ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ ᠬᠠᠮᠢᠶᠠᠷᠣᠯᠳᠠ  ᠶᠢᠨ ᠵᠦᠪᠯᠡᠯ ᠤᠨ ᠡᠷᠬᠢᠯᠡᠭᠴᠢ ᠯᠢᠩ ᠵᠦ ᠨᠡᠬᠦᠷᠡᠰᠦᠨ ᠠᠭᠤᠷᠬᠠᠢ ᠳᠤ ᠬᠦᠷᠴᠦ ᠠᠶᠣᠯᠬᠦᠢ ᠦᠢᠯᠡᠳᠪᠦᠷᠢᠯᠡᠯ  ᠤᠨ ᠶᠡᠭᠡ ᠪᠠᠶᠢᠴᠠᠭᠠᠯᠳᠠ ᠶᠢᠨ ︽ᠡᠷᠬᠢᠵᠦ ᠬᠠᠷᠠᠬᠤ︾ ᠱᠠᠭᠠᠷᠳᠠᠨ ᠪᠠᠶᠢᠴᠠᠭᠠᠬᠤ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2019/5/6
     3 ᠰᠠᠷ᠎ᠠ 25 ᠤ ᠡᠳᠣᠷ᠂ ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ᠂ ᠲᠣᠳᠣᠭᠠᠳᠣ ᠬᠠᠮᠠᠭᠠᠯᠠᠬᠤ ᠲᠣᠪᠴᠢᠶᠠᠨ ᠤ ᠲᠠᠷᠤᠭ᠎ᠠ ᠪᠠᠢ ᠴᠢᠩ ᠱᠠᠨ ᠨᠡᠷ ᠰᠢᠯᠢ ᠶᠢᠨ ᠭᠤᠣᠯ ᠨᠡᠬᠦᠷᠡᠰᠦᠨ ᠤ ᠬᠢᠮᠢ ᠶᠢᠨ ᠦᠢᠯᠡᠳᠪᠦᠷᠢᠯᠡᠯ ᠤᠨ ᠬᠢᠵᠠᠭᠠᠷᠳᠣ ᠬᠠᠷᠢᠭᠤᠴᠠᠯᠭᠠᠳᠣ ᠺᠣᠮᠫᠠᠨᠢ᠂ ᠯᠦ ᠰᠢᠨ ᠨᠡᠬᠦᠷᠡᠰᠦᠨ ᠤ ᠠᠭᠤᠷᠬᠠᠢ ᠳᠤ ᠬᠦᠷᠴᠦ ᠠᠶᠣᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ︽ᠡᠷᠬᠢᠵᠦ ᠬᠠᠷᠠᠬᠤ︾ ᠱᠠᠭᠠᠷᠳᠠᠨ ᠪᠠᠶᠢᠴᠠᠭᠠᠬᠤ ᠠᠵᠢᠯ  ᠦᠷᠨᠢᠬᠦᠯᠵᠦ᠂ ᠬᠤᠶᠠᠷ ᠠᠭᠤᠷᠬᠠᠢ ᠶᠢᠨ ᠠᠮᠣᠷ ᠲᠦᠪᠰᠢᠨ ᠤ ᠨᠢᠭᠤᠭᠳᠠᠮᠠᠯ ᠠᠶᠣᠯ ᠢ ᠵᠠᠰᠠᠨ ᠰᠠᠶᠢᠵᠢᠷᠠᠭᠤᠯᠣᠭᠰᠠᠨ ᠪᠠᠶᠢᠳᠠᠯ ᠢ ᠱᠠᠭᠠᠷᠳᠠᠨ ᠪᠠᠶᠢᠴᠠᠭᠠᠪᠠ᠃      ᠲᠣᠬᠠᠢ ᠶᠢᠨ ᠲᠠᠯᠠᠪᠠᠢ ᠳᠤ ᠪᠠᠶᠢᠴᠠᠭᠠᠯᠳᠠ ᠬᠢᠭᠰᠡᠨ ᠤ ᠲᠠᠷᠠᠭ᠎ᠠ ᠰᠠᠭᠤᠳᠠᠯ ᠤᠨ ᠬᠤᠷᠠᠯ ᠬᠢᠵᠦ ᠠᠮᠣᠷ ᠲᠦᠪᠰᠢᠨ ᠤ ᠨᠢᠭᠤᠭᠳᠠᠮᠠᠯ ᠠᠶᠣᠯ ᠢ ᠵᠠᠰᠠᠨ ᠰᠠᠶᠢᠵᠢᠷᠠᠭᠤᠯᠣᠭᠰᠠᠨ ᠪᠠᠶᠢᠳᠠᠯ ᠢ ᠰᠣᠨᠣᠰᠪᠠ᠃     ᠯᠢᠩ ᠵᠦ ᠵᠢᠭᠠᠵᠦ ᠭᠠᠷᠭᠠᠭᠰᠠᠨ ᠨᠢ᠄ ᠨᠡᠬᠦᠳᠷᠡᠰᠣᠨ ᠤ ᠠᠭᠤᠷᠬᠠᠢ ᠶᠢᠨ ᠠᠵᠦ ᠠᠬᠤᠶᠢᠯᠠᠯ ᠠᠶᠣᠯᠬᠦᠢ ᠦᠢᠯᠡᠳᠪᠦᠷᠢᠯᠡᠯ ᠢ ᠲᠡᠷᠢᠬᠦᠨ ᠪᠠᠶᠢᠷᠢᠨ ᠳᠤ ᠲᠠᠯᠪᠢᠵᠦ᠂ ᠠᠶᠣᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠨᠡᠬᠦᠷᠡᠰᠣᠨ ᠠᠭᠤᠷᠬᠠᠢ ᠶᠢᠨ ᠠᠮᠣᠷ ᠲᠦᠪᠰᠢᠨ ᠤ ᠨᠢᠭᠤᠭᠳᠠᠮᠠᠯ ᠠᠶᠣᠯ ᠤᠨ ᠪᠠᠶᠢᠴᠠᠭᠠᠯᠳᠠ ᠶᠢᠨ ᠡᠷᠴᠢᠮ ᠢ ᠶᠡᠬᠡᠳᠬᠡᠵᠦ᠂ ᠠᠶᠣᠯᠬᠦᠢ ᠦᠢᠯᠡᠳᠪᠦᠷᠢᠯᠡᠯ ᠤᠨ ᠠᠵᠢᠯ ᠢ ᠰᠣᠯᠠᠷᠠᠭᠤᠯᠣᠰᠢ ᠦᠬᠡᠢ ᠠᠳᠬᠤᠨ ᠬᠡᠪᠰᠢᠬᠦᠯᠵᠦ᠂ ᠲᠦᠷᠢᠮᠵᠢᠬᠦᠯᠦᠨ ᠬᠠᠮᠢᠶᠠᠷᠴᠣ᠂ ᠡᠯ᠎ᠡ ᠲᠦᠷᠦᠯ ᠤᠨ ᠠᠮᠣᠷ ᠲᠦᠪᠰᠢᠨ ᠤ ᠬᠠᠮᠢᠶᠠᠷᠣᠯᠳᠠ ᠶᠢᠨ ᠠᠷᠭ᠎ᠠ ᠬᠡᠮᠵᠢᠶ᠎ᠡ ᠪᠣᠳᠠᠳᠠᠶᠢᠵᠢᠬᠤ ᠶᠢ ᠪᠠᠳᠣᠯᠠᠨ᠎ᠠ᠃ ᠠᠵᠦ ᠠᠬᠤᠶᠢᠯᠠᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠡᠮᠦᠨ᠎ᠡ ᠹᠷᠣᠨᠲ ᠲᠤ ᠣᠴᠢᠵᠦ᠂ ᠡᠮᠦᠨᠡᠬᠢ ᠬᠤᠭᠤᠴᠠᠭᠠᠨ ᠤ ᠢᠯᠡᠷᠡᠬᠦᠯᠦᠭᠰᠡᠨ ᠠᠮᠣᠷ ᠲᠦᠪᠰᠢᠨ ᠤ ᠨᠢᠭᠤᠭᠳᠠᠮᠠᠯ ᠠᠶᠣᠯ ᠢ ᠵᠠᠰᠠᠨ ᠰᠠᠶᠢᠵᠢᠷᠠᠭᠤᠯᠬᠤ ᠲᠦᠷᠦᠯ ᠵᠦᠢᠯ ᠢ ᠲᠦᠷᠦᠯ ᠲᠠᠷᠠᠭᠠᠯᠠᠨ ᠬᠢᠨᠠᠨ ᠪᠠᠶᠢᠴᠠᠭᠠᠵᠦ᠂ ᠠᠰᠠᠭᠤᠳᠠᠯ ᠢ ᠦᠨᠡᠨᠬᠦ ᠰᠠᠶᠢᠳᠣᠷ ᠰᠢᠢᠳᠪᠦᠷᠢᠯᠡᠨ᠎ᠡ᠃ ᠠᠮᠣᠷ ᠲᠦᠪᠰᠢᠨ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠠᠴᠠ ᠨᠡᠬᠦᠷᠡᠰᠣᠨ ᠠᠭᠤᠷᠬᠠᠢ ᠶᠢᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ  ᠶᠢᠨ ᠡᠷᠴᠢᠮ ᠢ ᠣᠯᠠᠮ ᠨᠢᠬᠡ ᠠᠯᠬᠤᠮ ᠴᠢᠩᠭᠠᠳᠬᠠᠵᠦ᠂ ᠴᠢᠩᠭ᠎ᠠ ᠬᠠᠳᠠᠭᠤ᠂ ᠲᠦᠷᠢᠮᠵᠢᠬᠦᠨ᠂ ᠲᠦᠪ ᠭᠤᠣᠯᠴᠢ  ᠪᠠᠷ ᠬᠠᠣᠯᠢ ᠬᠡᠷᠡᠭᠵᠢᠬᠦᠯᠬᠦ ᠭᠡᠷᠡᠭᠳᠡᠢ ᠭᠡᠪᠡ᠃      ᠨᠠᠮ ᠵᠠᠰᠠᠭ ᠤᠨ ᠠᠯᠪᠠᠨ ᠭᠡᠷ᠂ ᠠᠶᠣᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠯᠣᠰ ᠤᠨ ᠭᠠᠵᠠᠷ ᠰᠢᠷᠣᠢ ᠶᠢᠨ ᠲᠣᠪᠴᠢᠶ᠎ᠠ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠱᠠᠭᠠᠷᠳᠠᠨ ᠪᠠᠶᠢᠴᠠᠭᠠᠯᠳᠠ ᠳᠤ ᠣᠷᠣᠯᠴᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号