ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ ᠵᠠᠬᠢᠷᠠᠭ᠎ᠠ ᠶᠢᠨ ᠲᠡᠳ᠋ ᠤᠨ ᠠᠶᠢᠮᠠᠭ ᠤᠨ ᠲᠠᠷᠤᠭ᠎ᠠ ᠶᠠᠩ ᠸᠧᠨ ᠱᠧᠩ ᠬᠠᠮᠢᠶᠠᠷᠣᠯᠳᠠ ᠶᠢᠨ ᠣᠷᠣᠨ ᠳᠤ ᠢᠷᠡᠵᠦ ᠠᠶᠣᠯᠬᠦᠢ ᠦᠢᠯᠡᠳᠪᠦᠷᠢᠯᠡᠯ ᠵᠡᠷᠬᠡ ᠠᠵᠢᠯ ᠳᠤ ᠰᠣᠳᠣᠯᠣᠯ ᠬᠢᠪᠡ
ᠨᠡᠶᠢᠲᠡᠯᠡᠭᠰᠡᠨ ᠴᠠᠭ᠄
2019/5/8
      5 ᠰᠠᠷ᠎ᠠ ᠶᠢᠨ 7 ᠤ ᠡᠳᠣᠷ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ ᠵᠠᠬᠢᠷᠠᠭ᠎ᠠ ᠶᠢᠨ ᠲᠡᠳ᠋ ᠤᠨ ᠠᠶᠢᠮᠠᠭ ᠤᠨ ᠲᠠᠷᠤᠭ᠎ᠠ ᠶᠠᠩ ᠸᠧᠨ ᠱᠧᠩ ᠬᠠᠮᠢᠶᠠᠷᠣᠯᠳᠠ ᠶᠢᠨ ᠣᠷᠣᠨ ᠳᠤ ᠢᠷᠡᠵᠦ ᠠᠶᠣᠯᠬᠦᠢ ᠦᠢᠯᠡᠳᠪᠦᠷᠢᠯᠡᠯ ᠵᠡᠷᠬᠡ ᠠᠵᠢᠯ ᠳᠤ ᠰᠣᠳᠣᠯᠣᠯ ᠬᠢᠬᠦ ᠳᠡᠭᠡᠨ᠂ ᠠᠶᠣᠯᠬᠦᠢ ᠦᠢᠯᠡᠳᠪᠦᠷᠢᠯᠡᠯ ᠤᠨ ᠡᠨᠡᠬᠦ ᠴᠢᠪᠬᠠᠳᠠᠰᠣ ᠶᠢ ᠦᠨᠢᠳᠡ ᠴᠢᠩᠭ᠎ᠠ ᠪᠠᠶᠢᠯᠭᠠᠵᠦ᠂ ᠬᠠᠷᠢᠭᠤᠴᠠᠯᠭᠠᠳᠣ ᠣᠬᠠᠮᠰᠠᠷ ᠢ ᠪᠠᠬᠢᠵᠢᠬᠦᠯᠵᠦ᠂ ᠬᠠᠷᠢᠭᠤᠴᠠᠯᠭ᠎ᠠ ᠡᠬᠦᠷᠬᠡᠯᠡᠬᠦ ᠶᠢ ᠴᠢᠩᠭᠠᠳᠬᠠᠵᠦ᠂ ᠠᠶᠣᠯᠬᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠪᠣᠳᠠᠳᠠᠢ ᠠᠵᠢᠯᠯᠠᠵᠦ᠂ ᠠᠷᠠᠳ ᠲᠦᠮᠡᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠲᠦᠪᠰᠢᠨ ᠢ ᠦᠨᠡᠨᠬᠦ ᠪᠠᠳᠣᠯᠠᠭ᠎ᠠ ᠲᠠᠢ ᠪᠣᠯᠭᠠᠬᠤ ᠭᠡᠷᠡᠭᠳᠡᠢ ᠬᠡᠮᠡᠨ ᠴᠢᠩᠭᠠᠳᠬᠠᠭᠰᠠᠨ ᠪᠠᠶᠢᠨ᠎ᠠ᠃       ᠶᠠᠩ ᠸᠧᠨ ᠱᠧᠩ ᠨᠠᠷ ᠤᠨ ᠰᠣᠳᠣᠯᠣᠯ ᠤᠨ ᠮᠡᠳᠡᠬᠦᠯᠦᠯᠳᠡ ᠳᠤ᠂ ᠬᠠᠮᠢᠶᠠᠷᠣᠯᠳᠠ ᠶᠢᠨ ᠣᠷᠣᠨ ᠤ ᠨᠠᠮ  ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ ᠬᠠᠮᠢᠶᠠᠷᠣᠯᠳᠠ ᠶᠢᠨ ᠣᠷᠣᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠦᠨᠳᠦᠰᠦᠨ ᠪᠠᠶᠢᠳᠠᠯ᠂ ᠠᠶᠣᠯᠬᠦᠢ ᠦᠢᠯᠡᠳᠪᠦᠷᠢᠯᠡᠯ ᠤᠨ ᠠᠵᠢᠯ ᠢ ᠦᠷᠨᠢᠬᠦᠯᠦᠭᠰᠡᠨ ᠪᠠᠶᠢᠳᠠᠯ᠂ ᠬᠦᠳᠡᠭᠡ ᠲᠣᠰᠬᠤᠨ ᠢ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠦ ᠪᠠᠶᠢᠭ᠎ᠠ ᠪᠠᠶᠢᠳᠠᠯ ᠵᠡᠷᠭᠡ ᠠᠭᠤᠯᠭ᠎ᠠ ᠶᠢ ᠮᠡᠳᠡᠬᠦᠯᠦᠭᠰᠡᠨ ᠪᠠᠶᠢᠨ᠎ᠠ᠃       ᠮᠡᠳᠡᠬᠦᠯᠦᠯᠳᠡ ᠶᠢ ᠰᠣᠨᠣᠰᠣᠭᠰᠠᠨ ᠤ ᠲᠠᠷᠠᠭ᠎ᠠ᠂ ᠶᠠᠩ ᠸᠧᠨ ᠱᠧᠩ ᠨᠠᠷ ᠡᠮᠦᠨ᠎ᠡ ᠬᠤᠶᠢᠨ᠎ᠠ ᠣᠯᠣᠰ ᠤᠨ ᠴᠠᠬᠢᠯᠭᠠᠨ ᠤ ᠰᠢᠯᠢ ᠶᠢᠨ ᠭᠤᠣᠯ ᠤᠨ ᠨᠡᠬᠦᠷᠡᠰᠦᠨ ᠤ ᠬᠢᠮᠢ ᠶᠢᠨ ᠠᠵᠦ ᠦᠢᠯᠡᠳᠪᠦᠷᠢ ᠶᠢᠨ ᠬᠢᠵᠠᠭᠠᠷᠳᠣ ᠬᠠᠷᠢᠭᠤᠴᠠᠯᠭᠠᠳᠣ ᠺᠣᠮᠫᠠᠨᠢ᠂ ᠪᠠᠶᠠᠬᠤᠰᠢᠭᠤ ᠪᠠᠯᠭᠠᠰᠣᠨ ᠤ ᠴᠦᠨ ᠾᠦᠢ ᠪᠠᠭ᠎ᠠ ᠰᠣᠷᠭᠠᠭᠤᠯᠢ᠂ ᠠᠶᠠᠨᠴᠢᠳ ᠤᠨ ᠮᠠᠰᠢᠨ ᠲᠡᠷᠭᠡᠨ ᠦᠷᠳᠡᠭᠡ᠂ ᠴᠠᠬᠢᠯᠭᠠᠨ ᠬᠦᠴᠦᠨ ᠤ ᠺᠣᠮᠫᠠᠨᠢ ᠳᠤ ᠬᠦᠷᠴᠦ᠂ ᠨᠡᠬᠦᠷᠡᠰᠣᠨ ᠠᠭᠤᠷᠬᠠᠢ ᠶᠢᠨ ᠠᠵᠦ ᠠᠬᠤᠶᠢᠯᠠᠯ ᠪᠣᠯᠣᠨ ᠭᠤᠣᠯᠳᠠᠯᠭ᠎ᠠ ᠲᠠᠢ ᠠᠬᠤᠢ ᠲᠠᠯᠠᠪᠣᠷ ᠤᠨ ᠲᠣᠬᠠᠢ ᠶᠢᠨ ᠲᠠᠯᠠᠪᠠᠢ ᠳᠤ ᠠᠶᠣᠯᠬᠦᠢ ᠦᠢᠯᠡᠳᠪᠦᠷᠢᠯᠡᠯ  ᠤᠨ ᠠᠵᠢᠯ ᠳᠤ ᠰᠣᠳᠣᠯᠣᠯ ᠬᠢᠭᠰᠡᠨ ᠪᠠᠶᠢᠨ᠎ᠠ᠃      ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠣᠯᠳᠠ ᠶᠢᠨ ᠵᠦᠪᠯᠡᠯ ᠤᠨ ᠣᠳᠣᠷᠢᠳᠣᠯᠭ᠎ᠠ ᠨᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠯᠠᠪᠠᠢ ᠪᠠᠯᠭᠠᠰᠣᠨ ᠤ ᠬᠠᠷᠢᠭᠤᠴᠠᠯᠭᠠᠳᠠᠳ ᠰᠣᠳᠣᠯᠣᠯ ᠪᠣᠶᠣ ᠮᠠᠳᠡᠬᠦᠯᠦᠯᠳᠡ ᠶᠢᠨ ᠬᠤᠷᠠᠯ ᠳᠤ  ᠣᠷᠣᠯᠴᠠᠭᠰᠠᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号