ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ ᠨᠠᠷ ᠬᠤᠳᠠ ᠬᠦᠳᠡᠭᠡ ᠶᠢᠨ ᠲᠦᠰᠦᠪᠯᠡᠯ ᠪᠦᠳᠦᠬᠡᠨ ᠪᠠᠶᠢᠭᠤᠯᠣᠯᠳᠠ ᠬᠠᠮᠢᠶᠠᠷᠣᠯᠳᠠ ᠶᠢᠨ ᠠᠵᠢᠯ ᠳᠤ ᠰᠣᠳᠣᠯᠣᠯ ᠵᠢᠯᠣᠭᠤᠳᠣᠯᠭ᠎ᠠ ᠬᠢᠪᠡ
ᠨᠡᠶᠢᠲᠡᠯᠡᠭᠰᠡᠨ ᠴᠠᠭ᠄
2019/3/23
    3 ᠰᠠᠷ᠎ᠠ ᠶᠢᠨ 19 ᠤ ᠡᠳᠣᠷ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ ᠨᠠᠷ ᠬᠤᠳᠠ ᠬᠦᠳᠡᠭᠡ ᠶᠢᠨ ᠲᠦᠰᠦᠪᠯᠡᠯ ᠪᠦᠳᠦᠬᠡᠨ ᠪᠠᠶᠢᠭᠤᠯᠣᠯᠳᠠ ᠬᠠᠮᠢᠶᠠᠷᠣᠯᠳᠠ ᠶᠢᠨ  ᠬᠠᠮᠢᠶ᠎ᠠ ᠪᠦᠬᠦᠢ ᠠᠵᠢᠯ ᠳᠤ ᠰᠣᠳᠣᠯᠣᠯ ᠵᠢᠯᠣᠭᠤᠳᠣᠯᠭ᠎ᠠ ᠬᠢᠪᠡ᠃ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠷᠧᠨ ᠰᠢ ᠵᠢᠶᠦ᠋ᠨ ᠵᠢᠴᠢ ᠨᠠᠮ ᠵᠠᠰᠠᠭ ᠤᠨ ᠠᠯᠪᠠᠨ ᠭᠡᠷ ᠤᠨ ᠬᠠᠷᠢᠭᠤᠴᠠᠯᠭᠠᠳᠠᠨ ᠬᠠᠮᠳᠣ ᠰᠣᠳᠣᠯᠣᠯ ᠬᠢᠪᠡ᠃ ᠯᠢᠩ ᠵᠦ ᠡᠷᠬᠢᠯᠡᠭᠴᠢ ᠨᠡᠷ ᠮᠠᠭᠤ ᠬᠡᠷ ᠤᠨ ᠲᠣᠭᠤᠷᠢᠭ ᠢ ᠦᠬᠡᠷᠡᠴᠢᠯᠠᠨ ᠪᠠᠶᠢᠭᠤᠯᠬᠤ ᠬᠡᠰᠡᠭ ᠪᠣᠯᠣᠨ ᠦᠬᠡᠷᠡᠴᠢᠯᠠᠨ ᠪᠠᠶᠢᠭᠤᠯᠬᠤ ᠶᠡᠭᠡ ᠲᠢᠩᠬᠢᠮ ᠳᠤ ᠬᠦᠷᠴᠦ᠂ ᠲᠣᠬᠠᠢ ᠲᠠᠯᠠᠪᠠᠢ ᠳᠤ ᠮᠠᠭᠤ ᠬᠡᠷ ᠤᠨ ᠲᠣᠭᠤᠷᠢᠭ ᠢ ᠦᠬᠡᠷᠡᠴᠢᠯᠠᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃     ᠯᠢᠩ ᠵᠦ ᠡᠷᠬᠢᠯᠡᠭᠴᠢ ᠨᠡᠷ ᠴᠢ ᠳ᠋ᠢ ᠰᠠᠩ ᠳ᠋ᠧ ᠺᠣᠮᠫᠠᠨᠢ ᠳᠤ ᠬᠦᠷᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠨᠢᠬᠡ ᠴᠣᠭᠴᠠᠵᠢᠭᠰᠠᠨ ᠵᠠᠬ᠎ᠠ ᠲᠡᠯᠬᠡᠬᠦᠷ ᠤᠨ ᠠᠵᠢᠯᠯᠠᠭᠠᠨ ᠤ ᠪᠠᠶᠢᠳᠠᠯ ᠳᠤ ᠰᠣᠳᠣᠯᠣᠯ ᠬᠢᠵᠦ᠂ ᠠᠵᠢᠯᠳᠠᠨ ᠤ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠯᠢᠭ ᠰᠣᠨᠣᠰᠪᠠ᠃     ᠯᠢᠩ ᠵᠦ ᠡᠷᠬᠢᠯᠡᠭᠴᠢ ᠨᠡᠷ ᠵᠠᠰᠠᠭ ᠤᠨ ᠶᠠᠪᠣᠳᠠᠯ ᠤᠨ ᠦᠢᠯᠡᠴᠢᠯᠡᠯᠬᠡᠨ ᠤ ᠲᠦᠪ ᠤᠨ ᠲᠣᠭᠳᠠᠮᠠᠯ ᠬᠦᠷᠦᠩᠭᠡ  ᠶᠢ ᠪᠦᠷᠢᠳᠬᠡᠬᠦ ᠴᠣᠩᠬᠤᠨ ᠳᠤ ᠬᠦᠷᠴᠦ᠂ ᠬᠡᠷ ᠭᠠᠵᠠᠷ ᠤᠨ ᠬᠦᠷᠦᠩᠭᠡ ᠶᠢᠨ ᠦᠯᠡᠳᠡᠭᠳᠡᠯ ᠠᠰᠠᠭᠤᠳᠠᠯ ᠦᠨᠡᠮᠯᠡᠯ ᠬᠦᠢᠴᠡᠳᠬᠡᠬᠦ ᠠᠵᠢᠯ ᠤᠨ ᠠᠬᠢᠴᠠ ᠶᠢᠨ ᠪᠠᠶᠢᠳᠠᠯ ᠢ ᠨᠠᠷᠢᠯᠢᠭ ᠠᠰᠠᠭᠤᠨ ᠣᠶᠢᠯᠠᠭᠠᠪᠠ᠃    ᠲᠣᠬᠠᠢ ᠶᠢᠨ ᠭᠠᠵᠠᠷ ᠲᠤ ᠰᠣᠳᠣᠯᠣᠨ ᠲᠠᠭᠤᠰᠣᠭᠰᠠᠨ ᠤ ᠲᠠᠷᠠᠭ᠎ᠠ᠂ ᠯᠢᠩ ᠵᠦ ᠡᠷᠬᠢᠯᠡᠭᠴᠢ ᠠᠴᠠ 2019 ᠣᠨ ᠤ ᠠᠵᠢᠯ ᠤᠨ ᠲᠣᠬᠢᠷᠠᠭᠤᠯᠣᠯᠳᠠ ᠬᠢᠵᠦ᠂ ᠣᠷᠣᠰᠢᠵᠦ ᠪᠦᠬᠦᠢ ᠠᠰᠠᠭᠤᠳᠠᠯ ᠢ ᠵᠢᠭᠠᠨ ᠭᠠᠷᠭᠠᠪᠠ᠃ ᠯᠢᠩ ᠵᠦ ᠡᠷᠬᠢᠯᠡᠭᠴᠢ ᠠᠴᠠ ᠰᠠᠭᠤᠴᠠ ᠪᠠᠶᠢᠭᠤᠯᠬᠤ ᠰᠠᠯᠠᠭ᠎ᠠ ᠮᠦᠴᠢᠷ ᠣᠨᠴᠠᠯᠢᠭᠳᠣ ᠵᠢᠵᠢᠭ ᠪᠠᠯᠭᠠᠰᠣ ᠪᠠᠶᠢᠭᠤᠯᠬᠤ ᠲᠠᠯ᠎ᠠ ᠪᠠᠷ ᠢᠳᠡᠪᠬᠢᠳᠡᠢ ᠵᠢᠳᠬᠦᠯ ᠭᠠᠷᠭᠠᠵᠦ᠂ ᠬᠠᠮᠢᠶᠠᠷᠣᠯᠳᠠ ᠶᠢᠨ ᠣᠷᠣᠨ ᠪᠣᠯᠣᠨ ᠲᠡᠭᠡᠳᠣ ᠱᠠᠳᠣᠨ ᠤ ᠣᠳᠣᠷᠢᠳᠣᠯᠭ᠎ᠠ ᠶᠢᠨ ᠵᠦᠪᠰᠢᠶᠡᠷᠡᠯ ᠪᠠ ᠦᠨᠡᠯᠡᠯᠳᠡ ᠶᠢ ᠣᠯᠣᠭᠰᠠᠨ ᠪᠣᠯᠬᠤᠷ᠂ ᠰᠠᠭᠤᠴᠠ ᠪᠠᠶᠢᠭᠤᠯᠬᠤ ᠰᠠᠯᠠᠭ᠎ᠠ ᠮᠦᠴᠢᠷ ᠦᠷᠬᠦᠯᠵᠢᠯᠡᠨ ᠴᠢᠷᠮᠠᠶᠢᠨ ᠠᠵᠢᠯᠯᠠᠵᠦ᠂ ᠦᠩᠬᠡᠷᠡᠭᠰᠡᠨ ᠯᠦᠭᠡ ᠠᠳᠠᠯᠢ ᠪᠠᠷ ᠬᠤᠳᠠ ᠪᠠᠯᠭᠠᠰᠣᠨ ᠤ ᠲᠦᠰᠦᠪᠯᠡᠯ᠂ ᠪᠦᠳᠦᠬᠡᠨ ᠪᠠᠶᠢᠭᠤᠯᠣᠯᠳᠠ᠂ ᠬᠠᠮᠢᠶᠠᠷᠣᠯᠳᠠ ᠶᠢᠨ ᠠᠵᠢᠯ ᠢᠶᠠᠨ ᠰᠠᠶᠢᠳᠣᠷ ᠬᠢᠭᠡᠷᠡᠢ ᠬᠡᠪᠡ᠃ ᠨᠢᠬᠡ ᠳᠤ ᠪᠦᠳᠦᠬᠡᠨ ᠪᠠᠶᠢᠭᠤᠯᠣᠯᠳᠠ ᠶᠢᠨ ᠰᠢᠯᠢᠳᠡᠭ ᠪᠦᠳᠦᠬᠡᠭᠳᠡᠬᠦᠨᠴᠢᠯᠠᠬᠦ ᠶᠢ ᠰᠠᠶᠢᠳᠣᠷ ᠠᠳᠬᠤᠬᠤ᠂ ᠬᠤᠶᠠᠷ ᠲᠤ ᠬᠠᠮᠢᠶᠠᠷᠣᠯᠳᠠ ᠶᠢᠨ ᠨᠠᠷᠢᠯᠢᠭᠵᠢᠯᠳᠠ ᠶᠢ ᠰᠠᠶᠢᠳᠣᠷ ᠠᠳᠬᠤᠬᠤ᠂ ᠲᠦᠷᠦᠯ ᠵᠦᠢᠯ ᠤᠨ ᠲᠦᠬᠦᠮᠵᠢᠬᠦ ᠶᠢ ᠰᠠᠶᠢᠳᠣᠷ ᠠᠳᠬᠤᠬᠤ᠂ ᠲᠦᠷᠪᠡ  ᠳᠤ ᠣᠷᠴᠢᠨ ᠲᠣᠭᠤᠷᠢᠨ ᠤ ᠬᠦᠮᠦᠨᠵᠢᠬᠦ ᠶᠢ ᠰᠠᠶᠢᠳᠣᠷ ᠠᠳᠬᠤᠬᠤ ᠬᠡᠷᠡᠭᠳᠡᠢ ᠬᠡᠮᠡᠨ ᠴᠢᠩᠭᠠᠳᠬᠠᠪᠠ᠃    ᠰᠠᠭᠤᠴᠠ ᠪᠠᠶᠢᠭᠤᠯᠬᠤ ᠲᠣᠪᠴᠢᠶᠠᠨ ᠳᠤ ᠰᠠᠭᠤᠳᠠᠯ ᠤᠨ ᠬᠤᠷᠠᠯ ᠬᠢᠵᠦ᠂ ᠰᠠᠭᠤᠴᠠ ᠪᠠᠶᠢᠭᠤᠯᠬᠤ ᠲᠣᠪᠴᠢᠶᠠᠨ  ᠤ ᠣᠳᠣᠷᠢᠳᠣᠯᠭ᠎ᠠ ᠶᠢᠨ ᠪᠠᠭ ᠵᠢᠴᠢ ᠣᠷᠴᠢᠨ ᠲᠣᠭᠤᠷᠢᠨ ᠠᠷᠢᠭᠤᠨ ᠴᠡᠪᠡᠷ᠂ ᠬᠤᠳᠠ ᠶᠢᠨ ᠬᠠᠮᠢᠶᠠᠷᠣᠯᠳᠠ᠂ ᠠᠷᠠᠳ  ᠤᠨ ᠰᠡᠷᠬᠡᠶᠢᠯᠡᠯᠳᠡ ᠶᠢᠨ ᠠᠯᠪᠠᠨ ᠭᠡᠷ᠂ ᠲᠦᠬᠡᠬᠡᠯ ᠣᠰᠣᠨ ᠤ ᠺᠣᠮᠫᠠᠨᠢ ᠶᠢᠨ ᠬᠠᠷᠢᠭᠤᠴᠠᠯᠭᠠᠳᠠᠨ ᠨᠠᠷ ᠤᠨ 2019 ᠣᠨ ᠤ ᠬᠤᠳᠠ ᠪᠠᠯᠭᠠᠰᠣᠨ ᠤ ᠪᠦᠳᠦᠬᠡᠨ ᠪᠠᠶᠢᠭᠤᠯᠣᠯᠳᠠ ᠬᠠᠮᠢᠶᠠᠷᠣᠯᠳᠠ ᠶᠢᠨ ᠠᠵᠢᠯ ᠤᠨ ᠲᠣᠬᠠᠢ ᠬᠢᠨᠠᠮᠠᠭᠠᠢ ᠰᠣᠨᠣᠰᠴᠣ᠂ ᠪᠦᠬᠦ ᠲᠠᠯ᠎ᠠ ᠶᠢᠨ ᠪᠠᠶᠢᠷᠢᠯᠠᠭᠤᠯᠣᠯᠳᠠ ᠬᠢᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号