ᠤᠯᠠᠭᠠᠢ ᠬᠠᠮᠢᠶᠠᠷᠤᠯᠳᠠ ᠶᠢᠨ ᠤᠷᠤᠨ 2019 ᠤᠨ ᠤ ᠨᠠᠮ ᠤᠨ ᠪᠥᠳᠤᠭᠡᠨ ᠪᠠᠶᠢᠭᠤᠯᠤᠯᠳᠠ ᠶᠢᠨ ᠬᠤᠷᠠᠯ ᠵᠢᠴᠢ ᠨᠢᠭᠡᠳᠤᠮᠠᠯ  ᠹᠷᠣᠨᠲ᠂ ᠤᠬᠠᠭᠤᠯᠬᠤ ᠬᠡᠯᠳᠡᠰ᠂ ᠵᠤᠬᠢᠶᠠᠨ ᠪᠠᠶᠢᠭᠤᠯᠬᠤ ᠬᠡᠯᠳᠡᠰ ᠤᠨ ᠠᠵᠢᠯ ᠤᠨ ᠬᠤᠷᠠᠯ ᠬᠢᠵᠡᠢ
ᠨᠡᠶᠢᠲᠡᠯᠡᠭᠰᠡᠨ ᠴᠠᠭ᠄
2019/4/1
     ᠤᠯᠠᠭᠠᠢ ᠬᠠᠮᠢᠶᠠᠷᠤᠯᠳᠠ ᠶᠢᠨ ᠤᠷᠤᠨ 2019 ᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠷᠠᠯ ᠵᠢᠴᠢ ᠨᠢᠭᠡᠳᠤᠮᠠᠯ  ᠹᠷᠣᠨᠲ᠂ ᠤᠬᠠᠭᠤᠯᠬᠤ ᠬᠡᠯᠳᠡᠰ᠂ ᠵᠤᠬᠢᠶᠠᠨ ᠪᠠᠶᠢᠭᠤᠯᠬᠤ ᠬᠡᠯᠳᠡᠰ ᠤᠨ ᠠᠵᠢᠯ ᠤᠨ ᠬᠤᠷᠠᠯ ᠬᠤᠷᠠᠯᠳᠤᠵᠤ᠂ ᠬᠤᠷᠠᠯ ᠳᠤ ᠲᠥᠪ ᠤᠨ᠂ ᠥᠪᠡᠷᠳᠡᠭᠡᠨ ᠵᠠᠰᠠᠬᠤ ᠤᠷᠤᠨ᠂ ᠠᠶᠢᠮᠠᠭ ᠤᠨ ᠬᠤᠷᠢᠶ᠎ᠡ ᠶᠢᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠲᠤᠭᠤᠰᠢᠯᠠᠭᠤᠯᠵᠤ  ᠂ 2018 ᠤᠨ ᠤ ᠨᠠᠮ ᠤᠨ ᠪᠥᠳᠤᠭᠡᠨ ᠪᠠᠶᠢᠭᠤᠯᠤᠯᠳᠠ ᠶᠢᠨ ᠠᠵᠢᠯ ᠢ ᠡᠷᠬᠢᠴᠡᠭᠦᠯᠵᠤ᠂ 2019 ᠤᠨ ᠤ ᠨᠠᠮ ᠤᠨ ᠪᠥᠳᠤᠭᠡᠨ ᠪᠠᠶᠢᠭᠤᠯᠤᠯᠳᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠤ᠂ ᠨᠠᠮ ᠤᠨ ᠪᠥᠳᠤᠭᠡᠨ ᠪᠠᠶᠢᠭᠤᠯᠤᠯᠳᠠ ᠶᠢᠨ ᠠᠵᠢᠯ ᠤᠨ ᠰᠢᠨᠵᠢᠯᠡᠭᠦ ᠤᠬᠠᠭᠠᠨᠴᠢ ᠬᠢᠷᠢ ᠲᠥᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠤᠨ᠎ᠠ᠃ ᠬᠠᠮᠢᠶᠠᠷᠤᠯᠳᠠ ᠶᠢᠨ ᠤᠷᠤᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠥᠵᠢ᠂ ᠬᠠᠮᠢᠶᠠᠷᠤᠯᠳᠠ ᠶᠢᠨ ᠵᠥᠪᠯᠡᠯ ᠤᠨ ᠡᠷᠬᠢᠯᠡᠭᠴᠢ ᠯᠢᠩ ᠵᠦ ᠬᠤᠷᠠᠯ ᠳᠤ ᠤᠷᠤᠯᠴᠠᠵᠤ᠂ ᠪᠥᠭᠦ  ᠵᠢᠯ ᠤᠨ ᠨᠠᠮ ᠤᠨ ᠠᠵᠢᠯ ᠤᠨ ᠲᠤᠬᠠᠢ ᠴᠢᠬᠤᠯᠨ ᠶᠠᠷᠢᠶ᠎ᠠ ᠲᠠᠯᠪᠢᠵᠠᠢ᠃      ᠯᠢᠩ ᠵᠦ ᠵᠢᠭᠠᠵᠤ ᠭᠠᠷᠭᠠᠬᠰᠠᠨ ᠨᠢ᠂ 2018 ᠤᠨ ᠳᠤ᠂ ᠬᠠᠮᠢᠶᠠᠷᠤᠯᠳᠠ ᠶᠢᠨ ᠤᠷᠤᠨ ᠤ ᠨᠠᠮ ᠤᠨ ᠠᠵᠢᠯ ᠤᠨ ᠬᠤᠷᠢᠶᠠᠨ ᠤ ᠡᠷᠡᠰ ᠬᠠᠳᠠᠭᠤ ᠤᠳᠤᠷᠢᠳᠤᠯᠭ᠎ᠠ  ᠲᠤᠤᠷ᠎ᠠ᠂  ᠵᠤᠬᠢᠶᠠᠨ ᠪᠠᠶᠢᠭᠤᠯᠬᠤ ᠬᠡᠯᠳᠡᠰ᠂ ᠤᠬᠠᠭᠤᠯᠬᠤ ᠬᠡᠯᠳᠡᠰ᠂ ᠨᠢᠭᠡᠳᠤᠮᠠᠯ ᠹᠷᠣᠨᠲ᠂ ᠤᠯᠠᠨ ᠲᠥᠮᠡᠨ ᠤ ᠪᠥᠯᠬᠦᠮ ᠵᠡᠷᠭᠡ ᠡᠯ᠎ᠠ ᠹᠷᠣᠨᠲ ᠤᠨ ᠶᠡᠷᠤᠩᠭᠡᠢ ᠪᠠᠶᠢᠳᠠᠯ ᠳᠤ ᠲᠥᠪᠯᠡᠷᠡᠵᠤ᠂ ᠠᠵᠢᠯ ᠤᠨ ᠡᠭᠦᠷᠭᠡ ᠴᠢᠳᠠᠮᠵᠢ ᠶᠢᠨ ᠪᠠᠶᠢᠷᠢᠰᠢᠯ ᠢ ᠪᠠᠷᠢᠵᠤ᠂ ᠪᠥᠭᠦ ᠲᠠᠯ᠎ᠠ ᠪᠠᠷ ᠨᠠᠮ  ᠤᠨ ᠰᠠᠬᠢᠯᠭ᠎ᠠ ᠶᠢ ᠴᠡᠭᠴᠡᠯᠡᠭᠦ ᠡᠭᠦᠷᠭᠡ ᠶᠢ ᠲᠤᠭᠤᠰᠢᠯᠠᠭᠤᠯᠵᠤ᠂ ᠥᠨᠡᠨᠬᠦ ᠬᠢᠵᠤ ᠪᠤᠳᠠᠳᠠᠢ ᠬᠢᠵᠤ᠂ ᠬᠥᠴᠢᠷ ᠢ ᠲᠡᠰᠪᠤᠷᠢᠯᠠᠵᠤ᠂ ᠠᠵᠤ ᠠᠬᠤᠢ ᠨᠡᠶᠢᠭᠡᠮ ᠤᠨ ᠲᠤᠬᠳᠠᠪᠤᠷᠢᠳᠠᠢ ᠡᠷᠡᠭᠦᠯ ᠲᠤᠭᠲᠠᠬᠤᠨ ᠢᠶᠠᠷ ᠬᠥᠭᠵᠢᠭᠦ ᠳᠤ ᠡᠷᠡᠰ ᠬᠠᠳᠠᠭᠤ   ᠪᠠᠳᠣᠯᠠᠭ᠎ᠠ ᠶᠢ ᠬᠠᠨᠭ᠍ᠭᠠᠨᠨ᠎ᠠ᠃     ᠯᠢᠩ ᠵᠦ ᠴᠢᠬᠤᠯᠴᠢᠯᠠᠬᠰᠠᠨ ᠨᠢ᠂ 2019 ᠤᠨ ᠳᠤ  ᠂ ᠰᠢᠨ᠎ᠠ ᠴᠠᠭ ᠥᠶ᠎ᠠ ᠶᠢᠨ ᠨᠠᠮ ᠤᠨ ᠪᠥᠳᠤᠭᠡᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢ ᠠᠳᠬᠤᠵᠤ᠂ ᠰᠢᠨ᠎ᠠ ᠴᠠᠭ ᠥᠶ᠎ᠠ ᠶᠢᠨ ᠨᠠᠮ ᠤᠨ ᠪᠥᠳᠤᠭᠡᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠳᠤ ᠲᠠᠭᠠᠷᠠᠭᠤᠯᠵᠤ᠂ ᠢᠮᠠᠭᠳᠠ ᠨᠠᠮ ᠤᠨ ᠪᠥᠳᠣᠭᠡᠨ ᠪᠠᠶᠢᠭᠤᠯᠤᠯᠳᠠ ᠶᠢ ᠲᠠᠷᠢᠭᠦᠨ ᠪᠠᠶᠢᠷᠢᠨ ᠳᠤ ᠲᠠᠯᠪᠢᠵᠤ᠂ ᠮᠡᠳᠡᠵᠤ ᠬᠢᠭᠦ ᠶᠢ ᠨᠢᠭᠡᠳᠭᠡᠭᠦ ᠪᠠᠷ ᠨᠠᠮ ᠤᠨ ᠪᠥᠳᠤᠭᠡᠨ ᠪᠠᠶᠢᠭᠤᠯᠤᠯᠳᠠ ᠶᠢᠨ ᠠᠵᠢᠯ ᠤᠨ ᠥᠷ᠎ᠠ ᠪᠥᠳᠤᠮᠵᠢ ᠳ᠋ᠤ᠋‌‍ᠪᠠᠶᠢᠴᠠᠭᠠᠯᠳᠠ ᠬᠢᠭᠦ ᠴᠢᠬᠤᠯᠨ ᠪᠠᠷᠢᠮᠵᠢᠶ᠎ᠠ ᠪᠤᠯᠭᠠᠨ᠎ᠠ᠂ ᠡᠷᠡᠰ ᠲᠠᠰᠤᠷᠬᠠᠢ ᠪᠠᠷ ᠨᠠᠮ ᠤᠨ ᠪᠦᠬᠦ ᠲᠠᠯ᠎ᠠ ᠶᠢᠨ ᠴᠢᠩᠭ᠎ᠠ ᠵᠠᠰᠠᠯᠲᠠ ᠶᠢ ᠬᠥᠨ ᠵᠦᠭ ᠬᠥᠳᠠᠯᠤᠨ᠎ᠠ᠃      ᠨᠢᠭᠡ ᠳᠤ᠂ ᠭᠤᠤᠯ ᠹᠷᠤᠨᠲ ᠲᠤ  ᠴᠢᠩᠭ᠎ᠠ ᠲᠥᠪᠯᠡᠷᠡᠵᠤ᠂  ᠲᠠᠰᠤᠷᠠᠯᠳᠠ ᠥᠭᠡᠢ ᠤᠨᠤᠯ ᠢᠶᠠᠷ ᠵᠡᠪᠰᠡᠭᠯᠠᠵᠤ᠂ ᠥᠵᠠᠯ ᠤᠬᠠᠮᠰᠠᠷ ᠤᠨ ᠬᠡᠯᠪᠠᠷᠢ ᠶᠢᠨ ᠠᠵᠢᠯ ᠤᠨ ᠤᠳᠤᠷᠢᠳᠬᠤ ᠡᠷᠬᠡ ᠶᠢ ᠴᠢᠩᠭ᠎ᠠ ᠠᠳᠬᠤᠵᠤ᠂ ᠲᠤᠬᠳᠠᠪᠤᠷᠢᠳᠠᠢ  ᠪᠠᠷ ᠲᠤᠳᠤᠭᠠᠳᠤ ᠭᠠᠳᠠᠭᠠᠳᠤ ᠳᠠᠬᠢ ᠤᠬᠠᠭᠤᠯᠬᠤ ᠠᠵᠢᠯ ᠤᠨ ᠥᠷ᠎ᠠ ᠪᠥᠳᠤᠮᠵᠢ ᠶᠢ ᠲᠡᠭᠡᠭᠰᠢᠯᠡᠭᠦᠯᠵᠤ᠂ ᠨᠡᠶᠢᠭᠡᠮ ᠵᠢᠷᠤᠮ ᠤᠨ ᠭᠤᠤᠯᠯᠠᠬᠴᠢ ᠥᠷᠳᠡᠭ ᠤᠨ ᠦᠵᠡᠯᠳᠡ ᠶᠢᠨ ᠪᠥᠳᠤᠭᠡᠨ ᠪᠠᠶᠢᠭᠤᠯᠤᠯᠳᠠ ᠶᠢ ᠬᠥᠨᠵᠡᠭᠡᠶᠢᠷᠡᠭᠦᠯᠵᠤ᠂ ᠰᠤᠶᠤᠯ ᠤᠨ ᠠᠵᠤ ᠤᠶᠢᠯᠡᠰ ᠢ ᠥᠨᠳᠤᠷ ᠬᠢᠷᠢ ᠬᠡᠮᠵᠢᠶ᠎ᠠ ᠪᠠᠷ  ᠲᠥᠯᠬᠢᠨ ᠬᠥᠭᠵᠢᠭᠦᠯᠵᠥ᠂ ᠤᠬᠠᠭᠤᠯᠬᠤ ᠥᠵᠡᠯ ᠰᠠᠨᠠᠭᠠᠨ ᠤ ᠠᠵᠢᠯ ᠤᠨ ᠡᠭᠦᠷᠭᠡ ᠶᠢ ᠪᠤᠳᠠᠳᠠᠢ ᠠᠵᠢᠯ ᠵᠢᠵᠢᠭ ᠠᠵᠢᠯ ᠲᠡᠭᠡᠷ᠎ᠠ ᠲᠤᠭᠤᠰᠢᠯᠡᠭᠤᠯᠬᠤ ᠶᠢ ᠲᠥᠯᠬᠢᠨ ᠠᠬᠢᠭᠤᠯᠤᠨ᠎ᠠ᠃ ᠬᠤᠶᠠᠷ ᠲᠤ᠂ ᠵᠤᠬᠢᠶᠠᠨ ᠪᠠᠶᠢᠭᠤᠯᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠴᠢᠬᠤᠯᠴᠢᠯᠠᠵᠤ᠂ ᠨᠠᠮ ᠤᠨ ᠥᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢ ᠲᠥᠯᠬᠢᠨ ᠠᠬᠢᠭᠤᠯᠵᠤ᠂ ᠥᠨᠳᠤᠷ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠤᠵᠢᠭᠦᠯᠵᠤ᠂ ᠴᠢᠳᠠᠪᠤᠷᠢᠳᠠᠨ ᠤ ᠡᠩᠨᠡᠭᠡ ᠪᠥᠳᠤᠭᠡᠨ ᠪᠠᠶᠢᠭᠤᠯᠬᠤ ᠶᠢ ᠴᠢᠩᠭᠠᠳᠬᠠᠵᠤ᠂ ᠪᠤᠳᠠᠳᠠᠢ ᠪᠠᠷ ᠵᠤᠬᠢᠶᠠᠨ ᠪᠠᠶᠢᠭᠤᠯᠬᠤ ᠠᠵᠢᠯ ᠢ ᠪᠥᠳᠤᠭᠡᠯᠴᠢ ᠪᠠᠷ ᠬᠥᠭᠵᠢᠭᠦᠯᠭᠦ ᠶᠢ ᠲᠥᠯᠬᠢᠨ ᠠᠬᠢᠭᠤᠯᠤᠨ᠎ᠠ᠃ ᠭᠤᠷᠪᠠ ᠳᠤ᠂ ᠨᠢᠭᠡᠳᠤᠮᠠᠯ ᠹᠷᠤᠨᠲ ᠨᠡᠶᠢᠭᠡᠮ ᠤᠨ ᠪᠥᠯᠬᠦᠮ ᠤᠨ ᠠᠵᠢᠯ ᠢ ᠦᠨᠡᠨᠬᠦ ᠲᠥᠯᠬᠢᠨ ᠠᠬᠢᠭᠤᠯᠤᠨ᠎ᠠ᠂ ᠥᠨᠳᠤᠰᠤᠳᠠᠨ ᠤ ᠪᠥᠯᠭᠦᠮᠳᠠᠯ ᠬᠦᠭᠵᠢᠯᠳᠡ ᠶᠢ ᠤᠯᠠᠮ ᠨᠢᠭᠡ ᠠᠯᠬᠤᠮ ᠭᠥᠨᠵᠢᠭᠡᠶᠢᠷᠡᠭᠦᠯᠵᠤ᠂ᠱᠠᠰᠢᠨ ᠤ ᠶᠠᠪᠤᠳᠠᠯ ᠢ ᠬᠠᠤᠯᠢ ᠪᠠᠷ ᠬᠠᠮᠢᠶᠠᠷᠬᠤ ᠬᠢᠷᠢ ᠲᠥᠪᠰᠢᠨ ᠢ ᠲᠡᠭᠡᠭᠰᠢᠯᠡᠭᠦᠯᠵᠤ᠂ ᠨᠡᠶᠢᠳᠠ ᠶᠢᠨ ᠦᠮᠴᠢᠯᠠᠯ ᠤᠨ ᠪᠤᠰᠤ ᠠᠵᠤ ᠠᠬᠤᠢ ᠶᠢᠨ  ᠬᠥᠡᠭᠵᠢᠯᠳᠡ  ᠶᠢ  ᠵᠤᠷᠢᠬᠵᠢᠭᠤᠯᠬᠤ ᠪᠠ ᠲᠠᠮᠵᠢᠨ᠎ᠠ  ᠃ ᠲᠥᠷᠪᠡ᠂ ᠡᠯ᠎ᠠ ᠱᠠᠳᠤᠨ ᠤ ᠨᠠᠮ ᠤᠨ ᠪᠥᠳᠤᠭᠡᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠥᠷᠢᠮ ᠤᠨ ᠬᠡᠷᠡᠭᠵᠢᠬᠦᠯᠦᠯᠳᠡ ᠶᠢ ᠲᠠᠭᠰᠢᠷᠠᠭᠤᠯᠣᠨ᠎ᠠ᠃ ᠡᠯ᠎ᠠ ᠱᠠᠳᠤᠨ ᠤ ᠡᠯ᠎ᠠ ᠰᠠᠯᠠᠭ᠎ᠠ ᠮᠥᠴᠢᠷ ᠤᠨ ᠠᠵᠢᠯᠯᠠᠬᠤ  ᠰᠤᠷᠳᠠᠯ ᠢ ᠪᠤᠳᠠᠳᠠᠢ ᠬᠤᠪᠢᠷᠠᠭᠤᠯᠤᠨ᠎ᠠ᠂ ᠮᠥᠷᠳᠡᠨ ᠲᠠᠭᠠᠵᠤ ᠥᠷ᠎ᠠ ᠨᠥᠯᠥᠭᠡ ᠶᠢ ᠨᠢ ᠠᠰᠠᠭᠤᠬᠤ ᠪᠠ ᠰᠢᠯᠭᠠᠨ ᠪᠠᠶᠢᠴᠠᠭᠠᠵᠤ ᠬᠠᠷᠢᠭᠤᠯᠴᠠᠯᠭ᠎ᠠ ᠬᠠᠷᠢᠭᠤᠴᠠᠯᠭ᠎ᠠ ᠶᠢ ᠨᠢ ᠠᠰᠠᠭᠤᠬᠤ ᠶᠢ ᠴᠢᠩᠭᠠᠷᠠᠭᠤᠯᠵᠤ᠂ ᠨᠠᠮ ᠤᠨ ᠪᠥᠳᠤᠭᠡᠨ ᠪᠠᠶᠢᠭᠤᠯᠳᠯᠤᠳᠠ  ᠤᠨ ᠡᠯ᠎ᠠ ᠲᠠᠯ᠎ᠠ ᠶᠢᠨ ᠠᠵᠢᠯ ᠤᠨ ᠡᠬᠦᠷᠭᠡ ᠪᠣᠳᠠᠳᠠᠶᠢᠵᠢᠵᠦ ᠨᠥᠯᠤᠭᠡ ᠥᠵᠡᠭᠦᠯᠭᠦ ᠶᠢ ᠲᠥᠯᠬᠢᠨ ᠠᠬᠢᠭᠤᠯᠤᠨ᠎ᠠ᠃     ᠨᠠᠮ ᠤᠨ ᠠᠵᠢᠯ ᠤᠨ  ᠬᠤᠷᠢᠶ᠎ᠡ  ᠶᠢᠨ ᠳᠡᠳ᠋ ᠱᠥᠵᠢ᠂ ᠨᠢᠭᠡᠳᠤᠮᠠᠯ ᠹᠠᠷᠠᠨᠲ ᠹᠷᠣᠨᠲ ᠤᠨ ᠬᠡᠯᠳᠡᠰ ᠤᠨ ᠲᠠᠷᠤᠭ᠎ᠠ ᠸᠠᠩ ᠯᠢ ᠵᠢᠶᠦ᠋ᠨ ᠬᠤᠷᠠᠯ ᠡᠷᠬᠢᠯᠡᠵᠤ᠂ ᠨᠢᠭᠡᠳᠤᠮᠠᠯ  ᠹᠷᠣᠨᠲ ᠨᠡᠶᠢᠭᠡᠮ ᠤᠨ ᠪᠥᠯᠭᠦᠮ ᠡᠪᠯᠡᠯ ᠤᠨ ᠠᠵᠢᠯ  ᠳᠤ ᠲᠤᠬᠢᠷᠠᠭᠤᠯᠤᠯᠳᠠ ᠬᠢᠵᠠᠢ᠃ ᠨᠠᠮ ᠤᠨ ᠠᠵᠢᠯ ᠤᠨ ᠬᠤᠷᠢᠶ᠎ᠡ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠭᠤᠣ ᠸᠧᠨ ᠪᠢᠩ ᠤᠬᠠᠭᠤᠯᠬᠤ ᠥᠵᠡᠯ ᠰᠠᠨᠠᠭ᠎ᠠ ᠰᠤᠶᠤᠯ ᠤᠨ ᠠᠵᠢᠯ ᠳᠤ ᠲᠤᠬᠢᠷᠠᠭᠤᠯᠤᠯᠳᠠ ᠬᠢᠵᠠᠢ᠃ ᠨᠠᠮ ᠤᠨ ᠠᠵᠢᠯ ᠤᠨ ᠬᠤᠷᠢᠶ᠎ᠡ ᠶᠢᠨ ᠭᠡᠰᠢᠭᠦᠨ᠂ ᠵᠤᠬᠢᠶᠠᠨ  ᠪᠠᠶᠢᠭᠤᠯᠬᠤ ᠭᠡᠯᠳᠡᠰ ᠤᠨ ᠲᠠᠷᠤᠭ᠎ᠠ ᠴᠠᠩ ᠰᠢᠤᠸᠠᠢ ᠯᠢᠨ ᠵᠤᠬᠢᠶᠠᠨ ᠪᠠᠶᠢᠭᠤᠯᠤᠬᠤ ᠠᠵᠢᠯ ᠳᠤ ᠪᠠᠶᠢᠷᠢᠭᠤᠯᠤᠯᠳᠠ ᠬᠢᠵᠠᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号