ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ ᠣᠯᠠᠭᠠᠢ ᠮᠠᠯᠵᠢᠯ ᠤᠨ ᠲᠠᠯᠠᠪᠠᠢ ᠳᠤ ᠬᠦᠷᠴᠦ ᠬᠠᠷᠢᠶ᠎ᠠ ᠣᠷᠣᠨ ᠤ ᠲᠣᠳᠣᠷᠠᠬᠢ ᠠᠵᠦ ᠠᠬᠤᠶᠢᠯᠠᠯ ᠤᠨ ᠠᠶᠣᠯ ᠦᠬᠡᠢ ᠦᠢᠯᠡᠪᠦᠷᠢᠯᠡᠯ ᠤᠨ ᠠᠵᠢᠯ ᠳᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2019/3/15
     3 ᠰᠠᠷ᠎ᠠ ᠶᠢᠨ 8 ᠤ ᠡᠳᠣᠷ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ ᠲᠠᠷᠢᠶᠠᠯᠠᠩ ᠮᠠᠯᠵᠢᠯ ᠤᠨ ᠲᠣᠪᠴᠢᠶ᠎ᠠ᠂ ᠠᠶᠣᠯ ᠦᠬᠡᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠣᠰᠣᠨ ᠶᠠᠪᠣᠳᠠᠯ ᠤᠨ ᠲᠣᠪᠴᠢᠶ᠎ᠠ᠂ ᠬᠠᠣᠯᠢ ᠪᠠᠷ ᠵᠠᠰᠠᠬᠤ ᠠᠯᠪᠠᠨ ᠭᠡᠷ᠂ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ ᠵᠡᠷᠬᠡ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠨ ᠨᠡᠷ ᠢ ᠲᠠᠭᠠᠭᠤᠯᠣᠨ ᠣᠯᠠᠭᠠᠢ ᠮᠠᠯᠵᠢᠯ ᠤᠨ ᠲᠠᠯᠠᠪᠠᠢ ᠶᠢᠨ ᠬᠠᠷᠢᠶ᠎ᠠ ᠣᠷᠣᠨ ᠤ ᠲᠣᠳᠣᠷᠠᠬᠢ ᠠᠵᠦ ᠠᠬᠤᠶᠢᠯᠠᠯ ᠳᠤ ᠠᠶᠣᠯ ᠦᠬᠡᠢ ᠦᠢᠯᠡᠪᠦᠷᠢᠯᠡᠯ ᠤᠨ ᠵᠢᠯᠣᠭᠤᠳᠣᠯᠭ᠎ᠠ ᠪᠠᠶᠢᠴᠠᠭᠠᠯᠳᠠ ᠬᠢᠪᠡ᠃     ᠪᠠᠶᠢᠴᠠᠭᠠᠯᠳᠠ ᠶᠢᠨ ᠲᠣᠭᠤᠶᠢᠯᠠᠩ ᠣᠷᠢᠳᠡᠪᠡᠷ ᠴᠢᠶᠠᠨ ᠺᠦᠨ ᠫᠣᠣᠵᠢᠩ ᠬᠠᠳᠠᠭᠠᠯᠠᠬᠤ ᠭᠠᠵᠠᠷ ᠬᠦᠷᠴᠦ᠂ ᠠᠵᠦ ᠠᠬᠤᠶᠢᠯᠠᠯ ᠤᠨ ᠲᠠᠩᠰᠠ᠂ ᠭᠠᠯ ᠢ ᠰᠡᠷᠬᠡᠶᠢᠯᠡᠬᠦ ᠲᠦᠬᠦᠬᠡᠷᠦᠮᠵᠢ᠂ ᠠᠶᠣᠯ ᠦᠬᠡᠢ ᠴᠠᠬᠢᠯᠭᠠᠨ ᠬᠡᠷᠡᠭᠯᠡᠬᠦ᠂ ᠭᠠᠯ ᠢ ᠰᠡᠷᠬᠡᠶᠢᠯᠡᠬᠦ ᠭᠤᠳᠣᠮᠵᠢ᠂ ᠬᠤᠯᠠ ᠵᠠᠢ ᠶᠢᠨ ᠬᠢᠨᠠᠯᠳᠠ ᠡᠵᠡᠮᠳᠡᠯ ᠤᠨ ᠲᠦᠬᠦᠬᠡᠷᠦᠮᠵᠢ ᠵᠡᠷᠬᠡ ᠶᠢ ᠨᠠᠷᠢᠯᠢᠭ ᠪᠠᠶᠢᠴᠠᠭᠠᠨ ᠦᠵᠡᠪᠡ᠃    ᠯᠢᠩ ᠵᠦ ᠡᠷᠬᠢᠯᠡᠭᠴᠢ ᠠᠴᠠ ᠱᠠᠭᠠᠷᠳᠠᠭᠰᠠᠨ ᠨᠢ᠄ ᠠᠵᠦ ᠠᠬᠤᠶᠢᠯᠠᠯ ᠡᠷᠬᠡᠪᠰᠢ ᠪᠦᠳᠦᠮᠵᠢᠳᠡᠢ ᠭᠠᠯ ᠢ ᠰᠡᠷᠬᠡᠶᠢᠯᠡᠬᠦ ᠭᠤᠳᠣᠮᠵᠢ ᠪᠠᠶᠢᠭᠤᠯᠬᠤ ᠬᠡᠷᠡᠭᠳᠡᠢ᠂ ᠪᠠᠶᠢᠴᠠᠭᠠᠵᠦ ᠭᠠᠷᠭᠠᠭᠰᠠᠨ ᠠᠮᠣᠷ ᠲᠦᠪᠰᠢᠨ ᠤ ᠨᠢᠭᠤᠭᠳᠠᠮᠠᠯ ᠠᠶᠣᠯ ᠢ ᠡᠷᠭᠡᠪᠰᠢ ᠬᠠᠮᠤᠭ ᠤᠨ ᠣᠬᠤᠷ ᠬᠤᠭᠤᠴᠠᠭᠠᠨ ᠲᠣᠳᠣᠷ᠎ᠠ ᠵᠠᠰᠠᠨ ᠰᠠᠶᠢᠵᠢᠷᠠᠭᠤᠯᠬᠤ ᠬᠡᠷᠡᠭᠳᠡᠢ᠃      ᠲᠠᠷᠠᠭ᠎ᠠ ᠨᠢ ᠪᠠᠶᠢᠴᠠᠭᠠᠬᠤ ᠲᠣᠭᠤᠶᠢᠯᠠᠩ ᠰᠢᠩ ᠶᠧ ᠲᠠᠷᠢᠮᠠᠯ ᠤᠨ ᠬᠢᠵᠠᠭᠠᠷᠳᠣ ᠺᠣᠮᠫᠠᠨᠢ ᠳᠤ ᠬᠦᠷᠴᠦ᠂ ᠠᠵᠦ ᠠᠬᠤᠶᠢᠯᠠᠯ ᠤᠨ ᠬᠠᠷᠢᠭᠤᠴᠠᠯᠭᠠᠳᠠᠨ ᠤ ᠠᠶᠣᠯ ᠦᠬᠡᠢ ᠦᠢᠯᠡᠳᠪᠦᠷᠢᠯᠡᠯ ᠤᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠴᠣ᠂ ᠠᠶᠣᠯ ᠦᠬᠡᠢ ᠦᠢᠯᠡᠳᠪᠦᠷᠢᠯᠡᠯ ᠤᠨ ᠲᠦᠷᠢᠮ ᠲᠣᠭᠳᠠᠭᠠᠯ᠂ ᠬᠡᠷᠡᠭᠵᠢᠬᠦᠯᠬᠦ ᠲᠦᠰᠦᠪ ᠢ ᠨᠠᠷᠢᠯᠢᠭ ᠪᠠᠶᠢᠴᠠᠭᠠᠨ ᠦᠵᠡᠬᠦ ᠶᠢᠨ ᠬᠠᠮᠳᠣ ᠭᠠᠯ ᠢ ᠰᠡᠷᠬᠡᠶᠢᠯᠡᠬᠦ ᠠᠶᠣᠯ ᠦᠬᠡᠢ ᠪᠠᠶᠢᠭᠤᠯᠣᠮᠵᠢ᠂ ᠠᠶᠣᠯ ᠦᠬᠡᠢ ᠴᠠᠬᠢᠯᠭᠠᠨ ᠬᠡᠷᠡᠭᠯᠡᠬᠦ᠂ ᠲᠠᠷᠢᠶᠠᠯᠠᠩ ᠤᠨ ᠦᠢᠯᠡᠰ ᠤᠨ ᠮᠠᠰᠢᠨ ᠢ ᠠᠵᠢᠯᠯᠠᠭᠤᠯᠬᠤ᠂ ᠠᠵᠢᠯᠳᠠᠨ ᠠᠵᠢᠯ ᠤᠨ ᠪᠠᠶᠢᠷᠢ ᠳᠤ ᠭᠠᠷᠬᠤ ᠦᠨᠡᠮᠯᠡᠯ ᠲᠠᠢ ᠡᠰᠡᠬᠦ ᠵᠡᠷᠬᠡ ᠪᠠᠶᠢᠳᠠᠯ ᠳᠤ ᠲᠣᠬᠠᠢ ᠶᠢᠨ ᠲᠠᠯᠠᠪᠠᠢ ᠶᠢᠨ ᠪᠠᠶᠢᠴᠠᠭᠠᠯᠳᠠ ᠬᠢᠪᠡ᠃       ᠯᠢᠩ ᠵᠦ ᠡᠷᠬᠢᠯᠡᠭᠴᠢ ᠠᠴᠠ ᠱᠠᠭᠠᠷᠳᠠᠭᠰᠠᠨ ᠨᠢ᠄ ᠠᠵᠦ ᠠᠬᠤᠶᠢᠯᠠᠯ ᠠᠴᠠ ᠠᠶᠣᠯ ᠦᠬᠡᠢ ᠦᠢᠯᠡᠳᠪᠦᠷᠢᠯᠡᠯ  ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠬᠡᠪᠰᠢ ᠬᠢᠨᠠᠮᠠᠭᠠᠢ ᠬᠡᠷᠡᠭᠵᠢᠬᠦᠯᠵᠦ᠂ ᠴᠠᠭ ᠲᠣᠭᠳᠠᠭᠠᠵᠦ ᠨᠢᠭᠤᠭᠳᠠᠮᠠᠯ ᠠᠶᠣᠯ ᠢ ᠪᠠᠶᠢᠴᠠᠭᠠᠬᠤ ᠬᠡᠷᠡᠭᠳᠡᠢ᠂ ᠠᠵᠦ ᠠᠬᠤᠶᠢᠯᠠᠯ ᠤᠨ ᠠᠵᠢᠯᠳᠠᠨ ᠤ ᠠᠶᠣᠯ ᠦᠬᠡᠢ ᠦᠢᠯᠡᠳᠪᠦᠷᠢᠯᠡᠯ ᠤᠨ ᠮᠡᠳᠡᠯᠬᠡ ᠶᠢᠨ ᠪᠣᠯᠪᠠᠰᠣᠷᠠᠯ ᠢ ᠴᠢᠩᠭᠠᠳᠬᠠᠵᠦ᠂ ᠠᠮᠣᠷ ᠲᠦᠪᠰᠢᠨ ᠤ ᠰᠡᠷᠬᠡᠶᠢᠯᠡᠯᠳᠡ ᠶᠢᠨ ᠣᠬᠠᠮᠰᠠᠷ ᠪᠣᠯᠣᠨ ᠴᠢᠳᠠᠪᠣᠷᠢ ᠶᠢ ᠲᠡᠭᠡᠭᠰᠢᠯᠡᠬᠦᠯᠬᠦ ᠬᠡᠷᠡᠭᠳᠡᠢ᠃ ︽ᠠᠶᠣᠯ ᠦᠬᠡᠢ ᠦᠢᠯᠡᠳᠪᠦᠷᠢᠯᠡᠯ ᠤᠨ  ᠶᠡᠭᠡ ᠪᠠᠶᠢᠴᠠᠭᠠᠯᠳᠠ ᠶᠡᠭᠡ ᠵᠠᠰᠠᠨ ᠰᠠᠶᠢᠵᠢᠷᠠᠭᠤᠯᠣᠯᠳᠠ ᠶᠢᠨ ᠠᠵᠢᠯᠯᠠᠭᠠᠨ ᠤ ᠲᠦᠰᠦᠪ︾ ᠤᠨ ᠱᠠᠭᠠᠷᠳᠠᠯᠭ᠎ᠠ ᠪᠠᠷ ᠠᠮᠣᠷ ᠲᠦᠪᠰᠢᠨ ᠤ ᠨᠢᠭᠤᠭᠳᠠᠮᠠᠯ ᠠᠶᠣᠯ ᠢ ᠴᠠᠭ ᠢ ᠠᠮᠵᠢᠨ ᠢᠯᠡᠷᠡᠬᠦᠯᠵᠦ᠂ ᠠᠶᠣᠯ ᠦᠬᠡᠢ ᠦᠢᠯᠡᠳᠪᠦᠷᠢᠯᠡᠯ ᠤᠨ ᠠᠵᠢᠯ  ᠢ ᠪᠦᠬᠦ ᠬᠦᠴᠦᠨ ᠢᠶᠠᠷ ᠰᠠᠶᠢᠳᠣᠷ ᠬᠢᠬᠦ ᠬᠡᠷᠡᠭᠳᠡᠢ ᠬᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号