ᠤᠯᠠᠭᠠᠢ ᠬᠠᠮᠢᠶᠠᠷᠤᠯᠳᠠ ᠶᠢᠨ ᠤᠷᠤᠨ ᠤ ᠨᠠᠮ ᠤᠨ ᠠᠵᠢᠯ ᠤᠨ ᠬᠤᠷᠢᠶ᠎ᠡ ᠶᠢᠨ ᠳᠡᠳ᠋ ᠱᠥᠵᠢ᠂ ᠨᠢᠭᠡᠳᠤᠮᠠᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠵᠢᠶᠦ᠋ᠨ ᠱᠠᠰᠢᠨ ᠰᠤᠷᠳᠠᠬᠤᠨ ᠤ ᠬᠥᠳᠡᠯᠭᠡᠭᠡᠨ ᠤ ᠲᠠᠯᠠᠪᠤᠷ  ᠲᠤ ᠬᠦᠨᠵᠡᠬᠡᠶᠢᠷᠡᠵᠦ ᠠᠮᠤᠷ ᠲᠥᠪᠰᠢᠨ ᠤ ᠪᠠᠶᠢᠴᠠᠭᠠᠯᠳᠠ ᠬᠢᠵᠠᠢ
ᠨᠡᠶᠢᠲᠡᠯᠡᠭᠰᠡᠨ ᠴᠠᠭ᠄
2019/3/14
   ᠱᠠᠰᠢᠨ ᠰᠤᠷᠳᠠᠬᠤᠨ ᠤ ᠬᠥᠳᠡᠯᠭᠡᠭᠡᠨ ᠤ ᠲᠠᠯᠠᠪᠤᠷ ᠤᠨ ᠠᠮᠤᠷ ᠲᠥᠪᠰᠢᠨ ᠢ ᠴᠢᠩᠭᠠᠳᠬᠠᠬᠤ ᠶᠢᠨ ᠲᠥᠯᠤᠭᠡ᠂ 3 ᠰᠠᠷᠠᠶᠢᠨ 6 ᠤ ᠡᠳᠤᠷ᠂ ᠤᠯᠠᠭᠠᠢ ᠬᠠᠮᠢᠶᠠᠷᠤᠯᠳᠠ ᠶᠢᠨ ᠤᠷᠤᠨ ᠤ ᠨᠠᠮ ᠤᠨ ᠠᠵᠢᠯ ᠤᠨ ᠬᠤᠷᠢᠶ᠎ᠡ ᠶᠢᠨ ᠳᠡᠳ᠋ ᠱᠥᠵᠢ ᠪᠥᠯᠢᠶᠠᠨ ᠰᠥᠮ᠎ᠠ ᠳᠤ ᠬᠦᠷᠴᠦ᠂ ᠠᠮᠤᠷ ᠲᠥᠪᠰᠢᠨ ᠤ ᠪᠠᠶᠢᠴᠠᠭᠠᠯᠳᠠ ᠬᠢᠵᠡᠢ᠃    ᠪᠠᠶᠢᠴᠠᠭᠠᠯᠳᠠ ᠶᠢᠨ ᠲᠤᠭᠤᠶᠢᠯᠠᠩ ᠤᠨ ᠬᠥᠮᠤᠰ ᠱᠠᠰᠢᠨ ᠰᠤᠷᠳᠠᠬᠤᠨ ᠤ ᠬᠥᠳᠡᠯᠭᠡᠭᠡᠨ ᠤ ᠲᠠᠯᠠᠪᠣᠷ ᠲᠠᠬᠢ ᠭᠠᠯ ᠰᠡᠷᠭᠡᠶᠢᠯᠡᠭᠦ ᠲᠥᠭᠦᠭᠡᠷᠤᠮᠵᠢ᠂ ᠬᠢᠨᠠᠬᠤ ᠭᠡᠷᠡᠭᠰᠡᠯ᠂ ᠴᠡᠬᠢᠯᠭᠠᠨ ᠭᠡᠷᠡᠭᠰᠡᠯ ᠵᠡᠷᠭᠡ ᠠᠶᠤᠯ ᠤᠷᠤᠰᠢᠵᠤ ᠮᠡᠳᠡᠭᠦ ᠮᠠᠰᠢᠨ ᠭᠡᠷᠡᠭᠰᠡᠯ ᠢ ᠭᠤᠤᠯᠳᠠᠭ᠎ᠠ ᠲᠠᠢ ᠪᠠᠶᠢᠴᠠᠭᠠᠯᠳᠠ ᠬᠢᠵᠤ᠂ ᠪᠠᠰᠠ ᠡᠯ᠎ᠠ ᠵᠥᠢᠯ ᠤᠨ ᠬᠠᠮᠢᠶᠠᠷᠤᠯᠳᠠ ᠶᠢᠨ ᠲᠥᠷᠢᠮ ᠲᠤᠬᠳᠠᠭᠠᠯ ᠪᠠ ᠵᠢᠵᠢᠭᠦᠷ ᠤᠨ ᠬᠥᠮᠤᠰ ᠤᠨ ᠪᠠᠶᠢᠳᠠᠯ ᠢ ᠨᠠᠷᠢᠯᠢᠭ ᠤᠶᠢᠯᠠᠭᠠᠵᠠᠢ᠃    ᠪᠠᠶᠢᠴᠠᠭᠠᠯᠳᠠ ᠶᠢᠨ ᠶᠠᠪᠤᠴᠨ ᠳᠤ ᠸᠠᠩ ᠬᠡᠯᠳᠡᠰ ᠤᠨ ᠲᠠᠷᠤᠭ᠎ᠠ ᠠᠴᠠ ᠱᠠᠰᠢᠨ ᠰᠤᠷᠳᠠᠬᠤᠨ ᠤ ᠬᠥᠳᠡᠯᠭᠡᠭᠡᠨ ᠤ ᠲᠠᠯᠠᠪᠣᠷ ᠤᠨ ᠬᠠᠷᠢᠭᠤᠴᠠᠯᠭᠠᠳᠠᠨ ᠳᠤ ᠠᠮᠤᠷ ᠲᠥᠪᠰᠢᠨ ᠢ ᠰᠡᠷᠭᠡᠶᠢᠯᠡᠭᠦ ᠥᠵᠠᠯ ᠤᠬᠠᠮᠰᠠᠷ ᠢ ᠪᠤᠳᠠᠳᠠᠢ ᠪᠠᠷ ᠲᠡᠭᠡᠭᠰᠢᠯᠡᠭᠦᠯᠵᠤ᠂ ᠡᠯ᠎ᠠ ᠵᠥᠢᠯ ᠤᠨ ᠠᠮᠤᠷ ᠲᠥᠪᠰᠢᠨ ᠤ ᠲᠥᠷᠢᠮ ᠲᠤᠨᠳᠠᠭᠠᠯ ᠢ ᠲᠡᠭᠦᠯᠳᠡᠷᠵᠢᠭᠦᠯᠵᠤ ᠲᠤᠤᠱᠯᠠᠭᠤᠯᠵᠤ᠂ ᠡᠯ᠎ᠠ ᠵᠤᠶᠢᠯ ᠤᠨ ᠠᠮᠤᠷ ᠲᠥᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠦ᠂ ᠪᠤᠰᠤᠳ ᠠᠰᠠᠭᠤᠳᠠᠯ ᠲᠤᠯᠭᠠᠷᠠᠪᠠᠯ ᠴᠠᠭ ᠲᠤᠬᠠᠢ ᠳᠤᠨᠢ ᠨᠢᠭᠡᠳᠤᠮᠠᠯ ᠹᠷᠣᠨᠲ ᠤᠨ ᠠᠵᠢᠯᠳᠠᠳ ᠲᠠᠢ ᠬᠠᠷᠢᠯᠴᠠᠵᠤ᠂ ᠡᠷᠳᠠ ᠢᠯᠡᠷᠡᠭᠦᠯᠵᠤ᠂ ᠡᠷᠳᠠ ᠰᠢᠢᠳᠪᠦᠷᠢᠯᠡᠬᠦ ᠬᠡᠷᠡᠭᠳᠡᠢ ᠭᠡᠪᠡ᠃    ᠨᠢᠭᠡᠳᠤᠮᠠᠯ ᠹᠷᠣᠨᠲ ᠤᠨ ᠳᠡᠳ᠋ ᠬᠡᠯᠳᠡᠰ ᠤᠨ ᠲᠠᠷᠤᠭ᠎ᠠ ᠴᠧᠨ ᡁᠢ ᠾᠥᠩ᠂ ᠤᠯᠠᠭᠠᠢ ᠮᠠᠯᠵᠢᠯ ᠤᠨ ᠲᠠᠯᠠᠪᠠᠢ ᠶᠢᠨ ᠲᠠᠷᠤᠭ᠎ᠠ ᠸᠠᠩ ᠴᠠᠩ ᠢᠦᠢ᠂ ᠳᠡᠳ᠋ ᠲᠠᠯᠠᠪᠠᠢ ᠶᠢᠨ ᠲᠠᠷᠤᠭ᠎ᠠ ᠨᠠᠷᠠᠨᠳᠤᠶᠠᠭ᠎ᠠ ᠵᠡᠷᠭᠡ ᠪᠠᠶᠢᠴᠠᠭᠠᠯᠳᠠ ᠶᠢᠨ ᠲᠤᠭᠤᠶᠢᠯᠠᠩ ᠤᠨ ᠭᠡᠰᠢᠭᠦᠨ ᠪᠠᠶᠢᠴᠠᠭᠠᠬᠤ ᠠᠵᠢᠯ ᠳᠤ ᠤᠷᠤᠯᠴᠠᠵᠠᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号