ᠬᠠᠮᠢᠶᠠᠷᠣᠯᠳᠠ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ ᠤᠨ ᠨᠠᠮ ᠤᠨ ᠣᠳᠣᠷᠢᠳᠬᠤ ᠲᠣᠭᠤᠶᠢᠯᠠᠩ  ᠤᠨ ᠲᠡᠳ᠋ ᠱᠦᠵᠢ ᠸᠧᠨ ᠪᠣᠣ ᠯᠥᠩ ᠬᠤᠷᠢᠳᠣᠭᠠᠷ ᠬᠤᠭᠤᠴᠭᠠᠠᠨ ᠤ ᠴᠢᠩ ᠬᠠᠢ ᠶᠢᠨ ᠪᠣᠬᠢᠷᠳᠣᠯ ᠦᠬᠡᠢ ᠬᠦᠭᠵᠢᠬᠦᠯᠦᠯᠳᠡ ᠶᠢᠨ ᠪᠡᠯᠡ ᠣᠷᠣᠭᠤᠯᠬᠤ ᠠᠷᠠᠯᠵᠢᠶᠠᠨ ᠤ ᠵᠦᠪᠳᠡᠨ ᠬᠡᠯᠡᠯᠴᠡᠬᠦ ᠬᠤᠷᠠᠯ ᠳᠤ ᠪᠠᠭ ᠲᠠᠭᠠᠭᠤᠯᠣᠨ ᠣᠷᠣᠯᠴᠠᠪᠠ
ᠨᠡᠶᠢᠲᠡᠯᠡᠭᠰᠡᠨ ᠴᠠᠭ᠄
2019/7/10
    2019 ᠣᠨ ᠤ 6 ᠰᠠᠷ᠎ᠠ ᠶᠢᠨ 20 ᠤ ᠡᠳᠣᠷ᠂ ᠬᠤᠷᠢᠳᠣᠭᠠᠷ ᠬᠤᠭᠤᠴᠭᠠᠠᠨ ᠤ ᠲᠣᠮᠳᠠᠳᠣ ᠣᠯᠣᠰ ᠤᠨ ᠴᠢᠩ ᠬᠠᠢ ᠶᠢᠨ ᠪᠣᠬᠢᠷᠳᠣᠯ ᠦᠬᠡᠢ ᠬᠦᠭᠵᠢᠬᠦᠯᠦᠯᠳᠡ ᠶᠢᠨ ᠪᠡᠯᠡ ᠣᠷᠣᠭᠤᠯᠬᠤ ᠠᠷᠠᠯᠵᠢᠶᠠᠨ ᠤ ᠵᠦᠪᠳᠡᠨ ᠬᠡᠯᠡᠯᠴᠡᠬᠦ ᠬᠤᠷᠠᠯ ᠴᠢᠩ ᠬᠠᠢ ᠮᠣᠵᠢ ᠶᠢᠨ ᠰᠢᠨᠢᠩ ᠬᠤᠳᠠᠨ ᠳᠤ ᠶᠠᠪᠣᠭᠳᠠᠪᠠ᠃ ᠬᠠᠮᠢᠶᠠᠷᠣᠯᠳᠠ ᠶᠢᠨ ᠣᠷᠣᠨ ᠤ ᠬᠠᠮᠢᠶᠠᠷᠣᠯᠳᠠ  ᠶᠢᠨ ᠵᠦᠪᠯᠡᠯ ᠤᠨ ᠨᠠᠮ ᠤᠨ ᠣᠳᠣᠷᠢᠳᠬᠤ ᠲᠣᠭᠤᠶᠢᠯᠠᠩ ᠤᠨ ᠲᠡᠳ᠋ ᠱᠦᠵᠢ ᠸᠧᠨ ᠪᠣᠣ ᠯᠥᠩ ᠬᠠᠮᠢᠶᠠᠷᠣᠯᠳᠠ ᠶᠢᠨ ᠣᠷᠣᠨ ᠤ ᠬᠤᠳᠠᠯᠳᠤᠭ᠎ᠠ ᠣᠷᠢᠬᠤ ᠲᠣᠪᠴᠢᠶ᠎ᠠ᠂ ᠬᠡᠰᠡᠭ ᠠᠭᠤᠯᠠ ᠮᠠᠯᠵᠢᠯ ᠤᠨ ᠲᠠᠯᠠᠪᠠᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠲᠠᠭᠠᠭᠤᠯᠣᠨ ᠴᠢᠩ ᠬᠠᠢ ᠶᠢᠨ ᠣᠯᠠᠨ ᠣᠯᠣᠰ ᠤᠨ ᠬᠤᠷᠠᠯ ᠤᠨ ᠦᠵᠡᠬᠦᠯᠬᠡ ᠶᠢᠨ ᠲᠦᠪ ᠲᠤ ᠬᠦᠷᠴᠦ ᠣᠷᠳᠣᠨ ᠢᠶᠠᠷ ᠲᠣᠭᠤᠷᠢᠨ ᠦᠵᠡᠬᠦ ᠬᠦᠳᠡᠯᠬᠡᠬᠡᠨ ᠳᠤ ᠣᠷᠣᠯᠴᠠᠪᠠ᠃     ᠲᠣᠰ ᠣᠳᠠᠭᠠᠨ ᠤ ᠴᠢᠩ ᠬᠠᠢ ᠶᠢᠨ ᠬᠡᠯᠡᠯᠴᠡᠭᠡᠷ ᠤᠨ ᠬᠤᠷᠠᠯ ︽ᠨᠡᠬᠡᠬᠡᠯᠳᠡ ᠲᠠᠢ ᠬᠠᠮᠳᠣᠷᠠᠨ ᠠᠵᠢᠯᠯᠠᠵᠦ ᠪᠣᠬᠢᠷᠳᠣᠯ ᠦᠬᠡᠢ ᠬᠦᠭᠵᠢᠬᠦᠯᠬᠦ︾ ᠪᠠᠷ ᠭᠤᠣᠯ ᠰᠡᠳᠣᠪ ᠪᠣᠯᠭᠠᠵᠦ᠂ ᠠᠮᠢ ᠠᠬᠤᠢ ᠶᠢᠨ ᠪᠦᠳᠦᠬᠡᠨ ᠪᠠᠶᠢᠭᠤᠯᠣᠯᠳᠠ᠂ ᠠᠵᠦ ᠠᠬᠤᠢ ᠶᠢᠨ ᠬᠦᠭᠵᠢᠯᠳᠡ᠂ ᠪᠡᠯᠡ ᠣᠷᠣᠭᠤᠯᠣᠨ ᠬᠠᠮᠳᠣᠷᠠᠨ ᠠᠵᠢᠯᠯᠠᠬᠤ᠂ ᠣᠨᠴᠠᠯᠢᠭᠳᠣ ᠠᠷᠠᠯᠵᠢᠶ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠴᠡᠪᠡᠷ ᠡᠨᠧᠷᠬᠢ ᠬᠠᠵᠠᠭᠤ ᠳᠤ ᠪᠣᠢ᠂ ᠭᠤᠣᠯ ᠰᠡᠳᠣᠪᠳᠣ ᠶᠠᠷᠢᠯᠴᠠᠭ᠎ᠠ᠂ ᠲᠣᠰᠬᠠᠢ ᠰᠡᠳᠣᠪᠳᠣ ᠪᠡᠯᠡ ᠣᠷᠣᠭᠤᠯᠣᠯᠳᠠ ᠶᠢ ᠠᠬᠢᠭᠤᠯᠬᠤ ᠬᠦᠳᠡᠯᠬᠡᠬᠡᠨ᠂ ᠦᠵᠡᠬᠦᠯᠬᠡ ᠦᠵᠡᠬᠦᠯᠬᠦ᠂ ᠵᠢᠷᠭᠤᠳᠣᠭᠠᠷ ᠬᠤᠭᠤᠴᠠᠭᠠᠨ ᠤ ᠴᠢᠩ ᠬᠠᠢ ᠨᠠᠭᠤᠷ ᠢ ᠲᠣᠭᠤᠷᠢᠬᠤ ︵ᠣᠯᠠᠨ ᠣᠯᠣᠰ ᠤᠨ︶ ᠴᠠᠬᠢᠯᠭᠠᠨ ᠬᠦᠳᠡᠯᠬᠡᠬᠦᠷᠳᠣ ᠲᠠᠷᠬᠡᠨ  ᠤ ᠦᠷᠢᠰᠦᠯᠳᠦᠬᠦ ᠣᠷᠣᠯᠳᠣᠭᠠᠨ ᠵᠡᠷᠭᠡ 7 ᠶᠡᠭᠡ ᠲᠦᠷᠦᠯ ᠤᠨ 50 ᠭᠠᠷᠣᠢ ᠵᠦᠢᠯ ᠤᠨ ᠬᠦᠳᠡᠯᠬᠡᠬᠡᠨ ᠢ ᠵᠣᠬᠢᠶᠠᠨ ᠪᠠᠶᠢᠭᠤᠯᠵᠦ᠂ ᠣᠯᠣᠰ ᠤᠨ ᠲᠣᠳᠣᠭᠠᠳᠣ ᠭᠠᠳᠠᠭᠠᠳᠣ ᠶᠢᠨ ᠵᠣᠴᠢᠳ ᠢ ᠣᠷᠢᠨ ᠵᠠᠯᠠᠵᠦ ᠣᠷᠣᠯᠴᠠᠭᠤᠯᠣᠨ ᠬᠠᠮᠳᠣᠷᠠᠨ ᠠᠵᠢᠯᠯᠠᠵᠦ ᠬᠠᠮᠳᠣ ᠪᠠᠷ ᠠᠰᠢᠭ ᠬᠦᠷᠳᠡᠪᠡ᠃     ᠦᠵᠡᠬᠦᠯᠬᠡ ᠶᠢᠨ ᠲᠢᠩᠬᠢᠮ ᠳᠤ᠂ ᠴᠢᠩ ᠬᠠᠢ ᠶᠢᠨ ᠬᠠᠮ ᠣᠷᠳᠣᠨ᠂ ᠲᠠᠪᠣᠰᠣᠨ ᠨᠠᠭᠤᠷ ᠤᠨ ᠡᠬᠢ ᠪᠠᠶᠠᠯᠢᠭ  ᠢ ᠶᠡᠷᠦᠩᠬᠡᠶᠢᠯᠡᠨ ᠨᠡᠬᠡᠬᠡᠵᠦ ᠠᠰᠢᠭᠯᠠᠬᠤ ᠣᠷᠳᠣᠨ᠂ ᠴᠡᠪᠡᠷ ᠡᠨᠧᠷᠬᠢ ᠶᠢ ᠬᠦᠭᠵᠢᠬᠦᠯᠬᠦ ᠣᠷᠳᠣᠨ᠂ ᠣᠨᠴᠠᠯᠢᠭᠳᠣ ᠲᠠᠷᠢᠶᠠᠯᠠᠩ ᠢ ᠬᠦᠭᠵᠢᠬᠦᠯᠬᠦ ᠣᠷᠳᠣᠨ ᠵᠡᠷᠭᠡ 10 ᠣᠷᠳᠣᠨ ᠦᠪᠡᠷ ᠦᠪᠡᠷ ᠤᠨ ᠣᠨᠴᠠᠯᠢᠭ ᠢᠶᠠᠨ ᠢᠯᠡᠷᠡᠬᠦᠯᠪᠡ᠃ ᠡᠬᠦᠨ ᠳᠤ ᠠᠩᠬ᠎ᠠ ᠣᠳᠠᠭ᠎ᠠ ᠦᠵᠡᠬᠦᠯᠬᠡ ᠳᠤ ᠣᠷᠣᠯᠴᠠᠭᠰᠠᠨ ᠲᠣᠭᠠᠴᠢᠯᠠᠭᠰᠠᠨ ᠠᠵᠦ ᠠᠬᠤᠢ ᠶᠢᠨ ᠣᠷᠳᠣᠨ ᠨᠢᠬᠡᠨ ᠲᠣᠪᠣᠶᠢᠮ᠎ᠠ ᠵᠦᠢᠯᠡᠰ ᠪᠣᠯᠣᠭᠰᠠᠨ ᠪᠠᠶᠢᠨ᠎ᠠ᠃     ᠸᠧᠨ ᠪᠣᠣ ᠯᠥᠩ ᠡᠯ᠎ᠡ ᠦᠵᠡᠬᠦᠯᠬᠡ ᠶᠢᠨ ᠲᠢᠩᠬᠢᠮ ᠢ ᠨᠢᠬᠡ ᠨᠢᠬᠡ ᠪᠠᠷ ᠨᠠᠷᠢᠯᠢᠭ ᠦᠵᠡᠵᠦ᠂ ᠠᠵᠢᠯᠳᠠᠨ ᠤ ᠲᠠᠶᠢᠯᠪᠣᠷᠢᠯᠠᠯ ᠢ ᠬᠢᠨᠠᠮᠠᠭᠠᠢ ᠰᠣᠨᠣᠰᠣᠨ᠂ ᠣᠷᠣᠯᠴᠠᠭᠰᠠᠨ ᠠᠵᠦ ᠠᠬᠤᠶᠢᠯᠠᠯ ᠯᠤᠭ᠎ᠠ ᠶᠠᠷᠢᠯᠴᠠᠨ ᠰᠠᠨᠠᠯ ᠢᠶᠠᠨ ᠰᠣᠯᠢᠯᠴᠠᠪᠠ᠃ ᠴᠢᠩ ᠬᠠᠢ ᠶᠢᠨ ᠬᠠᠮ ᠣᠷᠳᠣᠨ᠂ ᠴᠡᠪᠡᠷ ᠡᠨᠧᠷᠬᠢ ᠶᠢ ᠬᠦᠭᠵᠢᠬᠦᠯᠬᠦ ᠣᠷᠳᠣᠨ᠂ ᠣᠨᠴᠠᠯᠢᠭᠳᠣ ᠲᠠᠷᠢᠶᠠᠯᠠᠩ ᠢ ᠬᠦᠭᠵᠢᠬᠦᠯᠬᠦ ᠣᠷᠳᠣᠨ ᠲᠣᠳᠣᠷ᠎ᠠ ᠴᠢᠩ ᠬᠠᠢ ᠮᠣᠵᠢ ᠶᠢᠨ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠰᠢᠨ᠎ᠡ ᠲᠧᠭᠨᠢᠭ ᠮᠡᠷᠬᠡᠵᠢᠯ ᠵᠡᠷᠭᠡ ᠬᠦᠷᠢᠶ᠎ᠡ ᠬᠡᠪᠴᠢᠶᠡᠨ ᠤ ᠰᠢᠨ᠎ᠡ ᠦᠷ᠎ᠡ ᠪᠦᠳᠦᠬᠡᠯ ᠢ ᠲᠦᠪᠯᠡᠷᠡᠬᠦᠯᠦᠨ ᠦᠵᠡᠬᠦᠯᠵᠦ ᠂ ᠠᠭᠤᠯᠭ᠎ᠠ ᠡᠯᠪᠡᠭ᠂ ᠦᠵᠡᠮᠦᠷᠢ ᠣᠯᠠᠨ᠂ ᠲᠣᠪᠣᠶᠢᠮ᠎ᠠ ᠣᠨᠴᠠᠯᠢᠭ ᠢᠯᠡᠷᠡᠬᠡᠢ ᠪᠠᠶᠢᠪᠠ᠃ ᠭᠤᠣᠯ ᠰᠡᠳᠣᠪᠳᠣ ᠬᠤᠳᠠ ᠶᠢᠨ ᠣᠷᠳᠣᠨ᠂ ᠭᠠᠵᠠᠷ ᠣᠷᠣᠨ ᠤ ᠬᠦᠭᠵᠢᠯᠳᠡ ᠶᠢᠨ ᠣᠷᠳᠣᠨ ᠲᠣᠳᠣᠷᠠᠬᠢ ᠬᠦᠯᠦᠬᠡ᠂ ᠬᠠᠢ ᠪᠧᠢ᠂ ᠢᠦᠢ ᠱᠦ᠂ ᠬᠤᠸᠠᠩ ᠨᠠᠨ᠂ ᠬᠠᠶᠢᠨᠠᠨ᠂ ᠬᠠᠢ ᠳ᠋ᠥᠩ᠂ ᠬᠠᠢ ᠰᠢ ᠵᠡᠷᠭᠡ ᠭᠠᠵᠠᠷ ᠣᠷᠣᠨ ᠤ ᠦᠵᠡᠬᠦᠯᠬᠡ ᠶᠢᠨ ᠲᠢᠩᠬᠢᠮ᠂ ᠴᠢᠩ ᠬᠠᠢ ᠶᠢᠨ ᠰᠢᠨ᠎ᠡ ᠬᠦᠭᠵᠢᠯᠳᠡ ᠶᠢᠨ ᠣᠶᠢᠯᠠᠭᠠᠯᠳᠠ ᠶᠢ ᠰᠠᠭᠤᠷᠢᠯᠢᠭ ᠪᠣᠢ ᠪᠣᠯᠭᠠᠵᠦ᠂ ᠠᠮᠢ ᠠᠬᠤᠢ  ᠶᠢᠨ ᠬᠠᠮᠠᠭᠠᠯᠠᠯᠳᠠ ᠶᠢ ᠣᠷᠢᠳᠠᠪᠠᠷ ᠪᠣᠳᠣᠯᠬᠢᠯᠠᠬᠤ᠂ ︽ᠲᠠᠪᠤ ᠲᠦᠷᠪᠡ︾ ᠶᠢᠨ ᠪᠠᠶᠢᠯᠳᠣᠬᠤ ᠪᠣᠳᠣᠯᠭ᠎ᠠ ᠶᠢ ᠢᠳᠡᠪᠬᠢᠳᠡᠢ ᠨᠠᠶᠢᠳᠠᠪᠣᠷᠢᠵᠢᠭᠤᠯᠣᠭᠰᠠᠨ᠂ ᠮᠡᠳᠡᠭᠡ ᠵᠠᠩᠬᠢᠴᠢᠯᠠᠯᠳᠠ᠂ ᠠᠵᠦ ᠦᠢᠯᠡᠳᠪᠦᠷᠢᠵᠢᠯᠳᠡ᠂ ᠬᠤᠳᠠᠴᠢᠯᠠᠯᠳᠠ᠂ ᠲᠠᠷᠢᠶᠠᠯᠠᠩ ᠤᠨ ᠣᠳᠣᠬᠢᠴᠢᠯᠠᠯᠳᠠ ᠶᠢᠨ ᠪᠦᠳᠦᠬᠡᠨ ᠪᠠᠶᠢᠭᠤᠯᠣᠯᠳᠠ᠂ ᠶᠡᠭᠡ ᠬᠦᠴᠦ ᠪᠠᠷ ᠠᠬᠢᠭᠤᠯᠣᠭᠰᠠᠨ ᠪᠣᠬᠢᠷᠳᠣᠯ ᠦᠬᠡᠢ ᠬᠦᠭᠵᠢᠯᠳᠡ᠂ ᠰᠢᠨ᠎ᠡ ᠡᠬᠦᠳᠦᠯᠳᠡ ᠶᠢᠨ ᠬᠦᠭᠵᠢᠯᠳᠡ ᠶᠢᠨ ᠦᠷ᠎ᠡ ᠳ᠋ᠥᠩ ᠢ ᠲᠦᠪᠯᠡᠷᠡᠩᠬᠦᠢ ᠢᠯᠡᠷᠡᠬᠦᠯᠪᠡ᠃ ᠸᠧᠨ ᠪᠣᠣ ᠯᠥᠩ ᠴᠠᠬᠢᠮ ᠬᠤᠳᠠᠯᠳᠣᠭᠠᠨ ᠤ ᠶᠠᠪᠣᠳᠠᠯ ᠪᠣᠯᠣᠨ ᠣᠶᠣᠨᠴᠢ ᠬᠤᠳᠠ ᠶᠢᠨ ᠪᠦᠳᠦᠬᠡᠨ ᠪᠠᠶᠢᠭᠤᠯᠣᠯᠳᠠ᠂ ᠦᠨᠳᠦᠷᠯᠢᠭ ᠤᠨ ᠣᠨᠴᠠᠯᠢᠭᠳᠣ ᠠᠮᠢᠳᠣ ᠪᠣᠳᠠᠰ ᠤᠨ ᠦᠢᠯᠡᠰ ᠤᠨ ᠬᠦᠭᠵᠢᠯᠳᠡ᠂ ᠣᠳᠣᠬᠢᠴᠢᠯᠠᠭᠰᠠᠨ ᠲᠠᠷᠢᠶᠠᠯᠠᠩ  ᠤᠨ ᠬᠦᠭᠵᠢᠯᠳᠡ᠂ ᠲᠣᠮᠣ ᠦᠭᠬᠦᠭᠳᠡᠯ ᠤᠨ ᠵᠠᠳᠠᠯᠣᠯᠳᠠ ᠵᠡᠷᠬᠡ ᠪᠠᠶᠢᠳᠠᠯ ᠢ ᠨᠠᠷᠢᠨ ᠠᠵᠢᠭᠯᠠᠨ ᠣᠶᠢᠯᠠᠭᠠᠪᠠ᠃ ᠲᠦᠪ  ᠤᠨ ᠠᠵᠦ ᠠᠬᠤᠶᠢᠯᠠᠯ᠂ ᠪᠣᠰᠣᠳ ᠮᠣᠵᠢ ᠶᠢᠨ ᠬᠤᠪᠢ ᠶᠢᠨ ᠠᠵᠦ ᠠᠬᠤᠶᠢᠯᠠᠯ ᠵᠢᠴᠢ ᠴᠢᠩ ᠬᠠᠢ ᠶᠢᠨ ᠭᠤᠣᠯᠳᠠᠯᠭᠠᠳᠣ ᠠᠵᠦ ᠠᠬᠤᠶᠢᠯᠠᠯ ᠤᠨ ᠦᠵᠡᠬᠦᠯᠬᠡ ᠶᠢᠨ ᠲᠠᠪᠴᠠᠩ ᠢ ᠲᠣᠭᠤᠷᠢᠨ ᠦᠵᠡᠭᠰᠡᠨ ᠤ ᠲᠠᠷᠠᠭ᠎ᠠ᠂ ᠸᠧᠨ ᠪᠣᠣ ᠯᠥᠩ ᠵᠢᠭᠠᠭᠰᠠᠨ ᠨᠢ᠂ ᠴᠢᠩ ᠬᠠᠢ ᠡᠬᠢ ᠪᠠᠶᠠᠯᠢᠭ ᠤᠨ ᠲᠠᠪᠠᠭᠤᠯᠢᠭ ᠪᠠ ᠣᠨᠴᠠᠯᠢᠭᠳᠣ ᠠᠵᠦ ᠦᠢᠯᠡᠰ ᠤᠨ ᠲᠠᠪᠠᠭᠤᠯᠢᠭ ᠢᠶᠠᠨ ᠬᠦᠢᠴᠡᠳ ᠠᠰᠢᠭᠯᠠᠵᠦ᠂ ᠣᠯᠠᠮᠵᠢᠯᠠᠯᠳᠣ ᠠᠵᠦ ᠦᠢᠯᠠᠰ ᠪᠡ ᠰᠢᠨ᠎ᠡ ᠪᠠᠷ ᠮᠠᠨᠳᠣᠭᠰᠠᠨ ᠠᠵᠦ ᠦᠢᠯᠡᠰ ᠤᠨ ᠬᠦᠭᠵᠢᠯᠳᠡ ᠶᠢ ᠪᠡᠶᠡᠯᠡᠬᠦᠯᠵᠦ᠂ ᠨᠣᠬᠠᠢ ᠶᠢᠨ ᠬᠤᠰᠢᠭᠤ ᠪᠠᠷ ᠠᠷᠢᠬᠢ ᠨᠡᠷᠡᠬᠦ᠂ ᠨᠣᠬᠠᠢ ᠶᠢᠨ ᠬᠤᠰᠢᠭᠤ  ᠶᠢᠨ ᠪᠣᠳᠠᠭ᠎ᠠ᠂ ᠭᠤᠯᠢᠷ᠂ ᠰᠣᠯᠠ ᠢᠳᠡᠬᠡᠨ ᠵᠡᠷᠭᠡ ᠠᠷᠪᠠᠨ ᠬᠡᠳᠦᠨ ᠵᠦᠢᠯ ᠤᠨ ᠪᠦᠳᠦᠬᠡᠭᠳᠡᠬᠦᠨ ᠭᠠᠷᠭᠠᠵᠦ᠂ ᠣᠷᠭᠤᠮᠠᠯ ᠤᠨ ᠦᠷ᠎ᠡ ᠶᠢᠨ ᠲᠣᠰᠣ ᠶᠢ ᠵᠢᠷᠭᠤᠭ᠎ᠠ ᠲᠣᠯᠣᠭᠠᠨ ᠵᠦᠢᠯ ᠤᠨ ᠲᠡᠰ ᠤᠨ ᠲᠣᠰᠣ ᠪᠣᠯᠭᠠᠨ ᠦᠢᠯᠡᠳᠪᠦᠷᠢᠯᠡᠵᠦ᠂ ᠰᠠᠷᠯᠤᠭ ᠤᠨ ᠮᠢᠬ᠎ᠠ ᠶᠢ ᠡᠯ᠎ᠡ ᠵᠦᠢᠯ ᠤᠨ ᠦᠨᠦᠷ ᠠᠮᠳᠠ ᠲᠠᠢ ᠪᠣᠷᠴᠠ ᠪᠣᠯᠭᠠᠨ ᠦᠢᠯᠡᠳᠪᠦᠷᠢᠯᠡᠵᠦ᠂ ᠨᠣᠬᠠᠢ ᠶᠢᠨ ᠬᠤᠰᠢᠭᠤ᠂ ᠰᠠᠷᠯᠤᠭ ᠵᠡᠷᠭᠡ ᠣᠨᠴᠠᠯᠢᠭᠳᠣ ᠠᠵᠦ ᠦᠢᠯᠡᠰ ᠤᠨ ᠬᠡᠨᠵᠢᠨ ᠲᠡᠭᠡᠷ᠎ᠡ ᠬᠦᠴᠦ ᠵᠠᠷᠣᠴᠠᠭᠤᠯᠣᠨ᠂ ᠣᠯᠠᠮᠵᠢᠯᠠᠯᠳᠣ ᠠᠵᠦ ᠦᠢᠯᠡᠰ ᠤᠨ ᠬᠡᠪ ᠰᠢᠯᠵᠢᠬᠦ ᠵᠡᠷᠭᠡ ᠲᠡᠪᠰᠢᠬᠦ ᠶᠢ ᠲᠦᠯᠬᠢᠨ ᠠᠬᠢᠭᠤᠯᠵᠦ᠂ ᠭᠠᠵᠠᠷ ᠣᠷᠣᠨ ᠤ ᠠᠵᠦ ᠠᠬᠤᠢ ᠶᠢ ᠴᠢᠨᠠᠷ ᠰᠠᠶᠢᠳᠠᠢ ᠬᠦᠭᠵᠢᠬᠦᠯᠦᠭᠰᠡᠨ ᠲᠣᠷᠰᠢᠯᠭ᠎ᠠ ᠠᠷᠭ᠎ᠠ ᠬᠡᠮᠵᠢᠶ᠎ᠡ ᠶᠢ ᠨᠢ ᠬᠠᠮᠢᠶᠠᠷᠣᠯᠳᠠ ᠶᠢᠨ ᠣᠷᠣᠨ ᠪᠠ ᠮᠠᠨ ᠤ ᠭᠠᠵᠠᠷ ᠣᠷᠣᠨ ᠤ ᠠᠵᠦ ᠠᠬᠤᠶᠢᠯᠠᠯ ᠰᠣᠷᠣᠯᠴᠠᠨ ᠲᠣᠯᠢ ᠪᠣᠯᠭᠠᠭᠤᠰᠢᠳᠠᠢ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号