ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ | ᠲᠣᠣᠱᠯᠠᠭᠤᠯᠵᠦ᠂ ᠬᠠᠮᠢᠶᠠᠷᠣᠯᠳᠠ ᠶᠢᠨ ᠣᠷᠣᠨ ᠤ 2019 ᠣᠨ ᠤ ᠭᠤᠣᠯ ᠤᠨ ᠲᠠᠷᠤᠭ᠎ᠠ ᠶᠢᠨ ᠲᠦᠷᠢᠮ ᠨᠠᠭᠤᠷ | ᠤᠨ ᠲᠠᠷᠤᠭ᠎ᠠ ᠶᠢᠨ ᠲᠦᠷᠢᠮ ᠤᠨ ︽ᠠᠵᠢᠯᠯᠠᠭ᠎ᠠ ᠶᠢ ᠣᠯᠵᠦ ᠬᠠᠷᠠᠬᠤ︾ ︽ᠪᠦᠳᠦᠮᠵᠢ ᠶᠢ ᠣᠯᠵᠦ ᠬᠠᠷᠠᠬᠤ︾ ᠶᠢ | ᠪᠠᠳᠣᠯᠠᠬᠤ ᠶᠢᠨ ᠲᠦᠯᠦᠬᠡ᠂ 5 ᠰᠠᠷ᠎ᠠ ᠶᠢᠨ 17 ᠤ ᠡᠳᠣᠷ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ | ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ᠂ ᠲᠡᠳ᠋ ᠶᠡᠷᠦᠩᠬᠡᠢ ᠭᠤᠣᠯ ᠨᠠᠭᠤᠷ ᠤᠨ | ᠲᠠᠷᠤᠭ᠎ᠠ ᠯᠢᠩ ᠵᠦ ︽ᠬᠠᠮᠢᠶᠠᠷᠣᠯᠳᠠ ᠶᠢᠨ ᠣᠷᠣᠨ ᠤ 2019 ᠣᠨ ᠤ ᠭᠤᠣᠯ ᠤᠨ ᠲᠠᠷᠤᠭ᠎ᠠ ᠶᠢᠨ ᠲᠦᠷᠢᠮ | ᠨᠠᠭᠤᠷ ᠤᠨ ᠲᠠᠷᠤᠭ᠎ᠠ ᠶᠢᠨ ᠲᠦᠷᠢᠮ ᠤᠨ ᠠᠵᠢᠯ ᠤᠨ ᠭᠤᠣᠯᠳᠠᠯᠭ᠎ᠠ︾ ᠳᠤ ᠭᠠᠷ ᠤᠨ ᠦᠰᠦᠭ ᠵᠢᠷᠣᠨ ᠲᠠᠷᠬᠠᠭᠠᠵᠦ | ᠂ ᠬᠠᠮᠢᠶᠠᠷᠣᠯᠳᠠ ᠶᠢᠨ ᠣᠷᠣᠨ ᠤ 2019 ᠣᠨ ᠤ ᠭᠤᠣᠯ ᠤᠨ ᠲᠠᠷᠤᠭ᠎ᠠ ᠶᠢᠨ ᠲᠦᠷᠢᠮ ᠨᠠᠭᠤᠷ ᠤᠨ ᠲᠠᠷᠤᠭ᠎ᠠ ᠶᠢᠨ | ᠲᠦᠷᠢᠮ ᠤᠨ ᠠᠵᠢᠯ ᠤᠨ ᠡᠬᠦᠷᠬᠡ ᠳᠤ ᠪᠠᠶᠢᠷᠢᠰᠢᠯᠠᠭᠤᠯᠣᠯᠳᠠ ᠬᠢᠵᠦ᠂ ᠡᠯ᠎ᠡ ᠲᠡᠰ ᠤᠨ ᠭᠤᠣᠯ ᠨᠠᠭᠤᠷ ᠤᠨ | ᠲᠠᠷᠤᠭ᠎ᠠ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠬᠠᠮᠢᠶᠠᠷᠣᠯᠳᠠ ᠬᠠᠮᠠᠭᠠᠯᠠᠯᠳᠠ᠂ ︽ᠰᠠᠪᠠ︾ ᠪᠣᠯᠣᠨ ︽ᠣᠰᠣ︾ | ᠶᠢ ᠰᠢᠰᠲ᠋ᠧᠮ ᠲᠠᠢ ᠵᠠᠰᠠᠬᠤ ᠶᠢ ᠭᠤᠣᠯ ᠡᠬᠦᠷᠬᠡ ᠪᠣᠯᠭᠠᠵᠦ᠂ ᠭᠤᠣᠯ ᠨᠠᠭᠤᠷ ᠤᠨ ᠲᠠᠷᠤᠭ᠎ᠠ ᠶᠢᠨ ᠲᠦᠷᠢᠮ ᠢ ︽ | ᠨᠡᠷ᠎ᠡ︾ ᠠᠴᠠ ︽ᠪᠣᠳᠠᠳᠠᠢ︾ ᠵᠦᠭ ᠬᠤᠪᠢᠷᠭᠠᠬᠤ ᠬᠡᠷᠡᠭᠳᠡᠢ ᠬᠡᠮᠡᠨ ᠱᠠᠭᠠᠷᠳᠠᠪᠠ᠃ | ︽ᠠᠵᠢᠯ ᠤᠨ ᠭᠤᠣᠯᠳᠠᠯᠭ᠎ᠠ︾ ᠳᠤ 2019 ᠣᠨ ᠤ ᠭᠤᠣᠯ ᠨᠠᠭᠤᠷ ᠤᠨ ᠲᠠᠷᠤᠭ᠎ᠠ ᠶᠢᠨ ᠲᠦᠷᠢᠮ ᠤᠨ | ᠭᠤᠣᠯ ᠡᠬᠦᠷᠬᠡ ᠶᠢ ᠲᠣᠳᠣᠷᠬᠠᠶᠢᠯᠠᠪᠠ᠄ ᠨᠢᠬᠡ ᠳᠤ ᠭᠤᠣᠯ ᠨᠠᠭᠤᠷ ᠤᠨ ᠲᠠᠷᠤᠭ᠎ᠠ ᠪᠠᠷ ᠭᠤᠣᠯ ᠣᠳᠣᠷᠢᠳᠣᠮᠵᠢ | ᠪᠣᠯᠭᠠᠵᠦ᠂ ᠭᠤᠣᠯ ᠨᠠᠭᠤᠷ ᠢ ᠴᠠᠭᠳᠠᠨ ᠪᠠᠶᠢᠴᠠᠭᠠᠬᠤ ᠠᠵᠢᠯ ᠢ ᠦᠷᠬᠦᠯᠵᠢᠯᠡᠨ ᠴᠢᠩᠭᠠᠳᠬᠠᠵᠦ᠂ ᠭᠤᠣᠯ ᠨᠠᠭᠤᠷ ᠤᠨ | ᠣᠰᠣᠨ ᠰᠢᠰᠲ᠋ᠧᠮ ᠢ ᠪᠦᠬᠦ ᠲᠠᠯ᠎ᠠ ᠪᠠᠷ ᠬᠠᠮᠢᠶᠠᠷᠣᠨ ᠬᠠᠮᠠᠭᠠᠯᠠᠵᠦ᠂ ᠭᠤᠣᠯ ᠨᠠᠭᠤᠷ ᠤᠨ ︽ᠲᠦᠷᠪᠡᠨ ᠡᠮᠬᠢ | ᠲᠢᠭᠯᠢᠮ ᠦᠬᠡᠢ ᠶᠢ ᠵᠠᠰᠠᠬᠤ︾ ᠲᠣᠰᠬᠠᠢ ᠠᠵᠢᠯᠯᠠᠭ᠎ᠠ ᠵᠢᠴᠢ ︽ᠡᠷᠬᠢᠵᠦ ᠬᠠᠷᠠᠬᠤ︾ ᠠᠵᠢᠯ ᠢ ᠰᠠᠭᠤᠷᠢᠯᠢᠭ | ᠲᠦᠯᠬᠢᠨ ᠠᠬᠢᠭᠤᠯᠵᠦ᠂ ︽ᠲᠣᠷ᠎ᠠ ᠪᠠᠷ ᠡᠵᠡᠯᠡᠵᠦ ᠪᠠᠶᠢᠭᠤᠯᠬᠤ᠂ ᠲᠣᠷ᠎ᠠ ᠪᠠᠷ ᠲᠣᠣᠷᠯᠠᠵᠦ ᠪᠦᠭᠯᠡᠬᠦ᠂ ᠲᠣᠷ᠎ᠠ ᠪᠠᠷ | ᠭᠠᠷᠭᠠᠵᠦ ᠮᠠᠯᠳᠠᠬᠤ᠂ ᠲᠣᠷ᠎ᠠ ᠪᠠᠷ ᠴᠢᠳᠬᠤᠵᠦ ᠭᠠᠳᠠᠭᠰᠢᠯᠠᠭᠤᠯᠬᠤ︾ ᠵᠡᠷᠭᠡ ᠲᠣᠪᠣᠶᠢᠮ᠎ᠠ ᠠᠰᠠᠭᠤᠳᠠᠯ ᠢ ᠨᠢᠬᠡ | ᠢᠯᠡᠷᠡᠬᠦᠯᠪᠡᠯ ᠨᠢᠬᠡ ᠶᠢ ᠠᠷᠢᠯᠭᠠᠵᠦ ᠨᠢᠬᠡ ᠶᠢ ᠬᠠᠰᠣᠨ᠎ᠠ᠃ ᠬᠤᠶᠠᠷ ᠲᠤ ᠬᠠᠣᠯᠢ ᠬᠡᠷᠡᠭᠵᠢᠬᠦᠯᠦᠯᠳᠡ ᠬᠢᠨᠠᠯᠳᠠ | ᠬᠠᠮᠢᠶᠠᠷᠣᠯᠳᠠ ᠶᠢ ᠴᠢᠩᠭᠠᠳᠬᠠᠵᠦ᠂ ᠭᠤᠣᠯ ᠨᠠᠭᠤᠷ ᠲᠤ ᠬᠤᠯᠪᠣᠭᠳᠠᠭᠰᠠᠨ ᠬᠠᠣᠯᠢ ᠪᠣᠰᠣ ᠶᠢᠨ ᠬᠦᠳᠡᠯᠬᠡᠬᠡᠨ ᠳᠤ | ᠬᠠᠳᠠᠭᠤ ᠴᠣᠬᠢᠯᠳᠠ ᠦᠭᠴᠦ᠂ ᠣᠰᠣᠨ ᠶᠠᠪᠣᠳᠠᠯ᠂ ᠣᠷᠴᠢᠨ ᠲᠣᠭᠤᠷᠢᠨ ᠤ ᠬᠠᠮᠠᠭᠠᠯᠠᠯᠳᠠ᠂ ᠣᠷᠣᠨ ᠰᠠᠭᠤᠴᠠ | ᠪᠠᠶᠢᠭᠤᠯᠬᠤ᠂ ᠲᠠᠷᠢᠶᠠᠯᠠᠩ ᠮᠠᠯᠵᠢᠯ᠂ ᠲᠣᠳᠣᠭᠠᠳᠣ ᠶᠢ ᠬᠠᠮᠠᠭᠠᠯᠠᠬᠤ ᠵᠡᠷᠭᠡ ᠭᠤᠣᠯ ᠨᠠᠭᠤᠷ ᠤᠨ ᠬᠠᠮᠢᠶᠠᠷᠣᠯᠳᠠ ᠳᠤ | ᠬᠤᠯᠪᠣᠭᠳᠠᠬᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠬᠤᠯᠪᠣᠭᠠᠯᠠᠨ ᠬᠠᠣᠯᠢ ᠬᠡᠷᠡᠭᠵᠢᠬᠦᠯᠬᠦ | ᠪᠠᠨ ᠴᠢᠩᠭᠠᠳᠬᠠᠵᠦ᠂ ᠣᠰᠣᠨ ᠣᠷᠣᠨ ᠤ ᠡᠷᠬᠢ ᠱᠣᠭᠤᠮ ᠢ ᠬᠠᠣᠯᠢ ᠪᠣᠰᠣ ᠪᠠᠷ ᠡᠵᠡᠯᠡᠭᠰᠡᠨ᠂ ᠲᠣᠷ᠎ᠠ ᠪᠠᠷ ᠣᠰᠣ | ᠠᠪᠬᠤ ᠪᠣᠵᠠᠷ ᠭᠠᠳᠠᠭᠰᠢᠯᠠᠭᠤᠯᠬᠤ ᠬᠠᠶᠠᠭᠳᠠᠮᠠᠯ ᠪᠣᠳᠠᠰ ᠴᠢᠳᠬᠤᠬᠤ᠂ ᠦᠶᠠᠷ ᠰᠡᠷᠬᠡᠶᠢᠯᠡᠬᠦ ᠢᠨᠵᠧᠨᠧᠷᠢᠩ ᠢ ᠡᠪᠳᠡᠬᠦ | ᠵᠡᠷᠭᠡ ᠬᠠᠣᠯᠢ ᠶᠢ ᠵᠦᠷᠢᠴᠡᠭᠰᠡᠨ ᠶᠠᠯᠠᠳᠣ ᠦᠢᠯᠡ ᠠᠵᠢᠯᠯᠠᠭ᠎ᠠ ᠳᠤ ᠬᠠᠳᠠᠭᠤ ᠴᠣᠬᠢᠯᠳᠠ ᠦᠭᠬᠦᠨ᠎ᠡ᠃ ᠭᠤᠷᠪᠠ ᠳᠤ | ᠭᠤᠣᠯ ᠨᠠᠭᠤᠷ ᠤᠨ ᠣᠰᠣᠨ ᠤ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠵᠦ᠂ ᠭᠤᠣᠯ ᠨᠠᠭᠤᠷ ᠬᠠᠶᠢᠯᠬᠤ | ᠬᠤᠭᠤᠴᠭᠠᠠᠨ ᠳᠤ ᠣᠰᠣᠨ ᠤ ᠴᠢᠨᠠᠷ ᠢ ᠬᠢᠨᠠᠨ ᠬᠡᠮᠵᠢᠬᠦ ᠠᠵᠢᠯ ᠦᠷᠨᠢᠬᠦᠯᠵᠦ᠂ ᠡᠯ᠎ᠡ ᠬᠡᠰᠡᠭ ᠣᠷᠣᠨ ᠤ ᠭᠤᠣᠯ | ᠨᠠᠭᠤᠷ ᠤᠨ ᠣᠰᠣᠨ ᠤ ᠴᠢᠨᠠᠷ ᠤᠨ ᠪᠠᠶᠢᠳᠠᠯ ᠢ ᠪᠦᠬᠦ ᠲᠠᠯ᠎ᠠ ᠪᠠᠷ ᠴᠠᠭ ᠲᠣᠬᠠᠢ ᠳᠤᠨᠢ ᠣᠨᠣᠪᠴᠢᠳᠠᠢ ᠡᠵᠡᠮᠳᠡᠵᠦ᠂ | ᠬᠠᠮᠢᠶᠠᠷᠣᠯᠳᠠ ᠶᠢᠨ ᠣᠷᠣᠨ ᠤ ᠬᠢᠯᠢ ᠲᠣᠳᠣᠷᠠᠬᠢ ᠭᠤᠣᠯ ᠨᠠᠭᠤᠷ ᠢ ᠬᠠᠮᠢᠶᠠᠷᠣᠯᠳᠠ ᠶᠢᠨ ᠬᠦᠷᠢᠶ᠎ᠡ ᠬᠡᠪᠴᠢᠶ᠎ᠡ | ᠲᠣᠭᠳᠠᠭᠠᠨ ᠬᠠᠮᠠᠭᠠᠯᠠᠵᠦ᠂ ᠵᠠᠭᠠᠭᠯᠠᠬᠤ ᠪᠠᠭᠠᠨ᠎ᠠ᠂ ᠢᠯᠡᠳᠬᠡᠯ ᠫᠠᠶᠢᠰᠠ ᠪᠣᠰᠬᠠᠵᠦ᠂ ︽ᠰᠠᠪᠠ︾ ᠶᠢᠨ ᠶᠡᠭᠡ ᠪᠠᠭ᠎ᠠ | ᠵᠠᠭᠠᠭ ᠶᠢ ᠲᠣᠳᠣᠳᠬᠠᠵᠦ ᠬᠠᠣᠯᠢ ᠶᠣᠰᠣᠭᠠᠷ ᠭᠤᠣᠯ ᠨᠠᠭᠤᠷ ᠤᠨ ᠣᠰᠣᠨ ᠰᠢᠰᠲ᠋ᠧᠮ ᠢ ᠰᠠᠶᠢᠳᠣᠷ ᠬᠠᠮᠠᠭᠠᠯᠠᠬᠤ | ᠭᠡᠷᠡᠭᠳᠡᠢ᠃ ᠲᠦᠷᠪᠡ ᠳᠤ ᠦᠪᠡᠷ ᠤᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠬᠢᠨᠠᠨ ᠪᠠᠶᠢᠴᠠᠭᠠᠬᠤ ᠶᠢ | ᠴᠢᠩᠭᠠᠳᠬᠠᠵᠦ᠂ ᠣᠬᠠᠭᠤᠯᠣᠨ ᠲᠠᠰᠬᠠᠯᠵᠢᠭᠤᠯᠬᠤ ᠶᠢ ᠴᠢᠩᠭᠠᠳᠬᠠᠵᠦ᠂ ᠠᠵᠢᠯᠳᠠᠨ ᠪᠠ ᠵᠠᠷᠣᠳᠠᠯ ᠮᠦᠩᠬᠦ ᠶᠢ | ᠪᠠᠳᠣᠯᠠᠵᠦ᠂ ᠭᠤᠣᠯ ᠤᠨ ᠲᠠᠷᠤᠭ᠎ᠠ ᠶᠢᠨ ᠲᠦᠷᠢᠮ ᠨᠠᠭᠤᠷ ᠤᠨ ᠲᠠᠷᠤᠭ᠎ᠠ ᠶᠢᠨ ᠲᠦᠷᠢᠮ ᠤᠨ ᠪᠦᠬᠦ ᠲᠠᠯ᠎ᠠ ᠪᠠᠷ | ᠲᠣᠰᠠ ᠭᠠᠷᠬᠤ ᠶᠢ ᠪᠠᠳᠣᠯᠠᠨ᠎ᠠ᠃ |