ᠣᠯᠠᠭᠠᠢ ᠬᠠᠮᠢᠶᠠᠷᠣᠯᠳᠠ ᠶᠢᠨ ᠣᠷᠣᠨ 2019 ᠣᠨ ᠤ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ  ᠤᠨ ᠬᠤᠷᠠᠯ ᠬᠢᠵᠡᠢ
ᠨᠡᠶᠢᠲᠡᠯᠡᠭᠰᠡᠨ ᠴᠠᠭ᠄
2019/4/16
    4 ᠰᠠᠷ᠎ᠠ ᠶᠢᠨ 11 ᠤ ᠡᠳᠣᠷ᠂ ᠣᠯᠠᠭᠠᠢ ᠬᠠᠮᠢᠶᠠᠷᠣᠯᠳᠠ ᠶᠢᠨ ᠣᠷᠣᠨ ᠤ 2019 ᠣᠨ ᠤ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠬᠤᠷᠠᠯᠳᠣᠵᠦ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ ᠨᠦᠬᠦᠷ ᠬᠤᠷᠠᠯ  ᠳᠤ ᠰᠠᠭᠠᠳᠠᠵᠦ ᠶᠡᠷᠢᠶ᠎ᠠ ᠲᠠᠯᠪᠢᠪᠠ᠂ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠨᠢᠬᠡᠳᠦᠮᠡᠯ ᠤᠨ ᠹᠷᠣᠨᠲ  ᠤᠨ ᠬᠡᠯᠳᠡᠰ ᠤᠨ ᠲᠠᠷᠤᠭ᠎ᠠ ᠸᠠᠩ ᠯᠢ ᠵᠢᠶᠦ᠋ᠨ ᠬᠤᠷᠠᠯ ᠡᠷᠬᠢᠯᠡᠪᠡ᠃ ᠬᠤᠷᠠᠯ ᠠᠴᠠ᠂ ᠲᠠᠷᠢᠶᠠᠯᠠᠩ ᠮᠠᠯᠵᠢᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠬᠡᠷᠡᠴᠢᠯᠡᠯᠳᠡ ᠶᠢᠨ ᠭᠤᠣᠯ ᠱᠣᠭᠤᠮ ᠤᠨ ᠲᠣᠭᠤᠷᠢᠨ ᠳᠤ᠂ ᠪᠦᠳᠦᠴᠡ ᠶᠢᠨ ᠲᠣᠬᠢᠷᠠᠭᠤᠯᠭ᠎ᠠ᠂ ᠪᠣᠵᠠᠷᠳᠣᠯ ᠦᠬᠡᠢ ᠬᠦᠭᠵᠢᠬᠦ᠂ ᠬᠦᠳᠡᠯᠬᠡᠬᠦ ᠬᠦᠴᠦᠨ ᠢ ᠰᠢᠨᠡᠳᠬᠡᠬᠦ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠲᠠᠯ᠎ᠠ ᠪᠠᠷ ᠰᠠᠭᠤᠷᠢᠯᠢᠭ ᠠᠬᠢᠭᠤᠯᠵᠦ᠂ ᠬᠦᠳᠡᠭᠡ ᠲᠣᠰᠬᠤᠨ ᠮᠠᠯᠵᠢᠬᠤ ᠣᠷᠣᠨ ᠠᠵᠦ ᠠᠬᠤᠢ ᠶᠢᠨ ᠲᠣᠭᠳᠠᠭᠤᠨ ᠲᠣᠮᠳᠠ ᠬᠦᠭᠵᠢᠬᠦ ᠪᠠᠶᠢᠳᠠᠯ ᠢ ᠪᠠᠳᠣᠯᠠᠬᠤ ᠬᠡᠷᠡᠭᠳᠡᠢ ᠬᠡᠮᠡᠨ ᠴᠢᠩᠭᠠᠳᠬᠠᠪᠠ᠃     ᠶᠠᠨ ᠯᠢ ᠵᠢᠶᠦ᠋ᠨ ᠨᠦᠬᠦᠷ ᠡᠯ᠎ᠡ ᠲᠠᠯᠠᠪᠠᠢ ᠪᠠᠯᠭᠠᠰᠣ ᠯᠤᠭ᠎ᠠ ︽2019 ᠣᠨ ᠤ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠬᠠᠷᠠᠯᠳᠠ ᠡᠬᠦᠷᠬᠡ ᠶᠢᠨ ᠪᠢᠴᠢᠭ︾ ᠲᠤ ᠭᠠᠷ ᠦᠰᠦᠭ ᠵᠢᠷᠣᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠣᠭᠠᠨ ᠤ ᠠᠯᠪᠠᠨ ᠭᠡᠷ ᠤᠨ ᠡᠷᠬᠢᠯᠡᠭᠴᠢ ᠶᠣᠣ ᠵᠦᠩ ᠱᠧᠩ᠂ ᠣᠯᠣᠰ ᠲᠦᠷᠦ ᠶᠢᠨ ᠵᠦᠪᠯᠡᠯᠬᠡᠨ ᠤ ᠬᠤᠯᠪᠣᠭᠠᠨ ᠤ ᠠᠯᠪᠠᠨ ᠭᠡᠷ ᠤᠨ ᠡᠷᠬᠢᠯᠡᠭᠴᠢ ᠪᠠᠢ ᠬᠠᠢ ᠲᠠᠩ ᠬᠤᠷᠠᠯ ᠳᠤ ᠰᠠᠭᠠᠳᠠᠪᠠ᠃ ᠬᠠᠮᠢᠶᠠᠷᠣᠯᠳᠠ ᠶᠢᠨ ᠣᠷᠣᠨ ᠤ ᠡᠯ᠎ᠡ ᠲᠠᠯᠠᠪᠠᠢ ᠪᠠᠯᠭᠠᠰᠣᠨ ᠤ ᠭᠤᠣᠯ ᠬᠠᠷᠢᠭᠤᠴᠠᠯᠭᠠᠳᠠᠨ᠂ ᠨᠠᠮ ᠤᠨ ᠬᠤᠷᠢᠶᠠᠨ ᠤ ᠲᠡᠳ᠋ ᠱᠦᠵᠢ᠂ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠢ ᠬᠤᠪᠢᠳᠠᠨ ᠬᠠᠮᠢᠶᠠᠷᠬᠤ ᠲᠡᠳ᠋ ᠲᠠᠯᠠᠪᠠᠢ ᠶᠢᠨ ᠲᠠᠷᠤᠭ᠎ᠠ ᠨᠡᠷ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号