5 ᠰᠠᠷ᠎ᠠ ᠶᠢᠨ 3 ᠤ ᠡᠳᠣᠷ᠂ ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ | ᠤ ᠱᠦᠵᠢ ᠰᠦᠨ ᠵᠧᠨ ᠵᠢᠶᠠᠩ ᠪᠦᠯᠢᠶᠡᠨ ᠪᠣᠯᠠᠭ᠂ ᠣᠯᠠᠨ ᠲᠣᠬᠤᠢ᠂ ᠠᠷᠮᠢ ᠶᠢᠨ ᠵᠢᠵᠢᠭ ᠪᠠᠯᠭᠠᠰᠣ ᠵᠡᠷᠬᠡ | ᠦᠵᠡᠮᠵᠢ ᠶᠢᠨ ᠣᠷᠣᠨ ᠳᠤ ᠬᠦᠷᠴᠦ ᠵᠢᠭᠤᠯᠴᠢᠯᠠᠯ ᠤᠨ ᠠᠵᠢᠯ ᠢ ᠰᠣᠳᠣᠯᠣᠨ ᠵᠢᠯᠣᠭᠤᠳᠪᠠ᠃ | ᠰᠦᠨ ᠵᠧᠨ ᠵᠢᠶᠠᠩ ᠨᠠᠷ ᠡᠮᠦᠨ᠎ᠡ ᠬᠤᠶᠢᠨ᠎ᠠ ᠪᠦᠯᠢᠶᠡᠨ ᠪᠣᠯᠠᠭ᠂ ᠣᠯᠠᠨ ᠲᠣᠬᠤᠢ᠂ ᠠᠷᠮᠢ ᠶᠢᠨ ᠵᠢᠵᠢᠭ | ᠪᠠᠯᠭᠠᠰᠣ᠂ ᠴᠢᠨ᠋ᠸ᠎ᠠ ᠶᠢᠨ ᠬᠦᠷᠢᠶᠡᠯᠡᠩ ᠵᠡᠷᠬᠡ ᠦᠵᠡᠮᠵᠢ ᠶᠢᠨ ᠣᠷᠣᠨ ᠳᠤ ᠬᠦᠷᠴᠦ ᠦᠵᠡᠮᠵᠢ ᠶᠢᠨ ᠣᠷᠣᠨ ᠤ | ᠲᠦᠯᠦᠪᠯᠡᠭᠡ᠂ ᠰᠢᠨ᠎ᠡ ᠨᠡᠮᠡᠭᠰᠡᠨ ᠵᠢᠭᠤᠯᠴᠢᠯᠠᠯ ᠤᠨ ᠲᠦᠷᠦᠯ ᠵᠦᠢᠯ ᠤᠨ ᠲᠠᠨᠢᠯᠴᠠᠭᠤᠯᠭ᠎ᠠ ᠶᠢ ᠰᠣᠨᠣᠰᠬᠤ ᠶᠢᠨ | ᠬᠠᠮᠳᠣ ᠰᠢᠨ᠎ᠡ ᠨᠡᠮᠡᠭᠰᠡᠨ ᠵᠢᠭᠤᠯᠴᠢᠯᠠᠯ ᠤᠨ ᠲᠦᠷᠦᠯ ᠵᠦᠢᠯ᠂ ᠰᠢᠨᠡᠳᠭᠡᠨ ᠵᠠᠰᠠᠭᠰᠠᠨ ᠢᠨᠵᠧᠨᠧᠷᠢᠩ ᠤᠨ ᠪᠦᠳᠦᠬᠡᠨ | ᠪᠠᠶᠢᠭᠤᠯᠣᠯᠳᠠ ᠶᠢᠨ ᠪᠠᠶᠢᠳᠠᠯ ᠢ ᠲᠣᠬᠠᠢ ᠶᠢᠨ ᠲᠠᠯᠠᠪᠠᠢ ᠳᠤ ᠪᠠᠶᠢᠴᠠᠭᠠᠨ ᠦᠵᠡᠪᠡ᠃ ᠰᠣᠳᠣᠯᠣᠯ ᠲᠣᠮᠳᠠ ᠰᠦᠨ | ᠵᠧᠨ ᠵᠢᠶᠠᠩ ᠠᠴᠠ᠂ ᠡᠯ᠎ᠡ ᠲᠠᠯᠠᠪᠠᠢ ᠪᠠᠯᠭᠠᠰᠣ ᠣᠨᠴᠠᠯᠢᠭ ᠤᠨ ᠲᠠᠪᠠᠭᠤᠯᠢᠭ ᠢᠶᠠᠨ ᠦᠷᠬᠦᠯᠵᠢᠯᠡᠨ ᠪᠠᠳᠠᠷᠠᠭᠤᠯᠵᠦ | ᠵᠢᠭᠤᠯᠴᠢᠯᠠᠯ ᠤᠨ ᠲᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠶᠢ ᠢᠳᠡᠪᠬᠢᠳᠡᠢ ᠲᠦᠯᠬᠢᠨ ᠠᠬᠢᠭᠤᠯᠵᠦ᠂ | ᠵᠢᠭᠤᠯᠴᠢᠯᠠᠯ ᠤᠨ ᠪᠦᠷᠢᠨ ᠲᠦᠬᠦᠷ ᠦᠢᠯᠡᠴᠢᠯᠡᠯᠬᠡᠨ ᠢ ᠲᠡᠬᠦᠯᠳᠡᠷᠵᠢᠬᠦᠯᠵᠦ᠂ ᠵᠢᠭᠤᠯᠴᠢᠯᠠᠯ ᠤᠨ ᠨᠡᠷᠡᠳᠣ ᠲᠡᠮᠳᠡᠭ ᠢ | ᠪᠦᠳᠦᠬᠡᠵᠦ᠂ ᠪᠦᠬᠦ ᠣᠷᠣᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠲᠣᠭᠤᠷᠢᠭ ᠤᠨ ᠪᠦᠳᠦᠬᠡᠨ ᠪᠠᠶᠢᠭᠤᠯᠣᠯᠳᠠ | ᠶᠢ ᠲᠦᠷᠭᠡᠳᠬᠡᠵᠦ᠂ ᠵᠢᠭᠤᠯᠴᠢᠯᠠᠯ ᠤᠨ ᠠᠵᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠬᠤ | ᠭᠡᠷᠡᠭᠳᠡᠢ ᠬᠡᠮᠡᠨ ᠱᠠᠭᠠᠷᠳᠠᠭᠰᠠᠨ ᠪᠠᠶᠢᠨ᠎ᠠ᠃ | ᠰᠦᠨ ᠵᠧᠨ ᠵᠢᠶᠠᠩ ᠨᠦᠬᠦᠷ ᠠᠴᠠ᠂ ᠡᠯ᠎ᠡ ᠵᠢᠭᠤᠯᠴᠢᠯᠠᠯ ᠤᠨ ᠣᠷᠣᠨ ᠪᠣᠳᠠᠳᠣ ᠪᠠᠶᠢᠳᠠᠯ ᠢᠶᠠᠨ | ᠦᠨᠳᠦᠰᠦᠯᠡᠵᠦ᠂ ᠬᠤᠯᠠ ᠶᠢ ᠬᠠᠷᠠᠵᠦ᠂ ︽ᠬᠦᠬᠡ ᠣᠰᠣ ᠬᠦᠬᠡᠮᠳᠦᠭ ᠠᠭᠤᠯᠠ ᠪᠣᠯ ᠲᠠᠷᠣᠢ ᠠᠯᠳᠠ ᠮᠦᠩᠬᠦᠨ | ᠠᠭᠤᠯᠠ︾ ᠪᠣᠯᠬᠤ ᠬᠦᠭᠵᠢᠯᠳᠡ ᠶᠢᠨ ᠣᠶᠢᠯᠠᠭᠠᠯᠳᠠ ᠶᠢ ᠪᠣᠢ ᠪᠣᠯᠭᠠᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠳᠠ ᠶᠢᠨ ᠦᠵᠡᠯ ᠣᠬᠠᠮᠰᠠᠷ ᠪᠣᠯᠣᠨ ᠠᠶᠣᠯ ᠦᠬᠡᠢ ᠦᠢᠯᠡᠳᠪᠦᠷᠢᠯᠡᠯ ᠤᠨ ᠦᠵᠡᠯ ᠣᠬᠠᠮᠰᠠᠷ ᠢ ᠦᠨᠡᠨᠬᠦ | ᠲᠡᠭᠡᠭᠰᠢᠯᠡᠬᠦᠵᠦ᠂ ᠪᠣᠬᠢᠷᠳᠣᠯ ᠦᠬᠡᠢ ᠬᠦᠭᠵᠢᠬᠦᠯᠬᠦ ᠣᠶᠢᠯᠠᠭᠠᠯᠳᠠ ᠶᠢ ᠵᠢᠭᠤᠯᠴᠢᠯᠠᠯ ᠤᠨ ᠬᠦᠭᠵᠢᠯᠳᠡ᠂ ᠵᠢᠭᠤᠯᠴᠢᠯᠠᠯ | ᠤᠨ ᠨᠡᠬᠡᠬᠡᠯᠳᠡ᠂ ᠵᠢᠭᠤᠯᠴᠢᠯᠠᠯ ᠤᠨ ᠬᠠᠮᠢᠶᠠᠷᠣᠯᠳᠠ᠂ ᠵᠢᠭᠤᠯᠴᠢᠯᠠᠯ ᠤᠨ ᠦᠢᠯᠡᠴᠢᠯᠡᠯᠬᠡᠨ ᠪᠣᠯᠣᠨ ᠵᠢᠭᠤᠯᠴᠢᠯᠠᠯ ᠤᠨ | ᠬᠡᠷᠡᠭᠯᠡᠭᠡ ᠶᠢᠨ ᠪᠦᠬᠦ ᠶᠠᠪᠣᠴᠠ ᠲᠣᠮᠳᠠ ᠳᠤ ᠲᠣᠣᠱᠯᠠᠭᠤᠯᠣᠨ᠎ᠠ᠃ | ᠡᠯ᠎ᠡ ᠵᠢᠭᠤᠯᠴᠢᠯᠠᠯ ᠤᠨ ᠣᠷᠣᠨ ︽ᠭᠠᠳᠠᠭᠰᠢ ᠶᠠᠪᠣᠬᠤ᠂ ᠣᠷᠣᠭᠤᠯᠵᠦ ᠠᠪᠴᠢᠷᠠᠬᠤ︾ ᠬᠡᠯᠪᠡᠷᠢ ᠪᠠᠷ᠂ | ᠲᠣᠷᠰᠢᠯᠭ᠎ᠠ ᠶᠢ ᠰᠣᠷᠣᠯᠴᠠᠵᠦ᠂ ᠵᠢᠭᠤᠯᠴᠢᠯᠠᠯ ᠤᠨ ᠬᠦᠭᠵᠢᠯᠳᠡ ᠶᠢᠨ ᠵᠠᠭᠪᠣᠷ ᠤᠨ ᠰᠢᠨ᠎ᠡ ᠶᠢ ᠡᠬᠦᠳᠴᠦ᠂ | ᠵᠢᠭᠤᠯᠴᠢᠯᠠᠯ ᠤᠨ ᠬᠦᠭᠵᠢᠯᠳᠡ ᠶᠢᠨ ᠴᠢᠨᠠᠷ᠂ ᠨᠡᠷᠡᠳᠣ ᠲᠡᠮᠳᠡᠭ ᠤᠨ ᠦᠷ᠎ᠡ ᠨᠦᠯᠦᠬᠡ ᠶᠢ ᠣᠯᠠᠮ ᠨᠢᠬᠡ ᠠᠯᠬᠤᠮ | ᠲᠡᠭᠡᠭᠰᠢᠯᠡᠬᠦᠯᠦᠨ᠎ᠡ᠃ ᠪᠦᠬᠦ ᠬᠦᠴᠦ ᠪᠠᠷ ᠢᠶᠠᠨ ᠵᠢᠭᠤᠯᠴᠢᠯᠠᠯ ᠤᠨ ᠨᠡᠷᠡᠳᠣ ᠲᠡᠮᠳᠡᠭ ᠢ ᠴᠣᠭᠴᠠᠯᠠᠵᠦ᠂ ᠵᠢᠭᠤᠯᠴᠢᠯᠠᠯ | ᠤᠨ ᠰᠢᠨ᠎ᠡ ᠦᠢᠯᠡᠰ ᠤᠨ ᠬᠡᠪ ᠪᠠᠶᠢᠳᠠᠯ ᠢ ᠢᠳᠠᠪᠬᠢᠳᠡᠢ ᠪᠣᠶᠢᠵᠢᠭᠤᠯᠵᠦ᠂ ᠠᠳᠠᠯᠢ ᠪᠣᠰᠣ ᠬᠦᠮᠦᠨ ᠤ ᠪᠦᠯᠦᠭ᠂ | ᠠᠳᠡᠯᠢ ᠪᠣᠰᠣ ᠶᠢᠨ ᠴᠠᠭ ᠦᠶ᠎ᠡ ᠳᠤ ᠬᠠᠨᠳᠣᠭᠤᠯᠣᠨ ᠰᠢᠯᠢᠳᠡᠭ ᠵᠢᠭᠤᠯᠴᠢᠯᠠᠯ ᠤᠨ ᠵᠠᠮ ᠱᠣᠭᠤᠮ ᠤᠨ ᠨᠡᠷᠡᠳᠣ | ᠲᠡᠮᠳᠡᠭ ᠤᠨ ᠣᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢ ᠶᠡᠬᠡᠳᠭᠡᠵᠦ᠂ ᠬᠠᠮᠢᠶᠠᠷᠣᠯᠳᠠ ᠶᠢᠨ ᠣᠷᠣᠨ ᠤ | ᠵᠢᠭᠤᠯᠴᠢᠯᠠᠯ ᠤᠨ ᠨᠡᠷ᠎ᠡ ᠬᠦᠨᠳᠣ᠂ ᠣᠶᠢᠯᠠᠭᠠᠯᠳᠠ ᠶᠢᠨ ᠨᠣᠷᠮ᠎ᠠ ᠶᠢ ᠲᠡᠭᠡᠭᠰᠢᠯᠡᠬᠦᠯᠦᠨ᠎ᠡ᠃ | ᠵᠢᠭᠤᠯᠴᠢᠯᠠᠯ ᠤᠨ ᠲᠦᠷᠦᠯ ᠵᠦᠢᠯ ᠤᠨ ᠣᠳᠣᠷᠢᠳᠣᠮᠵᠢ ᠲᠠᠶᠢᠴᠢᠯᠠᠯᠳᠠ ᠶᠢ ᠲᠣᠪᠣᠶᠢᠯᠭᠠᠵᠦ᠂ ᠣᠨᠴᠠᠯᠢᠭᠳᠣ | ᠲᠦᠷᠦᠯ ᠵᠦᠢᠯ ᠢ ᠢᠳᠡᠪᠬᠢᠳᠡᠢ ᠣᠷᠣᠭᠤᠯᠣᠨ ᠠᠪᠴᠢᠷᠠᠵᠦ᠂ ᠲᠦᠷᠦᠯ ᠵᠦᠢᠯ ᠤᠨ ᠰᠢᠬᠦᠯᠳᠠ ᠵᠦᠪᠰᠢᠶᠡᠷᠡᠯ | ᠪᠦᠳᠦᠬᠡᠨ ᠪᠠᠶᠢᠭᠤᠯᠣᠯᠳᠠ ᠶᠢ ᠲᠦᠷᠢᠮᠵᠢᠬᠦᠯᠵᠦ᠂ ᠬᠠᠮᠢᠶᠠᠷᠣᠯᠳᠠ ᠶᠢᠨ ᠣᠷᠣᠨ ᠤ ᠵᠢᠭᠤᠯᠴᠢᠯᠠᠯ ᠤᠨ ᠦᠢᠯᠡᠰ ᠤᠨ | ᠪᠦᠬᠦᠯᠢ ᠴᠣᠭᠴᠠ ᠶᠢᠨ ᠦᠷᠢᠰᠦᠯᠳᠦᠬᠦ ᠬᠦᠴᠦᠨ ᠢ ᠲᠠᠶᠢᠴᠢᠯᠠᠨ ᠲᠡᠭᠡᠭᠰᠢᠯᠡᠬᠦᠯᠦᠨ᠎ᠡ᠃ | ᠵᠢᠭᠤᠯᠴᠢᠯᠠᠯ ᠤᠨ ᠬᠦᠴᠦᠨ ᠵᠦᠢᠯ ᠤᠨ ᠬᠠᠩᠭᠠᠯᠳᠠ ᠶᠢ ᠴᠢᠩᠭᠠᠳᠬᠠᠵᠦ᠂ ︽ᠢᠳᠡᠬᠦ ᠬᠤᠨᠣᠬᠤ ᠠᠶᠠᠯᠠᠬᠤ | ᠵᠢᠭᠤᠯᠴᠢᠯᠠᠬᠤ ᠬᠤᠳᠠᠯᠳᠣᠨ ᠠᠪᠬᠤ ᠠᠭᠠᠳᠬᠤ︾ ᠶᠢᠨ ᠲᠣᠭᠤᠷᠢᠨ ᠳᠤ ᠲᠠᠯ᠎ᠠ ᠨᠣᠳᠤᠭ ᠢᠶᠠᠷ ᠠᠰᠣᠷᠣ ᠰᠠᠶᠢᠬᠠᠨ | ᠪᠠᠶᠡᠴᠢᠯᠡᠨ ᠵᠢᠭᠤᠯᠴᠢᠯᠠᠬᠤ᠂ ᠠᠷᠮᠢ ᠶᠢᠨ ᠰᠣᠶᠣᠯ᠂ ᠮᠣᠩᠭᠤᠯ ᠦᠨ ᠤ ᠰᠣᠶᠣᠯ ᠵᠡᠷᠭᠡ ᠣᠨᠴᠠᠯᠢᠭᠳᠣ ᠵᠢᠭᠤᠯᠴᠢᠯᠠᠯ | ᠤᠨ ᠦᠢᠯᠡᠰ ᠢ ᠶᠡᠭᠡ ᠬᠦᠴᠦᠨ ᠢᠶᠠᠷ ᠲᠦᠯᠬᠢᠨ ᠠᠬᠢᠭᠤᠯᠵᠦ᠂ ᠭᠤᠣᠯ ᠰᠡᠳᠣᠪᠳᠣ ᠪᠠᠭᠤᠳᠠᠯ᠂ ᠣᠨᠴᠠᠯᠢᠭᠳᠣ ᠠᠷᠠᠳ | ᠤᠨ ᠬᠤᠨᠣᠭᠯᠠᠯ ᠢ ᠲᠠᠭᠠᠭᠤᠯᠣᠨ ᠬᠦᠭᠵᠢᠬᠦᠯᠵᠦ᠂ ᠵᠣᠴᠢᠳ ᠢ ᠦᠯᠡᠳᠡᠬᠡᠨ ᠠᠪᠴᠣ ᠬᠤᠨᠠᠭᠤᠯᠣᠨ᠂ ᠨᠡᠩ ᠣᠯᠠᠨ | ᠭᠡᠷᠡᠭᠯᠡᠭᠡ ᠶᠢ ᠪᠣᠢ ᠪᠣᠯᠭᠠᠨ᠎ᠠ᠃ | ᠵᠢᠭᠤᠯᠴᠢᠯᠠᠯ ᠤᠨ ᠪᠦᠷᠢᠨ ᠲᠦᠬᠦᠷ ᠦᠢᠯᠡᠴᠢᠯᠡᠯᠬᠡ ᠶᠢ ᠲᠡᠬᠦᠯᠳᠡᠷᠵᠢᠬᠦᠯᠵᠦ᠂ ᠦᠵᠡᠮᠵᠢ ᠶᠢᠨ ᠣᠷᠣᠨ ᠤ | ᠣᠯᠠᠨ ᠨᠡᠶᠢᠳᠡ ᠶᠢᠨ ᠦᠢᠯᠡᠴᠢᠯᠡᠯᠬᠡᠨ ᠤ ᠪᠠᠶᠢᠭᠤᠯᠣᠮᠵᠢ ᠶᠢᠨ ᠪᠦᠳᠦᠬᠡᠨ ᠪᠠᠶᠢᠭᠤᠯᠣᠯᠳᠠ ᠶᠢᠨ ᠬᠢᠷᠢ ᠲᠦᠪᠰᠢᠨ ᠢ | ᠲᠡᠭᠡᠭᠰᠢᠯᠡᠬᠦᠯᠵᠦ᠂ ᠵᠢᠭᠤᠯᠴᠢᠯᠠᠯ ᠢ ᠨᠡᠩ ᠲᠦᠬᠦᠮ ᠲᠦᠳᠡ᠂ ᠰᠠᠭᠠᠳ ᠦᠬᠡᠢ ᠪᠣᠯᠭᠠᠨ᠎ᠠ᠃ | ᠰᠢᠯᠢᠳᠡᠭ ᠵᠢᠭᠤᠯᠴᠢᠯᠠᠯ ᠤᠨ ᠣᠷᠴᠢᠨ ᠲᠣᠭᠤᠷᠢᠨ ᠢ ᠴᠣᠭᠴᠠᠯᠠᠵᠦ᠂ ᠦᠵᠡᠮᠵᠢ ᠶᠢᠨ ᠣᠷᠣᠨ ᠤ | ᠬᠠᠮᠢᠶᠠᠷᠣᠯᠳᠠ ᠦᠢᠯᠡᠴᠢᠯᠡᠯᠬᠡ ᠶᠢ ᠲᠦᠷᠢᠮᠵᠢᠬᠦᠯᠵᠦ᠂ ᠵᠢᠭᠤᠯᠴᠢᠯᠠᠯ ᠤᠨ ᠠᠮᠣᠷ ᠲᠦᠪᠰᠢᠨ ᠤ ᠬᠠᠷᠢᠭᠤᠴᠠᠯᠭ᠎ᠠ ᠶᠢ | ᠴᠢᠩᠭ᠎ᠠ ᠬᠡᠷᠡᠭᠵᠢᠬᠦᠯᠵᠦ᠂ ᠶᠡᠬᠡᠪᠡᠷ ᠲᠠᠷᠠᠭᠠᠯᠠᠨ ᠪᠠᠶᠢᠴᠠᠭᠠᠬᠤ ᠶᠡᠭᠡ ᠴᠡᠭᠴᠡᠯᠡᠯᠳᠡ ᠶᠢᠨ ᠬᠦᠳᠡᠯᠬᠡᠬᠡᠨ ᠦᠷᠨᠢᠬᠦᠯᠵᠦ᠂ | ᠵᠢᠭᠤᠯᠴᠢᠯᠠᠯ ᠤᠨ ᠡᠯ᠎ᠡ ᠵᠦᠢᠯ ᠤᠨ ᠠᠮᠣᠷ ᠲᠦᠪᠰᠢᠨ ᠤ ᠨᠢᠭᠤᠭᠳᠠᠮᠠᠯ ᠠᠶᠣᠯ ᠢ ᠴᠠᠭ ᠲᠣᠬᠠᠢ ᠳᠤᠨᠢ ᠠᠷᠢᠯᠭᠠᠵᠦ᠂ | ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠲᠡᠬᠦᠯᠳᠡᠷᠵᠢᠬᠦᠯᠵᠦ ᠠᠮᠣᠷ ᠲᠠᠶᠢᠪᠣᠩ ᠦᠵᠡᠮᠵᠢ ᠶᠢᠨ ᠣᠷᠣᠨ ᠤ | ᠪᠦᠳᠦᠬᠡᠨ ᠪᠠᠶᠢᠭᠤᠯᠣᠯᠳᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ ᠬᠡᠮᠡᠨ ᠴᠢᠩᠭᠠᠳᠬᠠᠪᠠ᠃ | ᠬᠠᠮᠢᠶᠠᠷᠣᠯᠳᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠰᠣᠶᠣᠯ ᠲᠠᠮᠢᠷ ᠵᠢᠭᠤᠯᠴᠢᠯᠠᠯ ᠤᠨ ᠲᠣᠪᠴᠢᠶ᠎ᠠ | ᠂ ᠡᠯ᠎ᠡ ᠲᠠᠯᠠᠪᠠᠢ ᠪᠠᠯᠭᠠᠰᠣ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠰᠣᠳᠣᠯᠣᠯ ᠤᠨ ᠬᠦᠳᠡᠯᠬᠡᠬᠡᠨ ᠳᠤ ᠣᠷᠣᠯᠴᠠᠪᠠ | ᠃ |