ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠬᠡᠰᠢᠬᠦᠨ ᠣᠬᠠᠭᠤᠯᠬᠤ ᠬᠡᠯᠳᠡᠰ ᠤᠨ ᠲᠠᠷᠤᠭ᠎ᠠ ᠭᠤᠣ ᠸᠧᠨ ᠪᠢᠩ ᠷᠠᠰᠢᠶᠠᠨ ᠪᠣᠯᠠᠭ ᠬᠤᠪᠢᠶᠠᠷᠢ ᠲᠠᠯᠠᠪᠠᠢ ᠳᠤ ᠬᠦᠷᠴᠦ ᠠᠶᠣᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2019/3/13
     3 ᠰᠠᠷ᠎ᠠ ᠶᠢᠨ 4 ᠤ ᠡᠳᠣᠷ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠬᠡᠰᠢᠬᠦᠨ ᠣᠬᠠᠭᠤᠯᠬᠤ ᠬᠡᠯᠳᠡᠰ ᠤᠨ ᠲᠠᠷᠤᠭ᠎ᠠ ᠭᠤᠣ ᠸᠧᠨ ᠪᠢᠩ ᠲᠠᠯᠠᠪᠠᠢ ᠶᠢᠨ ᠨᠠᠮ ᠤᠨ ᠬᠤᠷᠢᠶᠠᠨ ᠤ ᠱᠦᠵᠢ ᠯᠢ ᠵᠢᠩ ᠯᠢᠶᠠᠩ᠂ ᠲᠡᠳ᠋ ᠲᠠᠯᠠᠪᠠᠢ ᠶᠢᠨ ᠲᠠᠷᠤᠭ᠎ᠠ ᠸᠠᠩ ᠹᠧᠩ ᠱᠠᠨ ᠲᠠᠢ ᠬᠠᠮᠳᠣ ᠷᠠᠰᠢᠶᠠᠨ ᠪᠣᠯᠠᠭ ᠬᠤᠪᠢᠶᠠᠷᠢ ᠲᠠᠯᠠᠪᠠᠢ ᠶᠢᠨ ᠶᠤᠸᠠᠨ ᡁᠢ ᠶᠤᠸᠠᠨ ᠷᠠᠰᠢᠶᠠᠨ ᠤ ᠬᠢᠵᠠᠭᠠᠷᠳᠣ ᠬᠠᠷᠢᠭᠤᠴᠠᠯᠭᠠᠳᠣ ᠺᠣᠮᠫᠠᠨᠢ ᠳᠤ ᠬᠦᠷᠴᠦ ᠠᠶᠣᠯ ᠦᠬᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠦᠷᠨᠢᠬᠦᠯᠪᠡ᠃      ᠭᠤᠣ ᠸᠧᠨ ᠪᠢᠩ ᠨᠠᠷ ᠣᠷᠢᠳᠠᠪᠡᠷ ᠺᠣᠮᠫᠠᠨᠢ ᠶᠢᠨ ᠠᠶᠣᠯ ᠦᠬᠡᠢ ᠦᠢᠯᠡᠳᠪᠦᠷᠢᠯᠡᠯ ᠤᠨ ᠬᠠᠮᠢᠶᠠᠷᠣᠯᠳᠠ ᠶᠢᠨ ᠲᠦᠷᠢᠮ ᠲᠣᠭᠳᠠᠭᠠᠯ᠂ ᠨᠢᠭᠤᠭᠳᠠᠮᠠᠯ ᠠᠶᠣᠯ ᠢ ᠪᠠᠶᠢᠴᠠᠭᠠᠨ ᠵᠠᠰᠠᠨ ᠰᠠᠶᠢᠵᠢᠷᠠᠭᠤᠯᠣᠭᠰᠠᠨ ᠲᠠᠩᠰᠠ᠂ ᠠᠳᠡᠯ ᠢ ᠰᠡᠷᠬᠡᠶᠢᠯᠡᠬᠦ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠪ᠂ ᠠᠶᠣᠯ ᠦᠬᠡᠢ ᠦᠢᠯᠡᠳᠪᠦᠷᠢᠯᠡᠯ ᠤᠨ ᠰᠣᠷᠭᠠᠨ ᠬᠦᠮᠦᠵᠢᠯ ᠪᠣᠯᠪᠠᠰᠣᠷᠠᠯ ᠵᠡᠷᠬᠡ ᠬᠠᠮᠢᠶᠠᠷᠣᠯᠳᠠ ᠶᠢᠨ ᠪᠠᠶᠢᠳᠠᠯ ᠢ ᠪᠠᠶᠢᠴᠠᠭᠠᠭᠰᠠᠨ ᠤ ᠲᠠᠷᠠᠭ᠎ᠠ᠂ ᠦᠢᠯᠡᠳᠪᠦᠷᠢᠯᠡᠯ ᠤᠨ ᠲᠠᠰᠤᠭ ᠲᠤ ᠣᠷᠣᠵᠦ ᠦᠢᠯᠡᠳᠪᠦᠷᠢᠯᠡᠯ ᠤᠨ ᠶᠠᠪᠣᠴᠠ ᠳᠤ ᠣᠷᠣᠰᠢᠬᠤ ᠨᠢᠭᠤᠭᠳᠠᠮᠠᠯ ᠠᠶᠣᠯ ᠢ ᠲᠣᠬᠠᠢ ᠶᠢᠨ ᠲᠠᠯᠠᠪᠠᠢ ᠳᠤᠨᠢ ᠪᠠᠶᠢᠴᠠᠭᠠᠬᠤ ᠶᠢᠨ ᠬᠠᠮᠳᠣ ᠵᠠᠰᠠᠨ ᠰᠠᠶᠢᠵᠢᠷᠠᠭᠤᠯᠬᠤ ᠰᠠᠨᠠᠯ ᠲᠣᠷᠠᠳᠣᠭᠰᠠᠨ ᠪᠠᠶᠢᠨ᠎ᠠ᠃      ᠭᠤᠣ ᠸᠧᠨ ᠪᠢᠩ ᠵᠢᠭᠠᠭᠰᠠᠨ ᠨᠢ᠄ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠺᠣᠮᠫᠠᠨᠢ ᠶᠢᠨ ︽2.23︾ ᠬᠦᠨᠳᠦ ᠶᠡᠭᠡ ᠠᠳᠡᠯ ᠠᠴᠠ ᠬᠦᠨ ᠰᠣᠷᠭᠠᠮᠵᠢ ᠠᠪᠴᠣ᠂ ᠠᠶᠣᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠦ᠂ ᠠᠶᠣᠯ ᠦᠬᠡᠢ ᠦᠢᠯᠡᠳᠪᠦᠷᠢᠯᠡᠯ ᠤᠨ ᠨᠢᠭᠤᠭᠳᠠᠮᠠᠯ ᠠᠶᠣᠯ ᠢ ᠶᠡᠭᠡ ᠪᠠᠷ ᠪᠠᠶᠢᠴᠠᠭᠠᠬᠤ ᠶᠡᠭᠡ ᠪᠠᠷ ᠵᠠᠰᠠᠨ ᠰᠠᠶᠢᠵᠢᠷᠠᠭᠤᠯᠬᠤ ᠠᠵᠢᠯ ᠢ ᠰᠠᠭᠤᠷᠢᠯᠢᠭ ᠦᠷᠨᠢᠬᠦᠯᠵᠦ᠂ ᠠᠳᠡᠯ ᠡᠬᠦᠰᠬᠦ ᠶᠢ ᠡᠷᠡᠰ ᠰᠡᠷᠬᠡᠶᠢᠯᠡᠨ ᠵᠣᠭᠰᠣᠭᠠᠵᠦ᠂ ᠠᠶᠣᠯ ᠦᠬᠡᠢ ᠦᠢᠯᠡᠳᠪᠦᠷᠢᠯᠡᠯ  ᠤᠨ ᠪᠠᠶᠢᠳᠠᠯ ᠶᠡᠷᠦᠩᠬᠡᠢ ᠳᠡᠭᠡᠨ ᠲᠣᠭᠳᠠᠭᠤᠨ ᠪᠠᠶᠢᠬᠤ ᠶᠢ ᠪᠠᠳᠣᠯᠠᠬᠤ ᠭᠡᠷᠡᠭᠳᠡᠢ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号