ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠰᠦᠨ ᠵᠧᠨ ᠵᠢᠶᠠᠩ ᠪᠠᠶᠠᠨᠬᠤᠰᠢᠭᠤ ᠪᠠᠯᠭᠠᠰᠣᠨ ᠳᠤ ᠬᠦᠷᠴᠦ ᠬᠠᠪᠣᠷ ᠤᠨ ᠣᠯᠠᠷᠢᠯ ᠤᠨ ᠣᠢ ᠰᠢᠭᠤᠢ ᠲᠠᠯ᠎ᠠ ᠨᠣᠳᠤᠭ ᠤᠨ ᠭᠠᠯ  ᠢ ᠰᠡᠷᠬᠡᠶᠢᠯᠡᠬᠦ᠂ ᠮᠠᠯᠵᠢᠬᠤ ᠶᠢ ᠵᠣᠭᠰᠣᠭᠠᠬᠤ ᠮᠠᠯᠵᠢᠯ ᠢ ᠰᠡᠯᠬᠦᠬᠦ ᠠᠵᠢᠯ ᠳᠤ ᠰᠣᠳᠣᠯᠣᠯ ᠬᠢᠪᠡ
ᠨᠡᠶᠢᠲᠡᠯᠡᠭᠰᠡᠨ ᠴᠠᠭ᠄
2019/5/28
     5 ᠰᠠᠷ᠎ᠠ ᠶᠢᠨ 2 ᠤᠨ ᠡᠳᠣᠷ᠂ ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ  ᠤ ᠱᠦᠵᠢ ᠰᠦᠨ ᠵᠧᠨ ᠵᠢᠶᠠᠩ᠂ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ ᠨᠢᠬᠡᠳᠦᠮᠡᠯ ᠹᠷᠣᠨᠲ ᠤᠨ ᠭᠡᠯᠳᠡᠰ ᠤᠨ ᠲᠠᠷᠤᠭ᠎ᠠ ᠸᠠᠩ ᠯᠢ ᠵᠢᠶᠦ᠋ᠨ ᠨᠠᠷ ᠪᠠᠶᠠᠨᠬᠤᠰᠢᠭᠤ ᠪᠠᠯᠭᠠᠰᠣᠨ ᠳᠤ ᠬᠦᠷᠴᠦ ᠬᠠᠪᠣᠷ ᠤᠨ ᠣᠯᠠᠷᠢᠯ ᠤᠨ ᠣᠢ ᠰᠢᠭᠤᠢ ᠲᠠᠯ᠎ᠠ ᠨᠣᠳᠤᠭ ᠤᠨ ᠭᠠᠯ ᠢ ᠰᠡᠷᠬᠡᠶᠢᠯᠡᠬᠦ᠂ ᠮᠠᠯᠵᠢᠬᠤ ᠶᠢ ᠵᠣᠭᠰᠣᠭᠠᠬᠤ ᠮᠠᠯᠵᠢᠯ ᠢ ᠰᠡᠯᠬᠦᠬᠦ ᠠᠵᠢᠯ ᠳᠤ ᠰᠣᠳᠣᠯᠣᠯ ᠬᠢᠪᠡ᠃      ᠨᠠᠮ ᠤᠨ ᠠᠵᠢᠯ ᠤᠨ ᠬᠤᠷᠢᠶᠠᠨ ᠤ ᠱᠦᠵᠢ ᠰᠦᠨ ᠵᠧᠨ ᠵᠢᠶᠠᠩ ᠨᠠᠷ ᠡᠮᠦᠨ᠎ᠡ ᠬᠤᠶᠢᠨ᠎ᠠ ᠪᠠᠶᠠᠨᠬᠤᠰᠢᠭᠤ ᠪᠠᠯᠭᠠᠰᠣ᠂ ᠣᠯᠠᠭᠠᠢ ᠮᠠᠯᠵᠢᠯ ᠤᠨ ᠲᠠᠯᠠᠪᠠᠢ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ᠂ ᠬᠡᠰᠡᠭ ᠠᠭᠤᠯᠠ ᠮᠠᠯᠵᠢᠯ ᠤᠨ ᠲᠠᠯᠠᠪᠠᠢ᠂ ᠣᠰᠣᠨ ᠴᠦᠬᠦᠷᠦᠮ ᠤᠨ ᠠᠵᠦ ᠦᠢᠯᠡᠰ ᠤᠨ ᠬᠢᠵᠠᠭᠠᠷᠳᠣ ᠺᠣᠮᠫᠠᠨᠢ᠂ ᠣᠢ ᠰᠢᠭᠤᠢ ᠶᠢᠨ ᠭᠠᠯ ᠣᠨᠳᠠᠷᠠᠭᠠᠬᠤ ᠲᠣᠮᠳᠠ ᠠᠩᠬᠢ ᠵᠡᠷᠭᠡ ᠭᠠᠵᠠᠷ ᠢᠶᠠᠷ ᠬᠦᠷᠴᠦ᠂ ᠲᠠᠪᠣᠨ ᠰᠠᠷ᠎ᠠ ᠶᠢᠨ ᠨᠢᠬᠡᠨ ᠤ ᠠᠮᠠᠷᠠᠯᠳᠠ ᠶᠢᠨ ᠬᠤᠭᠤᠴᠠᠭᠠᠨ ᠤ ᠡᠯ᠎ᠡ ᠪᠠᠶᠢᠭᠤᠯᠭ᠎ᠠ ᠶᠢᠨ ᠵᠢᠵᠢᠬᠦᠷᠯᠡᠬᠦ ᠲᠦᠷᠢᠮ᠂ ᠭᠠᠯ ᠢ ᠰᠡᠷᠬᠡᠶᠢᠯᠡᠬᠦ ᠠᠵᠢᠯ ᠤᠨ ᠲᠣᠬᠢᠷᠠᠭᠤᠯᠣᠯᠳᠠ ᠨᠠᠶᠢᠳᠠᠪᠣᠷᠢᠵᠢᠭᠤᠯᠣᠯᠳᠠ ᠶᠢᠨ ᠪᠠᠶᠢᠳᠠᠯ ᠢ ᠨᠠᠷᠢᠯᠢᠭ ᠪᠠᠶᠢᠴᠠᠭᠠᠨ ᠦᠵᠡᠪᠡ᠃      ᠠᠮᠠᠷᠠᠯᠳᠠ ᠶᠢᠨ ᠬᠤᠭᠤᠴᠠᠭᠠᠨ ᠳᠤ ᠡᠯ᠎ᠡ ᠪᠠᠶᠢᠭᠤᠯᠭ᠎ᠠ ᠣᠳᠣᠷᠢᠳᠣᠯᠭ᠎ᠠ ᠠᠴᠠ ᠵᠢᠵᠢᠬᠦᠷ ᠢ ᠬᠠᠷᠢᠭᠤᠴᠠᠬᠤ ᠲᠦᠷᠢᠮ ᠢ ᠴᠢᠩᠭ᠎ᠠ ᠰᠠᠬᠢᠵᠦ᠂ ᠣᠴᠢᠷ ᠦᠬᠡᠢ ᠪᠠᠷ ᠵᠢᠵᠢᠬᠦᠷ ᠠᠴᠠ ᠰᠠᠯᠬᠤ᠂ ᠵᠢᠵᠢᠬᠦᠷ ᠢᠶᠠᠨ ᠮᠠᠷᠳᠠᠬᠤ᠂ ᠵᠢᠵᠢᠬᠦᠷ  ᠲᠤ ᠭᠠᠷᠬᠤ ᠦᠬᠡᠢ ᠦᠵᠡᠭᠳᠡᠯ ᠡᠬᠦᠰᠬᠦ ᠶᠢ ᠡᠷᠡᠰ ᠲᠠᠪᠴᠢᠨ᠎ᠠ᠃     ᠡᠯ᠎ᠡ ᠪᠠᠶᠢᠭᠤᠯᠭ᠎ᠠ ᠠᠴᠠ ᠭᠤᠣᠯᠳᠠᠯᠭ᠎ᠠ ᠲᠠᠢ ᠣᠷᠣᠨ ᠤ ᠬᠠᠮᠢᠶᠠᠷᠣᠯᠳᠠ ᠶᠢ ᠴᠢᠩᠭᠠᠳᠬᠠᠵᠦ᠂ ᠠᠮᠠᠷᠠᠯᠳᠠ ᠶᠢᠨ ᠬᠤᠭᠤᠴᠠᠭᠠᠨ ᠤ ᠭᠠᠯ ᠢ ᠰᠡᠷᠬᠡᠶᠢᠯᠡᠬᠦ ᠠᠵᠢᠯ ᠢ ᠦᠨᠡᠨᠬᠦ ᠰᠠᠶᠢᠳᠣᠷ ᠬᠢᠵᠦ᠂ 24 ᠴᠠᠭ ᠢᠶᠠᠷ ᠵᠢᠵᠢᠬᠦᠷᠯᠡᠬᠦ ᠲᠦᠷᠢᠮ  ᠢ ᠴᠢᠩᠭ᠎ᠠ ᠬᠡᠷᠡᠭᠵᠢᠬᠦᠯᠵᠦ᠂ ᠠᠮᠠᠷᠠᠯᠳᠠ ᠶᠢᠨ ᠬᠤᠭᠤᠴᠠᠭᠠᠨ ᠳᠤ ᠭᠠᠯ ᠤᠨ ᠭᠠᠮᠰᠢᠭ ᠦᠬᠡᠢ ᠪᠠᠶᠢᠬᠤ ᠶᠢ ᠪᠠᠳᠣᠯᠬᠠᠣ ᠭᠡᠷᠡᠭᠳᠡᠢ ᠬᠡᠮᠡᠨ ᠴᠢᠩᠭᠠᠳᠬᠠᠭᠰᠠᠨ ᠪᠠᠶᠢᠨ᠎ᠠ᠃     ᠣᠢ ᠰᠢᠭᠤᠢ ᠶᠢᠨ ᠭᠠᠯ ᠢ ᠰᠡᠷᠬᠡᠶᠢᠯᠡᠬᠦ ᠲᠣᠮᠳᠠ ᠠᠩᠬᠢ ᠳᠤ ᠰᠦᠨ ᠵᠧᠨ ᠵᠢᠶᠠᠩ ᠨᠠᠷ ᠭᠠᠯ ᠣᠨᠳᠠᠷᠠᠭᠠᠬᠤ ᠮᠠᠰᠢᠨ᠂ ᠪᠠᠭᠠᠵᠢ ᠶᠢᠨ ᠪᠡᠯᠡᠳᠬᠡᠯ ᠪᠠᠶᠢᠳᠠᠯ ᠢ ᠪᠠᠶᠢᠴᠠᠭᠠᠨ ᠦᠵᠡᠵᠦ᠂ ᠠᠮᠠᠷᠠᠯᠳᠠ ᠶᠢᠨ ᠬᠤᠭᠤᠴᠠᠭᠠᠨ ᠤ ᠭᠠᠯ ᠣᠨᠳᠠᠷᠠᠭᠠᠬᠤ ᠪᠠᠶᠢᠯᠳᠣᠭᠴᠢ ᠨᠠᠷ ᠤᠨ ᠲᠠᠶᠢᠨ ᠤ ᠪᠡᠯᠡᠳᠬᠡᠯ᠂ ᠵᠢᠵᠢᠬᠦᠷᠯᠡᠭᠰᠡᠨ ᠪᠠᠶᠢᠳᠠᠯ ᠢ ᠨᠠᠷᠢᠯᠢᠭ ᠠᠰᠠᠭᠤᠪᠠ᠃     ᠰᠣᠳᠣᠯᠣᠯ ᠲᠣᠮᠳᠠ᠂ ᠰᠦᠨ ᠵᠧᠨ ᠵᠢᠶᠠᠩ ᠨᠠᠷ ᠮᠠᠯᠵᠢᠬᠤ ᠡᠷᠦᠬᠡ ᠳᠤ ᠬᠦᠷᠴᠦ ᠮᠠᠯᠵᠢᠬᠤ ᠶᠢ ᠵᠣᠭᠰᠣᠭᠠᠬᠤ ᠮᠠᠯᠵᠢᠯ ᠢ ᠰᠡᠯᠬᠦᠬᠦ᠂ ᠪᠣᠷᠳᠤᠭ᠎ᠠ ᠡᠪᠡᠰᠣ ᠬᠠᠳᠠᠭᠠᠯᠠᠬᠤ᠂ ᠬᠢᠵᠢᠭ ᠡᠪᠡᠳᠴᠢᠨ ᠤ ᠰᠡᠷᠬᠡᠶᠢᠯᠡᠯᠳᠡ ᠶᠢᠨ ᠪᠠᠶᠢᠳᠠᠯ ᠢ ᠨᠠᠷᠢᠯᠢᠭ ᠠᠰᠠᠭᠤᠨ ᠣᠶᠢᠯᠠᠭᠠᠪᠠ᠃     ᠨᠠᠮ ᠵᠠᠰᠠᠭ ᠤᠨ ᠠᠯᠪᠠᠨ ᠭᠡᠷ᠂ ᠲᠠᠷᠢᠶᠠᠯᠠᠩ ᠮᠠᠯᠵᠢᠯ ᠣᠢ ᠶᠢᠨ ᠦᠢᠯᠡᠰ ᠲᠧᠭᠨᠢᠭ ᠤᠨ ᠲᠣᠪᠴᠢᠶ᠎ᠠ᠂ ᠠᠮᠢ ᠠᠬᠤᠢ ᠶᠢᠨ ᠲᠣᠪᠴᠢᠶ᠎ᠠ᠂ ᠲᠠᠯᠠᠪᠠᠢ ᠪᠠᠯᠭᠠᠰᠣ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠨᠠᠷ ᠰᠣᠳᠣᠯᠣᠯ ᠳᠤ ᠣᠷᠣᠯᠴᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号