2 ᠰᠠᠷᠠᠶᠢᠨ 27 ᠤ ᠡᠳᠤᠷ᠂ ᠬᠠᠮᠢᠶᠠᠷᠤᠯᠳᠠ ᠶᠢᠨ ᠤᠷᠤᠨ ᠤ ᠬᠠᠪᠤᠷ ᠤᠨ ᠤᠯᠠᠷᠢᠯ ᠤᠨ ᠲᠠᠯ᠎ᠠ ᠨᠤᠳᠤᠭ ᠤᠢ | ᠰᠢᠭᠤᠢ ᠶᠢᠨ ᠭᠠᠯ ᠠᠴᠠ ᠰᠡᠷᠭᠡᠶᠢᠯᠡᠭᠦ ᠠᠵᠢᠯ ᠤᠨ ᠲᠤᠰᠬᠠᠢ ᠬᠤᠷᠠᠯ ᠬᠤᠷᠠᠯᠳᠤᠪᠠ᠂ ᠡᠯ᠎ᠠ ᠮᠠᠯᠵᠢᠯ ᠤᠨ ᠲᠠᠯᠠᠪᠠᠢ | ᠪᠠᠯᠭᠠᠰᠤ ᠳᠠᠬᠢ ᠬᠠᠮᠢᠶ᠎ᠠ ᠪᠥᠭᠦᠢ ᠰᠠᠯᠠᠭ᠎ᠠ ᠮᠥᠴᠢᠷ ᠤᠳ ᠲᠠᠯ᠎ᠠ ᠨᠤᠳᠤᠭ ᠤᠨ ᠭᠠᠯ ᠠᠴᠠ ᠰᠡᠷᠭᠡᠶᠢᠯᠡᠭᠦ ᠠᠵᠢᠯ ᠤᠨ | ᠬᠡᠴᠡᠭᠦᠥ ᠪᠠᠶᠢᠳᠠᠯ ᠢ ᠬᠥᠢᠴᠡᠳ ᠤᠶᠢᠯᠠᠭᠠᠬᠤ ᠶᠢ ᠴᠢᠬᠤᠯᠠᠴᠢᠯᠠᠵᠤ᠂ ᠥᠨᠡᠨᠬᠦ ᠡᠭᠦᠷᠭᠡ ᠬᠠᠷᠢᠭᠤᠴᠠᠯᠭᠠᠳᠤ ᠰᠡᠳᠬᠢᠯᠭᠡ | ᠲᠠᠢ ᠪᠠᠶᠢᠵᠤ᠂ ᠪᠥᠭᠦ ᠤᠷᠤᠨ᠂ ᠠᠶᠢᠮᠠᠭ ᠤᠨ ᠤᠢ ᠰᠢᠭᠤᠢ ᠲᠠᠯ᠎ᠠ ᠨᠤᠳᠤᠭ ᠤᠨ ᠭᠠᠯ ᠠᠴᠠ ᠰᠡᠷᠭᠡᠶᠢᠯᠡᠭᠦ ᠭᠠᠯ ᠢ | ᠤᠨᠳᠠᠷᠠᠭᠠᠬᠤ ᠲᠧᠯᠸᠢᠰ ᠤᠳᠡᠰᠤᠳᠤ ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠲᠤᠭᠤᠰᠢᠯᠠᠭᠤᠯᠬᠤ ᠶᠢᠨ ᠲᠥᠯᠤᠭᠡ | ᠂ ᠪᠥᠭᠦ ᠬᠥᠴᠤ ᠪᠠᠷ ᠥᠨᠤ ᠬᠠᠪᠤᠷ ᠤᠨ ᠲᠠᠯ᠎ᠠ ᠨᠤᠳᠤᠭ ᠤᠢ ᠰᠢᠭᠤᠢ ᠶᠢᠨ ᠭᠠᠯ ᠠᠴᠠ ᠰᠡᠷᠬᠡᠶᠢᠯᠡᠬᠦ ᠠᠵᠢᠯ ᠢ ᠬᠢᠨ᠎ᠡ | ᠃ ᠬᠠᠮᠢᠶᠠᠷᠤᠯᠳᠠ ᠶᠢᠨ ᠵᠥᠪᠯᠡᠯ ᠤᠨ ᠲᠡᠳ᠋ ᠡᠷᠬᠢᠯᠡᠭᠴᠢ ᠶᠠᠨ ᠯᠢ ᠵᠢᠶᠦ᠋ᠨ ᠬᠤᠷᠠᠯ ᠡᠷᠬᠢᠯᠡᠵᠤ ᠪᠠᠰᠠ ᠶᠡᠷᠢᠶ᠎ᠠ | ᠲᠠᠯᠪᠢᠵᠠᠢ ᠃ | ᠶᠠᠨ ᠯᠢ ᠵᠢᠶᠦ᠋ᠨ ᠶᠠᠷᠢᠶᠠᠨ ᠳᠠᠭᠠᠨ ᠭᠤᠷᠪᠠᠨ ᠲᠠᠯ᠎ᠠ ᠶᠢᠨ ᠰᠠᠨᠠᠯ ᠲᠤᠷᠠᠳᠴᠠᠢ ᠄ | ᠬᠠᠷᠢᠭᠤᠴᠠᠯᠭ᠎ᠠ ᠲᠤᠳᠤᠷᠠᠭᠤᠯᠬᠤ ᠶᠢ ᠠᠩᠬᠠᠷᠤᠨ᠎ᠠ᠃ ᠡᠯ᠎ᠠ ᠮᠠᠯᠵᠢᠯ ᠤᠨ ᠲᠠᠯᠠᠪᠠᠢ ᠪᠠᠯᠭᠠᠰᠤ ᠳᠠᠬᠢ ᠬᠠᠮᠢᠶ᠎ᠠ | ᠪᠥᠭᠦᠢ ᠰᠠᠯᠪᠤᠷᠢ ᠶᠢᠨ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠵᠠᠰᠠᠭ ᠤᠨ ᠶᠠᠪᠤᠳᠠᠯ ᠲᠠᠢ ᠲᠠᠷᠤᠭ᠎ᠠ | ᠬᠠᠷᠢᠭᠤᠴᠠᠬᠤ ᠲᠥᠷᠢᠮ ᠶᠢ ᠴᠢᠩᠭ᠎ᠠ ᠲᠤᠭᠤᠰᠢᠯᠠᠭᠤᠯᠤᠨ᠎ᠠ᠃ ︽ᠲᠠᠪᠤ ᠶᠢ ᠬᠠᠮᠢᠶᠠᠷᠤᠬᠰᠠᠨ ᠬᠠᠷᠢᠭᠤᠴᠠᠯᠭ᠎ᠠ ᠶᠢᠨ | ᠲᠥᠷᠢᠮ︾ ᠢ ᠥᠷᠭᠦᠯᠵᠢᠯᠠᠨ ᠬᠡᠷᠡᠭᠵᠢᠭᠦᠯᠵᠤ᠂ ᠭᠠᠯ ᠠᠴᠠ ᠰᠡᠷᠭᠡᠶᠢᠯᠡᠭᠦ ᠬᠠᠷᠢᠭᠤᠴᠠᠬᠤ ᠤᠷᠤᠨ ᠬᠤᠪᠢᠶᠠᠷᠢᠯᠠᠵᠤ᠂ | ᠱᠠᠳᠤ ᠱᠠᠳᠤ ᠪᠠᠷ ᠭᠠᠯ ᠰᠡᠷᠭᠡᠶᠢᠯᠡᠭᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠤᠭ᠌ ᠵᠢᠷᠤᠨ᠎ᠠ᠃ ᠬᠥᠮᠤᠨ | ᠪᠥᠷᠢ ᠳᠤ ᠭᠠᠵᠠᠷ ᠪᠤᠯᠠᠭᠠᠨ ᠭᠠᠯ ᠠᠴᠠ ᠰᠡᠷᠭᠡᠶᠢᠯᠡᠭᠦ ᠬᠤᠪᠢᠶᠠᠷᠢ ᠤᠷᠤᠨ ᠢ ᠲᠤᠳᠤᠷᠬᠠᠶᠢᠯᠠᠨ᠎ᠠ᠃ ᠭᠠᠯ ᠰᠡᠷᠭᠡᠶᠢᠯᠡᠭᠦ | ᠠᠷᠭ᠎ᠠ ᠠᠪᠴᠠᠯ ᠢ ᠠᠯᠬᠤᠮ ᠪᠥᠷᠢ ᠳᠤ ᠲᠤᠭᠤᠰᠢᠯᠠᠭᠤᠯᠤᠨ᠎ᠠ᠃ ︽ᠭᠤᠷᠪᠠ ᠶᠢ ᠪᠠᠳᠤᠯᠠᠬᠤ︾ ᠬᠠᠷᠠᠯᠳᠠ ᠶᠢ | ᠴᠢᠷᠮᠠᠶᠢᠨ ᠪᠡᠶᠡᠯᠡᠭᠦᠯᠤᠨ᠎ᠠ᠃ ᠬᠠᠮᠢᠶᠠᠷᠤᠯᠳᠠ ᠶᠢᠨ ᠤᠷᠤᠨ ᠠᠴᠠ ᠡᠯ᠎ᠠ ᠮᠠᠯᠵᠢᠯ ᠤᠨ ᠲᠠᠯᠠᠪᠠᠢ ᠪᠠᠯᠭᠠᠰᠤ ᠶᠢᠨ ᠬᠠᠮᠢᠶ᠎ᠠ | ᠪᠥᠭᠦᠢ ᠰᠠᠯᠠᠭ᠎ᠠ ᠮᠥᠴᠢᠷ ᠤᠨ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠠᠵᠢᠯ ᠳᠤ ᠬᠢᠨᠠᠯᠳᠠ ᠲᠠᠯᠪᠢᠬᠤ | ᠪᠠ ᠬᠠᠷᠢᠭᠤᠴᠠᠭᠤᠯᠬᠤ ᠬᠥᠴᠤᠨ ᠶᠢ ᠨᠡᠮᠡᠭᠳᠡᠭᠦᠯᠵᠥ᠂ ᠠᠵᠢᠯ ᠠᠴᠠ ᠬᠠᠷᠢᠭᠤᠴᠠᠯᠭ᠎ᠠ ᠠᠯᠳᠠᠬᠤ᠂ ᠲᠤᠰᠢᠶᠠᠯ ᠢᠶᠠᠨ | ᠭᠤᠳᠤᠭᠠᠬᠤ ᠡᠰᠡᠭᠦᠯ᠎ᠠ ᠬᠠᠷᠢᠭᠤᠴᠠᠯᠭ᠎ᠠ ᠶᠢᠨ ᠲᠥᠷᠢᠮ ᠶᠢ ᠲᠤᠭᠤᠰᠢᠯᠠᠭᠤᠯᠬᠤ ᠦᠭᠡᠢ ᠠᠴᠠ ᠪᠤᠯᠵᠤ ᠲᠠᠯ᠎ᠠ ᠨᠤᠳᠤᠭ | ᠤᠢ ᠰᠢᠭᠤᠢ ᠶᠢᠨ ᠭᠠᠯ ᠤᠨ ᠠᠶᠤᠯ ᠡᠬᠦᠰᠴᠤ᠂ ᠬᠥᠨᠳᠤ ᠶᠡᠭᠡ ᠬᠤᠬᠢᠷᠠᠯ ᠭᠠᠷᠪᠠᠯ᠂ ᠬᠠᠤᠯᠢ ᠶᠤᠰᠤᠭᠠᠷ ᠬᠠᠮᠢᠭ᠎ᠠ | ᠪᠥᠬᠦᠢ ᠤᠳᠤᠷᠢᠳᠤᠯᠭ᠎ᠠ ᠪᠠ ᠬᠠᠷᠢᠭᠤᠴᠠᠯᠭᠠᠳᠠᠨ ᠠᠴᠠ ᠭᠡᠷᠡᠭ ᠨᠡᠬᠡᠮᠵᠢᠯᠡᠨ᠎ᠠ᠃ | ᠭᠠᠯ ᠤᠨ ᠠᠶᠤᠯ ᠠᠴᠠ ᠰᠡᠷᠭᠢᠢᠯᠡᠭᠦ ᠶᠢ ᠠᠩᠬᠠᠷᠤᠨ᠎ᠠ᠃ ᠬᠠᠤᠯᠢ ᠲᠥᠭᠡᠮᠡᠯᠵᠢᠭᠦᠯᠭᠦ ᠰᠤᠷᠳᠠᠯᠴᠢᠯᠠᠭ᠎ᠠ ᠬᠢᠵᠤ | ᠰᠤᠷᠭᠠᠬᠤ ᠬᠥᠴᠤᠨ ᠢ ᠨᠡᠮᠡᠭᠳᠡᠭᠦᠯᠤᠨ᠎ᠠ᠃ ᠬᠠᠨᠭ᠍ᠰᠢ᠂ ᠲᠠᠪᠤᠨ ᠰᠠᠷ᠎ᠠ ᠶᠢᠨ ᠨᠢᠭᠡᠨ ᠵᠡᠷᠭᠡ ᠴᠢᠬᠤᠯᠠ ᠴᠠᠭ ᠂ | ᠪᠠᠶᠠᠷ ᠤᠨ ᠡᠳᠤᠷ ᠵᠢᠴᠢ ᠲᠠᠯ᠎ᠠ ᠨᠣᠳᠤᠭ ᠤᠨ ᠭᠠᠯ ᠠᠴᠠ ᠰᠡᠷᠬᠡᠶᠢᠯᠡᠬᠦ ᠣᠬᠠᠭᠤᠯᠭ᠎ᠠ ᠶᠢᠨ ᠭᠠᠷᠠᠭ ᠪᠣᠯᠣᠨ | ᠣᠬᠠᠭᠤᠯᠭ᠎ᠠ ᠶᠢᠨ ᠰᠠᠷ᠎ᠠ ᠢᠶᠠᠷ ᠷᠠᠳᠢᠣ᠋ ᠲᠧᠯᠸᠢᠰ᠂ ᠰᠦᠯᠵᠢᠶ᠎ᠡ ᠵᠢᠷᠬᠢᠶ᠎ᠡ ᠵᠡᠷᠬᠡ ᠣᠯᠠᠨ ᠵᠦᠢᠯ ᠤᠨ ᠲᠠᠪᠴᠠᠩ ᠢ | ᠠᠰᠢᠭᠯᠠᠨ ᠬᠠᠮᠢᠶ᠎ᠠ ᠪᠦᠬᠦᠢ ᠬᠠᠣᠯᠢ ᠲᠣᠭᠳᠠᠭᠠᠯ ᠤᠨ ᠲᠣᠭᠤᠷᠢᠨ ᠳᠤ ᠦᠨᠳᠦᠷ ᠨᠢᠭᠳᠠᠴᠠ ᠲᠠᠢ ᠴᠢᠨᠠᠷ ᠰᠠᠶᠢᠳᠠᠢ | ᠣᠯᠠᠨ ᠴᠡᠭ ᠲᠤ ᠦᠷᠬᠡᠨ ᠬᠡᠪᠴᠢᠶ᠎ᠡ ᠪᠠᠷ ᠭᠠᠯ ᠠᠴᠠ ᠰᠡᠷᠬᠡᠶᠢᠯᠡᠬᠦ ᠣᠬᠠᠭᠤᠯᠭ᠎ᠠ ᠶᠢᠨ ᠬᠦᠳᠡᠯᠬᠡᠬᠡᠨ ᠢ ᠦᠨᠴᠦᠭ | ᠪᠣᠯᠣᠩ ᠦᠯᠡᠳᠡᠬᠡᠬᠦ ᠦᠬᠡᠢ ᠦᠷᠨᠢᠬᠦᠯᠦᠨ᠎ᠡ᠃ ᠭᠤᠣᠯᠳᠠᠯᠭ᠎ᠠ ᠲᠠᠢ ᠭᠠᠯ ᠤᠨ ᠠᠶᠣᠯ ᠲᠠᠢ ᠣᠷᠣᠨ ᠤ ᠬᠠᠮᠢᠶᠠᠷᠣᠯᠳᠠ | ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠭᠠᠯ ᠤᠨ ᠠᠶᠣᠯ ᠲᠠᠢ ᠣᠷᠣᠨ ᠤ ᠵᠢᠵᠢᠬᠦᠷ᠂ ᠪᠠᠶᠢᠴᠠᠭᠠᠯᠳᠠ ᠶᠢ | ᠴᠢᠩᠭᠠᠳᠬᠠᠵᠦ᠂ ᠬᠠᠩᠰᠢ ᠠᠴᠠ ᠡᠮᠦᠨ᠎ᠡ ᠨᠢᠬᠡ ᠣᠳᠠᠭᠠᠨ ᠤ ᠪᠦᠬᠦ ᠲᠠᠯ᠎ᠠ ᠶᠢᠨ ᠨᠠᠷᠢᠯᠢᠭ ᠭᠠᠯ ᠤᠨ ᠠᠶᠣᠯ ᠢ | ᠪᠠᠶᠢᠴᠠᠭᠠᠬᠤ ᠵᠠᠰᠠᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠵᠦ᠂ ᠭᠤᠣᠯᠳᠠᠯᠭ᠎ᠠ ᠲᠠᠢ ᠭᠠᠯ ᠤᠨ ᠠᠶᠣᠯ ᠲᠠᠢ | ᠣᠷᠣᠨ ᠳᠤ ᠣᠷᠣᠬᠤ ᠬᠦᠮᠦᠨ ᠪᠠ ᠮᠠᠰᠢᠨ ᠢ ᠴᠢᠩᠭ᠎ᠠ ᠡᠵᠡᠮᠳᠡᠵᠦ᠂ ᠭᠠᠯ ᠤᠨ ᠡᠬᠢ ᠢ ᠪᠠᠶᠢᠴᠠᠭᠠᠬᠤ ᠬᠤᠷᠢᠶᠠᠬᠤ | ᠲᠦᠷᠢᠮ ᠢ ᠬᠠᠳᠠᠭᠤ ᠬᠡᠷᠡᠭᠵᠢᠬᠦᠯᠦᠨ᠎ᠡ᠃ ᠬᠡᠬᠡᠷ᠎ᠡ ᠭᠠᠳᠠᠨ᠎ᠠ ᠶᠢᠨ ᠭᠠᠯ ᠤᠨ ᠰᠣᠷᠪᠣᠯᠵᠢ ᠶᠢ ᠴᠢᠩᠭ᠎ᠠ ᠬᠠᠮᠢᠶᠠᠷᠣᠨ᠎ᠠ᠃ | ᠭᠠᠯ ᠤᠨ ᠰᠣᠷᠪᠣᠯᠵᠢ ᠶᠢᠨ ᠬᠠᠮᠢᠶᠠᠷᠣᠯᠳᠠ ᠡᠵᠡᠮᠳᠡᠯᠳᠡ ᠪᠣᠯᠣᠨ ᠭᠠᠯ ᠤᠨ ᠪᠠᠶᠢᠳᠠᠯ ᠢ ᠬᠢᠨᠠᠨ ᠬᠡᠮᠵᠢᠬᠦ | ᠣᠷᠢᠳᠴᠢᠯᠠᠭᠰᠠᠨ ᠰᠡᠷᠡᠮᠵᠢ ᠶᠢ ᠦᠨᠡᠨᠬᠦ ᠴᠢᠩᠭᠠᠷᠠᠭᠤᠯᠵᠦ᠂ ᠬᠠᠩᠰᠢ ᠪᠣᠯᠪᠠᠯ ᠭᠠᠯ ᠰᠡᠷᠬᠡᠶᠢᠯᠡᠬᠦ ᠲᠠᠶᠢᠨ ᠤ ᠱᠣᠭᠤᠮ | ᠳᠠᠬᠢ ᠪᠦᠬᠦ ᠬᠦᠴᠦᠨ ᠢ ᠵᠣᠬᠢᠶᠠᠨ ᠪᠠᠶᠢᠭᠤᠯᠵᠦ ᠵᠢᠵᠢᠬᠦᠷᠯᠡᠨ ᠴᠠᠭᠳᠠᠨ ᠪᠠᠶᠢᠴᠠᠭᠠᠵᠦ᠂ ᠪᠣᠩᠬᠤᠨ ᠲᠡᠭᠡᠷ᠎ᠡ ᠴᠠᠭᠠᠰᠣ | ᠰᠢᠳᠠᠭᠠᠬᠤ ᠶᠢ ᠡᠷᠡᠰ ᠬᠤᠷᠢᠭᠯᠠᠨ᠂ ᠬᠠᠩᠰᠢ ᠶᠢᠨ ᠪᠠᠶᠠᠷ ᠢᠶᠠᠷ ᠭᠠᠯ ᠤᠨ ᠠᠶᠣᠯ ᠦᠬᠡᠢ ᠪᠠᠶᠢᠬᠤ ᠬᠠᠷᠠᠯᠳᠠ ᠶᠢ | ᠪᠠᠳᠣᠯᠠᠨ᠎ᠠ᠃ ᠬᠢᠯᠢ ᠶᠢᠨ ᠭᠠᠳᠠᠨᠠᠬᠢ ᠭᠠᠯ ᠤᠨ ᠰᠡᠷᠬᠡᠶᠢᠯᠡᠯᠳᠡ ᠶᠢ ᠴᠢᠬᠤᠯᠠᠴᠢᠯᠠᠨ᠎ᠠ᠃ ᠣᠶᠢᠷ᠎ᠠ ᠬᠠᠪᠢ ᠣᠷᠣᠨ | ᠯᠤᠭ᠎ᠠ ᠬᠤᠯᠪᠣᠭᠠᠯᠠᠨ ᠰᠡᠷᠬᠡᠶᠢᠯᠡᠬᠦ ᠡᠵᠡᠮᠳᠡᠬᠦ ᠲᠣᠭᠳᠠᠯᠴᠠᠭ᠎ᠠ ᠶᠢ ᠪᠠᠶᠢᠭᠤᠯᠣᠨ᠂ ᠬᠠᠮᠢᠶᠠᠷᠣᠯᠳᠠ ᠶᠢᠨ ᠣᠷᠣᠨ ᠤ ᠬᠢᠯᠢ | ᠲᠠᠭᠠᠣ ᠭᠠᠯ ᠤᠨ ᠠᠶᠣᠯ ᠡᠬᠦᠰᠪᠡᠯ᠂ ᠴᠠᠭ ᠢ ᠠᠮᠵᠢᠨ ᠲᠣᠬᠢᠷᠠᠯᠴᠠᠭᠤᠯᠣᠨ ᠭᠠᠯ ᠣᠨᠳᠠᠷᠠᠭᠠᠬᠤ ᠶᠢᠨ ᠬᠠᠮᠳᠣ ᠬᠢᠯᠢ | ᠲᠡᠭᠡᠷ᠎ᠡ ᠲᠦᠭᠵᠢᠨ ᠣᠨᠳᠠᠷᠠᠭᠠᠵᠦ ᠠᠪᠣᠷᠠᠬᠤ ᠠᠵᠢᠯ ᠢ ᠪᠦᠬᠦ ᠬᠦᠴᠦᠨ ᠢᠶᠠᠷ ᠰᠠᠶᠢᠳᠣᠷ ᠬᠢᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠶᠢ ᠠᠳᠬᠤᠨ᠎ᠠ᠃ ᠡᠯ᠎ᠠ ᠭᠠᠯ ᠠᠴᠠ ᠰᠡᠷᠭᠡᠶᠢᠯᠡᠭᠦ ᠬᠠᠷᠢᠭᠤᠴᠠᠯᠭ᠎ᠠ ᠶᠢᠨ | ᠤᠷᠤᠨ ᠥᠨᠳᠤᠷ ᠬᠡᠮᠵᠢᠶ᠎ᠠ ᠪᠠᠷ ᠰᠡᠷᠡᠮᠵᠢᠯᠠᠵᠤ᠂ ᠪᠥᠭᠦ ᠲᠠᠯ᠎ᠠ ᠪᠠᠷ ᠲᠠᠶᠢᠨ ᠢ ᠡᠰᠡᠷᠬᠦᠴᠡᠭᠦ ᠪᠠᠶᠢᠳᠠᠯ ᠳᠤ ᠤᠷᠤᠨ᠎ᠠ᠃ | ᠤᠯᠠᠮ ᠠᠴᠠ ᠲᠠᠯ᠎ᠠ ᠨᠤᠳᠤᠭ ᠤᠢ ᠰᠢᠭᠤᠢ ᠭᠠᠯ ᠠᠴᠠ ᠰᠡᠷᠭᠡᠶᠢᠯᠡᠭᠦ ᠪᠠᠴᠢᠮ ᠪᠠᠶᠢᠳᠠᠯ ᠢ ᠠᠷᠭᠠᠴᠠᠭᠠᠬᠤ | ᠤᠷᠢᠳᠴᠢᠯᠠᠭᠰᠠᠨ ᠲᠥᠯᠤᠪᠯᠡᠭᠡ ᠶᠢ ᠲᠡᠭᠦᠯᠳᠡᠷᠵᠢᠭᠦᠯᠤᠨ᠎ᠠ᠃ ᠪᠤᠳᠠᠳᠠᠢ ᠪᠠᠷ ᠪᠠᠴᠢᠮ ᠪᠠᠶᠢᠳᠠᠯ ᠢ ᠠᠷᠭᠠᠴᠠᠭᠠᠬᠰᠠᠨ | ᠤᠷᠢᠳᠴᠢᠯᠠᠭᠰᠠᠨ ᠲᠥᠯᠤᠪᠯᠡᠭᠡ ᠶᠢ ᠠᠵᠢᠯᠯᠠᠭᠤᠯᠬᠤ ᠴᠢᠨᠠᠷ ᠪᠠ ᠰᠢᠨᠵᠢᠯᠡᠭᠦ ᠤᠬᠠᠭᠠᠨᠴᠢ ᠴᠢᠨᠠᠷ ᠶᠢ ᠪᠤᠳᠠᠳᠠᠢ | ᠲᠡᠭᠡᠭᠰᠢᠯᠡᠭᠦᠯᠤᠨ᠎ᠠ᠃ ᠭᠠᠯ ᠠᠴᠠ ᠰᠡᠷᠭᠡᠶᠢᠯᠡᠭᠦ ᠲᠠᠶᠢᠨ ᠤ ᠪᠤᠯᠪᠠᠰᠤᠷᠠᠯ ᠢ ᠴᠢᠩᠭᠠᠳᠭᠠᠵᠤ ᠪᠠᠰᠠ ᠭᠠᠯ ᠰᠡᠷᠭᠡᠶᠢᠯᠡᠭᠦ | ᠪᠤᠳᠠᠰ ᠤᠨ ᠪᠠᠯᠡᠳᠭᠡᠯ ᠢ ᠴᠢᠭᠭᠠᠳᠭᠠᠨᠠ᠂ ᠭᠠᠯ ᠰᠡᠷᠭᠡᠶᠢᠯᠡᠭᠦ ᠬᠤᠭᠤᠴᠠᠭᠠᠨ ᠳᠤ ᠮᠠᠯᠵᠢᠯ ᠤᠨ ᠲᠠᠯᠠᠪᠠᠢ ᠪᠠᠯᠭᠠᠰᠤ ᠶᠢᠨ | ᠭᠠᠯ ᠰᠡᠷᠭᠡᠶᠢᠯᠡᠭᠦ ᠲᠤᠭᠤᠶᠢᠯᠠᠩ ᠴᠠᠭ ᠢᠮᠠᠭᠳᠠ ᠵᠠᠷᠯᠢᠭ ᠬᠥᠯᠢᠶᠠᠨ᠎ᠠ᠃ ︽ᠭᠠᠯ ᠢ ᠪᠠᠭ᠎ᠠ ᠳᠤᠨᠢ᠂ ᠡᠷᠳᠠ ᠳᠤᠨᠢ᠂ | ᠲᠠᠭᠤᠰᠳᠠᠯ᠎ᠠ ᠤᠨᠳᠠᠷᠠᠭᠠᠬᠤ︾ ᠶᠢ ᠪᠠᠶᠡᠯᠡᠭᠦᠯᠤᠨᠠ᠃ ᠬᠤᠷᠠᠯ ᠲᠡᠭᠡᠷ᠎ᠠ᠂ ᠬᠠᠮᠢᠶᠠᠷᠤᠯᠳᠠ ᠶᠢᠨ ᠤᠷᠤᠨ ᠤ ᠭᠠᠯ ᠠᠴᠠ | ᠰᠡᠷᠭᠡᠶᠢᠯᠡᠭᠦ ᠠᠯᠪᠠᠨ ᠭᠡᠷ ᠤᠨ ᠡᠷᠬᠢᠯᠡᠭᠴᠢ ᠠᠴᠠ 2018 ᠤᠨ ᠤ ᠲᠠᠯ᠎ᠠ ᠨᠤᠳᠤᠭ ᠤᠢ ᠰᠢᠭᠤᠢ ᠶᠢᠨ ᠭᠠᠯ | ᠰᠡᠷᠭᠡᠶᠢᠯᠡᠭᠦ ᠠᠵᠢᠯ ᠢ ᠮᠡᠳᠡᠭᠳᠡᠵᠤ᠂ 2019 ᠤᠨ ᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠭᠦ ᠠᠵᠢᠯ ᠳᠤ | ᠪᠠᠶᠢᠷᠢᠯᠠᠭᠤᠯᠤᠯᠳᠠ ᠬᠢᠵᠠᠢ᠃ | ᠬᠠᠮᠢᠶᠠᠷᠤᠯᠳᠠ ᠶᠢᠨ ᠤᠷᠤᠨ ᠤ ᠭᠤᠷᠪᠠᠨ ᠮᠠᠯᠵᠢᠯ ᠤᠨ ᠲᠠᠯᠠᠪᠠᠢ ᠪᠠᠯᠭᠠᠰᠤ ᠡᠯ᠎ᠠ ᠭᠠᠯ ᠢ ᠰᠡᠷᠭᠡᠶᠢᠯᠡᠭᠦ ᠭᠡᠰᠢᠭᠦᠨ | ᠨᠢᠭᠡᠴᠢ ᠶᠢᠨ ᠬᠠᠮᠢᠭ᠎ᠠ ᠪᠥᠭᠦᠢ ᠡᠷᠬᠢᠯᠡᠭᠴᠢ ᠬᠤᠷᠠᠯ ᠳᠤ ᠤᠷᠤᠯᠴᠠᠵᠠᠢ᠃ | |