2019 ᠣᠨ ᠤ 4 ᠰᠠᠷ᠎ᠠ ᠶᠢᠨ 12 ᠤᠨ ᠡᠳᠣᠷ᠂ ᠠᠶᠢᠮᠠᠭ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ | ᠬᠤᠷᠢᠶᠠᠨ ᠤ ᠰᠣᠳᠣᠯᠣᠯ ᠤᠨ ᠪᠠᠭ ᠣᠯᠠᠭᠠᠢ ᠬᠠᠮᠢᠶᠠᠷᠣᠯᠳᠠ ᠶᠢᠨ ᠣᠷᠣᠨ ᠳᠤ ᠢᠷᠡᠵᠦ ᠠᠵᠦ ᠠᠬᠤᠢ ᠶᠢᠨ ᠴᠢᠨᠠᠷ | ᠰᠠᠶᠢᠳᠠᠢ ᠬᠦᠭᠵᠢᠬᠦᠯᠦᠯᠳᠡ ᠶᠢ ᠠᠬᠢᠭᠤᠯᠵᠦ ᠪᠠᠶᠢᠭ᠎ᠠ ᠪᠠᠶᠢᠳᠠᠯ ᠳᠤ ᠰᠣᠳᠣᠯᠣᠯ ᠬᠢᠪᠡ᠂ ᠬᠠᠮᠢᠶᠠᠷᠣᠯᠳᠠ ᠶᠢᠨ ᠣᠷᠣᠨ | ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ | ᠨᠦᠬᠦᠷ ᠰᠠᠭᠤᠳᠠᠯ ᠬᠤᠷᠠᠯ ᠡᠷᠬᠢᠯᠡᠨ ᠬᠤᠷᠠᠯᠳᠣᠭᠤᠯᠵᠦ᠂ ᠬᠦᠭᠵᠢᠬᠦᠯᠦᠯᠳᠡ ᠦᠬᠡᠷᠡᠴᠢᠯᠡᠯᠳᠡ ᠶᠢᠨ ᠲᠣᠪᠴᠢᠶ᠎ᠠ᠂ | ᠠᠵᠦ ᠠᠬᠤᠢ ᠰᠣᠷᠠᠭ ᠵᠠᠩᠬᠢᠴᠢᠯᠠᠯᠳᠠ ᠶᠢᠨ ᠲᠣᠪᠴᠢᠶ᠎ᠠ ᠵᠡᠷᠬᠡ ᠬᠠᠮᠢᠶ᠎ᠠ ᠪᠦᠬᠦᠢ ᠪᠠᠶᠢᠭᠤᠯᠭ᠎ᠠ ᠶᠢᠨ | ᠬᠠᠷᠢᠭᠤᠴᠠᠯᠭᠠᠳᠠᠨ ᠨᠠᠷ ᠬᠤᠷᠠᠯ ᠳᠤ ᠣᠷᠣᠯᠴᠠᠭᠰᠠᠨ ᠪᠠᠶᠢᠨ᠎ᠠ᠃ | ᠬᠤᠷᠠᠯ ᠲᠡᠭᠡᠷ᠎ᠡ᠂ ᠬᠠᠮᠢᠶᠠᠷᠣᠯᠳᠠ ᠶᠢᠨ ᠣᠷᠣᠨ ᠠᠴᠠ ᠰᠣᠳᠣᠯᠣᠯ ᠤᠨ ᠪᠠᠭ ᠲᠤ 2019 ᠣᠨ ᠤ ᠨᠢᠬᠡᠳᠦᠬᠡᠷ | ᠣᠯᠠᠷᠢᠯ ᠤᠨ ᠠᠵᠦ ᠠᠬᠤᠢ ᠨᠡᠶᠢᠬᠡᠮ ᠤᠨ ᠶᠡᠷᠦᠩᠬᠡᠢ ᠡᠷᠬᠢᠯᠳᠡ ᠶᠢᠨ ᠪᠠᠶᠢᠳᠠᠯ ᠢ ᠮᠡᠳᠡᠬᠦᠯᠬᠦ ᠶᠢᠨ ᠬᠠᠮᠳᠣ | ᠬᠠᠮᠢᠢᠶᠠᠷᠣᠯᠳᠠ ᠶᠢᠨ ᠣᠷᠣᠨ ᠤ ᠣᠶᠢᠷ᠎ᠠ ᠶᠢᠨ ᠵᠢᠯ ᠤᠨ ᠲᠦᠷᠦᠯ ᠵᠦᠢᠯ ᠤᠨ ᠬᠠᠮᠢᠶᠠᠷᠣᠯᠳᠠ᠂ ᠪᠡᠯᠡ ᠮᠦᠩᠬᠦ | ᠣᠯᠬᠤ᠂ ᠭᠤᠷᠪᠠᠳᠣᠭᠠᠷ ᠠᠵᠦ ᠦᠢᠯᠡᠰ ᠤᠨ ᠬᠦᠭᠵᠢᠯᠳᠡ᠂ ᠬᠤᠳᠠᠯᠳᠤᠭ᠎ᠠ ᠣᠷᠢᠵᠦ ᠪᠡᠯᠡ ᠲᠠᠳᠠᠬᠤ᠂ ᠦᠨ᠎ᠡ | ᠬᠠᠩᠰᠢ ᠶᠢᠨ ᠬᠠᠮᠢᠶᠠᠷᠣᠯᠳᠠ᠂ ᠠᠮᠣ ᠪᠣᠳᠠᠭᠠᠨ ᠤ ᠶᠠᠪᠣᠳᠠᠯ ᠵᠡᠷᠭᠡ ᠠᠵᠢᠯ ᠢ ᠮᠡᠳᠡᠬᠦᠯᠪᠡ᠃ ᠰᠣᠳᠣᠯᠣᠯ ᠤᠨ ᠪᠠᠭ | ᠠᠴᠠ ᠬᠠᠮᠢᠶᠠᠷᠣᠯᠳᠠ ᠶᠢᠨ ᠣᠷᠣᠨ ᠤ ᠣᠯᠣᠭᠰᠠᠨ ᠦᠷ᠎ᠡ ᠪᠦᠳᠦᠮᠵᠢ ᠶᠢ ᠦᠨᠡᠯᠡᠬᠦ ᠶᠢᠨ ᠬᠠᠮᠳᠣ ᠬᠠᠮᠢᠶᠠᠷᠣᠯᠳᠠ ᠶᠢᠨ | ᠣᠷᠣᠨ ᠤ ᠠᠮᠢ ᠠᠬᠤᠢ ᠶᠢᠨ ᠬᠠᠮᠭᠠᠯᠠᠯᠳᠠ᠂ ᠨᠡᠬᠦᠷᠡᠰᠦ ᠴᠠᠬᠢᠯᠭᠠᠨ ᠤ ᠨᠢᠬᠡ ᠴᠣᠭᠴᠠᠵᠢᠯᠳᠠ ᠶᠢᠨ ᠲᠣᠣᠷᠠᠳᠣ | ᠣᠷᠣᠰᠬᠠᠯ ᠤᠨ ᠠᠵᠦ ᠦᠢᠯᠡᠰ᠂ ᠠᠮᠣ ᠪᠣᠳᠠᠭᠠᠨ ᠤ ᠪᠠᠴᠢᠮ ᠪᠠᠶᠢᠳᠠᠯ ᠤᠨ ᠠᠷᠭᠠᠴᠠᠭᠠᠯᠳᠠ᠂ ᠦᠢᠯᠡᠴᠢᠯᠡᠯᠬᠡᠨ ᠤ | ᠦᠢᠯᠡᠰ ᠵᠡᠷᠭᠡ ᠲᠠᠯ᠎ᠠ ᠶᠢᠨ ᠠᠵᠢᠯ ᠳᠤ ᠪᠣᠳᠠᠳᠠᠢ ᠰᠠᠨᠠᠯ ᠲᠣᠷᠠᠳᠣᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠠᠮᠢᠶᠠᠷᠣᠯᠳᠠ ᠶᠢᠨ ᠣᠷᠣᠨ ᠠᠴᠠ ᠲᠦᠷᠦᠯ ᠵᠦᠢᠯ ᠢ ᠠᠳᠬᠤᠵᠦ | ᠬᠦᠭᠵᠢᠯᠳᠡ ᠶᠢ ᠠᠬᠢᠭᠤᠯᠬᠤ ᠰᠡᠳᠬᠢᠴᠡ ᠶᠢ ᠪᠣᠢ ᠪᠣᠯᠭᠠᠵᠦ᠂ ᠲᠣᠭᠳᠠᠭᠤᠨ ᠲᠣᠮᠳᠠ ᠣᠷᠣᠭᠰᠢᠯᠠᠬᠤ ᠠᠵᠢᠯ ᠤᠨ | ᠦᠨᠳᠦᠰᠣᠨ ᠬᠦᠭ ᠠᠶᠠᠰ ᠢᠶᠠᠷ ᠡᠯ᠎ᠡ ᠵᠦᠢᠯ ᠤᠨ ᠠᠵᠢᠯ ᠤᠨ ᠡᠬᠦᠷᠬᠡ ᠶᠢ ᠰᠠᠭᠤᠷᠢᠯᠢᠭ ᠨᠠᠶᠢᠳᠠᠪᠣᠷᠢᠵᠢᠭᠤᠯᠵᠦ᠂ | ᠬᠠᠮᠢᠶᠠᠷᠣᠯᠳᠠ ᠶᠢᠨ ᠣᠷᠣᠨ ᠤ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠪᠡ᠃ |