ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠷᠧᠨ ᠰᠢ ᠵᠢᠶᠦ᠋ᠨ ᠣᠯᠠᠭᠠᠢ ᠶᠢᠨ ᠵᠠᠬ᠎ᠠ ᠲᠡᠯᠭᠡᠬᠦᠷ  ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠶᠢᠨ ᠫᠠᠶᠢᠰᠠ ᠢᠯᠡᠷᠬᠡᠶᠢᠯᠡᠯ ᠰᠡᠬᠦᠬᠦ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2019/7/11
   7 ᠰᠠᠷ᠎ᠠ ᠶᠢᠨ 9 ᠤ ᠡᠳᠣᠷ᠂ ᠣᠯᠠᠭᠠᠢ ᠶᠢᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠫᠠᠶᠢᠰᠠ ᠢᠯᠡᠷᠬᠡᠶᠢᠯᠡᠯ ᠰᠡᠬᠦᠬᠦ ᠶᠣᠰᠣᠯᠠᠯ ᠶᠠᠪᠣᠭᠳᠠᠭᠤᠯᠪᠠ᠃ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠷᠧᠨ ᠰᠢ ᠵᠢᠶᠦ᠋ᠨ ᠶᠣᠰᠣᠯᠠᠯ ᠳᠤ ᠰᠠᠭᠠᠳᠠᠵᠦ᠂ ᠣᠯᠠᠭᠠᠢ ᠶᠢᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠶᠢᠨ ᠨᠠᠮ ᠤᠨ ᠲᠣᠭᠤᠶᠢᠯᠠᠩ ᠤᠨ ᠱᠦᠵᠢ ᠯᠦ ᠢ ᠸᠧᠢ ᠯᠤᠭ᠎ᠠ ᠬᠠᠮᠳᠣ ᠫᠠᠶᠢᠰᠠ ᠢᠯᠡᠷᠬᠡᠶᠢᠯᠡᠯ ᠢ ᠰᠡᠬᠦᠪᠡ᠃ ᠣᠯᠠᠭᠠᠢ ᠶᠢᠨ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠶᠢᠨ ᠪᠦᠬᠦ ᠠᠵᠢᠯᠳᠠᠨ ᠶᠣᠰᠣᠯᠠᠯ ᠳᠤ ᠣᠷᠣᠯᠴᠠᠭᠰᠠᠨ ᠪᠠᠶᠢᠨ᠎ᠠ᠃     ︽ᠣᠯᠠᠭᠠᠢ ᠬᠠᠮᠢᠶᠠᠷᠣᠯᠳᠠ ᠶᠢᠨ ᠣᠷᠣᠨ ᠤ ᠪᠠᠶᠢᠭᠤᠯᠭ᠎ᠠ ᠶᠢᠨ ᠲᠣᠬᠢᠷᠠᠭᠤᠯᠣᠯᠳᠠ ᠶᠢ ᠬᠡᠷᠡᠭᠵᠢᠬᠦᠯᠬᠦ ᠲᠦᠰᠦᠪ ︾ ᠢ ᠦᠨᠳᠦᠰᠦᠯᠡᠵᠦ᠂ ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠪᠠ ᠦᠢᠯᠡᠳᠪᠦᠷᠢ ᠬᠤᠳᠠᠯᠳᠤᠭ᠎ᠠ ᠴᠢᠨᠠᠷ ᠮᠡᠷᠬᠡᠵᠢᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠶᠢᠨ ᠲᠣᠰᠢᠶᠠᠯ ᠬᠠᠷᠢᠭᠤᠴᠠᠯᠭ᠎ᠠ ᠪᠠ ᠬᠠᠮᠢᠶᠠᠷᠣᠯᠳᠠ  ᠶᠢᠨ ᠣᠷᠣᠨ ᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠲᠣᠪᠴᠢᠶ᠎ᠠ᠂ ᠬᠠᠮᠢᠶᠠᠷᠣᠯᠳᠠ ᠶᠢᠨ ᠣᠷᠣᠨ ᠤ ᠲᠠᠷᠢᠶᠠᠯᠠᠩ ᠮᠠᠯᠵᠢᠯ ᠣᠢ ᠶᠢᠨ ᠦᠢᠯᠡᠰ ᠰᠢᠨᠵᠢᠯᠡᠬᠦ ᠮᠡᠷᠬᠡᠵᠢᠯ ᠤᠨ ᠲᠣᠪᠴᠢᠶ᠎ᠠ ᠵᠡᠷᠭᠡ ᠶᠢᠨ ᠬᠡᠰᠡᠭ ᠲᠣᠰᠢᠶᠠᠯ ᠬᠠᠷᠢᠭᠤᠴᠠᠯᠭ᠎ᠠ ᠶᠢ ᠨᠢᠬᠡᠳᠬᠡᠵᠦ᠂ ᠬᠠᠮᠢᠶᠠᠷᠣᠯᠳᠠ ᠶᠢᠨ ᠣᠷᠣᠨ ᠤ ᠢᠳᠡᠬᠡᠨ ᠤ ᠠᠮᠣᠷ ᠲᠦᠪᠰᠢᠨ ᠤ ᠵᠦᠪᠯᠡᠯ ᠤᠨ ᠪᠣᠳᠠᠳᠠᠢ ᠠᠵᠢᠯ ᠢ ᠬᠠᠷᠢᠭᠤᠴᠠᠵᠦ᠂ ᠣᠯᠠᠭᠠᠢ ᠬᠠᠮᠢᠶᠠᠷᠣᠯᠳᠠ ᠶᠢᠨ ᠣᠷᠣᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠵᠦ᠂ ᠣᠯᠠᠭᠠᠢ ᠬᠠᠮᠢᠶᠠᠷᠣᠯᠳᠠ ᠶᠢᠨ ᠣᠷᠣᠨ ᠤ ᠮᠡᠳᠡᠯᠬᠡ ᠶᠢᠨ ᠦᠮᠴᠢᠯᠠᠯ ᠤᠨ ᠡᠷᠬᠡ ᠶᠢᠨ ᠲᠣᠪᠴᠢᠶ᠎ᠠ ᠶᠢᠨ ᠫᠠᠶᠢᠰᠠ ᠢᠯᠡᠷᠬᠡᠶᠢᠯᠡᠯ ᠢ ᠨᠠᠮᠠᠵᠦ ᠡᠯᠬᠦᠪᠡ᠃     ᠭᠤᠣᠯᠳᠠᠭᠤ ᠵᠠᠬ᠎ᠠ ᠲᠡᠯᠬᠡᠬᠦᠷ ᠤᠨ ᠭᠤᠣᠯ ᠴᠣᠭᠴᠠ ᠶᠢ ᠪᠦᠷᠢᠳᠬᠡᠨ ᠲᠠᠩᠰᠠᠯᠠᠬᠤ᠂ ᠵᠠᠬ᠎ᠠ ᠲᠡᠯᠬᠡᠭᠦᠷ ᠤᠨ ᠡᠮᠬᠢ ᠲᠢᠭᠯᠢᠮ ᠢ ᠬᠢᠨᠠᠨ ᠬᠠᠮᠢᠶᠠᠷᠬᠤ᠂ ᠪᠦᠳᠦᠬᠡᠭᠳᠡᠬᠦᠨ ᠤ ᠴᠢᠨᠠᠷ ᠤᠨ ᠠᠮᠣᠷ ᠲᠦᠪᠰᠢᠨ᠂ ᠣᠨᠴᠠᠭᠠᠢ ᠬᠡᠯᠪᠡᠷᠢ ᠶᠢᠨ ᠲᠦᠬᠦᠬᠡᠷᠦᠮᠵᠢ ᠶᠢᠨ ᠠᠮᠣᠷ ᠲᠦᠪᠰᠢᠨ ᠪᠠ ᠢᠳᠡᠬᠡᠨ ᠤ ᠠᠮᠣᠷ ᠲᠦᠪᠰᠢᠨ ᠢ ᠬᠢᠨᠠᠨ ᠬᠠᠮᠢᠶᠠᠷᠬᠤ᠂ ᠬᠡᠮᠵᠢᠬᠦᠷ᠂ ᠪᠠᠷᠢᠮᠵᠢᠶᠠᠵᠢᠭᠤᠯᠬᠤ᠂ ᠰᠢᠯᠭᠠᠨ ᠪᠠᠶᠢᠴᠠᠭᠠᠬᠤ ᠠᠵᠢᠯ ᠢ ᠨᠢᠬᠡᠳᠦᠯᠳᠡᠢ ᠬᠠᠮᠢᠶᠠᠷᠬᠤ ᠶᠢᠨ ᠬᠠᠮᠳᠣ ᠬᠠᠮᠢᠶᠠᠷᠣᠯᠳᠠ ᠶᠢᠨ ᠣᠷᠣᠨ ᠤ ᠮᠡᠳᠡᠯᠬᠡ ᠶᠢᠨ ᠦᠮᠴᠢᠯᠠᠯ ᠤᠨ ᠡᠷᠬᠡ ᠶᠢᠨ ᠲᠣᠪᠴᠢᠶ᠎ᠠ ᠶᠢ ᠬᠠᠷᠢᠭᠤᠴᠠᠨ᠎ᠠ᠃ ᠪᠠᠶᠢᠭᠤᠯᠭ᠎ᠠ ᠶᠢ ᠨᠢᠬᠡᠳᠬᠡᠭᠰᠡᠨ ᠤ ᠲᠠᠷᠠᠭ᠎ᠠ᠂ ᠢᠳᠡᠬᠡᠨ ᠡᠮ ᠤᠨ ᠠᠮᠣᠷ ᠲᠦᠪᠰᠢᠨ ᠤ ᠪᠠᠳᠣᠯᠠᠭ᠎ᠠ᠂ ᠴᠢᠨᠠᠷ ᠤᠨ ᠲᠡᠭᠡᠭᠰᠢᠯᠡᠯᠳᠡ᠂ ᠵᠠᠰᠠᠭ ᠢ ᠴᠣᠮᠬᠠᠳᠬᠠᠵᠦ ᠡᠷᠬᠡ ᠶᠢ ᠲᠣᠷᠣᠭᠰᠢ ᠲᠠᠯᠪᠢᠬᠤ᠂ ᠶᠠᠪᠣᠳᠠᠯ ᠤᠨ ᠲᠣᠮᠳᠠ ᠬᠤᠭᠤᠴᠠᠭ᠎ᠠ ᠰᠡᠬᠦᠯᠴᠢ ᠶᠢᠨ ᠬᠤᠭᠤᠴᠠᠭᠠᠨ ᠤ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠦ᠂ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠬᠦ ᠵᠡᠷᠭᠡ ᠲᠠᠯ᠎ᠠ ᠶᠢᠨ ᠡᠬᠦᠷᠬᠡ ᠴᠢᠳᠠᠪᠣᠷᠢ ᠶᠢ ᠬᠤᠪᠢᠷᠭᠠᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号