ᠎ᠠ ᠪᠠᠲᠤ ᠶᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ᠂ | ᠬᠥᠮᠦᠨ ᠤ ᠬᠦᠴᠦᠨ ᠤ ᠡᠬᠢ ᠪᠠᠶᠠᠯᠢᠭ᠂ ᠮᠡᠳᠡᠭᠡ ᠵᠠᠩᠭᠢ ᠶᠢᠨ ᠡᠬᠢ ᠪᠠᠶᠠᠯᠢᠭ᠂ ᠡᠭᠦᠷᠭᠡ ᠴᠢᠳᠠᠪᠬᠢ ᠶᠢᠨ ᠡᠬᠢ | ᠪᠠᠶᠠᠯᠢᠭ᠂ ᠠᠷᠭ᠎ᠠ ᠪᠠᠷᠢᠯ ᠤᠨ ᠡᠬᠢ ᠪᠠᠶᠠᠯᠢᠭ ᠪᠣᠯᠤᠨ ᠡᠳ᠋ ᠤᠨ ᠬᠦᠴᠦᠨ ᠤ ᠡᠬᠢ ᠪᠠᠶᠠᠯᠢᠭ ᠢ ᠶᠡᠷᠦᠩᠬᠡᠶᠢᠯᠡᠨ | ᠬᠡᠷᠡᠭᠯᠡᠬᠦ ᠶᠢ ᠴᠢᠩᠭᠠᠳᠬᠠᠵᠤ᠂ ᠠᠵᠤ ᠠᠬᠤᠶ ᠨᠡᠶᠢᠬᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠳᠤ ᠵᠥᠪ | ᠣᠨᠣᠪᠴᠢᠲᠠᠶ ᠤᠯᠤᠰ ᠲᠥᠷᠦ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ |